ᠭᠠᠵᠠᠷ ᠤᠰᠤᠨ —  ᠪᠦᠯᠬᠦᠮ ᠠᠭᠤᠯᠠ
ᠨᠡᠶᠢᠲᠡᠯᠡᠭᠰᠡᠨ ᠴᠠᠭ᠄
2021/7/28
  ᠤᠳᠤᠬᠢ ᠬᠦᠨᠪᠤᠯᠠᠭ ᠰᠤᠮᠤᠨ ᠤ ᠪᠤᠷᠤᠬᠤᠳᠠ ᠭᠠᠴᠠᠭᠠᠨ ᠤ ᠨᠤᠳᠤᠭ ᠲᠤ ᠪᠠᠶᠢᠭ᠎ᠠ ᠠᠭᠤᠯᠠ᠂ ᠤᠤᠯ ᠨᠡᠷ᠎ᠡ ᠨᠢ ᠴᠢᠯᠠᠭᠤᠨ ᠡᠩᠭᠡᠷ ᠭᠡᠳᠡᠭ ᠪᠠᠶᠢᠵᠠᠢ᠃ ᠤᠷᠢᠳᠤ ᠪᠤᠷᠤᠬᠤᠳᠠ ᠶᠢᠨ ᠭᠤᠤᠯ ᠤᠨ ᠵᠡᠬᠦᠨᠳᠡᠬᠢ ᠤᠯᠠᠩᠬᠢ ᠠᠶᠢᠯ ᠨᠢ ᠠᠭᠳᠠᠨ ᠬᠤᠰᠢᠭᠤᠨ ᠤ ᠠᠶᠢᠯ ᠡᠷᠦᠬᠡ ︵ᠲᠠᠶᠢᠹᠤᠰᠧ ᠵᠡᠬᠦᠨ ᠭᠠᠷ ᠰᠦᠷᠦᠭ ᠢ ᠪᠦᠷᠢᠯᠳᠦᠬᠦᠯᠦᠭᠰᠡᠨ ᠬᠦᠪᠡᠭᠡᠳᠦ ᠰᠢᠷ᠎ᠠ᠂ ᠬᠦᠯᠦ ᠴᠠᠭᠠᠨ᠂ ᠬᠦᠪᠡᠭᠡᠳᠦ ᠴᠠᠭᠠᠨ᠂ ᠬᠦᠯᠦ ᠬᠦᠬᠡ ᠵᠡᠷᠭᠡ ᠲᠦᠷᠪᠡᠨ ᠬᠤᠰᠢᠭᠤᠨ ᠤ ᠠᠶᠢᠯ ᠡᠷᠦᠬᠡ ᠎ ᠠᠴᠠ ᠪᠠᠰᠠ ᠨᠢᠬᠡ ᠪᠦᠯᠦᠭ ᠠᠶᠢᠯ ᠡᠷᠦᠬᠡ ᠶᠢ ᠲᠠᠳᠠᠵᠤ ᠲᠤᠰᠬᠠᠶᠢᠯᠠᠨ ᠠᠭᠳᠠ ᠮᠤᠷᠢ ᠮᠠᠯᠵᠢᠭᠤᠯᠳᠠᠭ ᠪᠠᠶᠢᠵᠠᠢ᠂ ᠡᠬᠦᠨ ᠢᠶᠠᠨ ᠠᠭᠳᠠᠨ ᠬᠤᠰᠢᠭᠤ ᠭᠡᠳᠡᠭ︶᠂ ᠭᠤᠤᠯ ᠤᠨ  ᠪᠠᠷᠠᠭᠤᠨ ᠡᠮᠦᠨᠡᠬᠢ ᠠᠶᠢᠯ  ᠎ ᠤᠳ ᠤᠨ ᠶᠡᠬᠡᠩᠬᠢ ᠨᠢ ᠬᠦᠯᠦ ᠬᠦᠬᠡ ᠶᠢᠨ ᠬᠤᠰᠢᠭᠤᠨ ᠠᠴᠠ ᠢᠷᠡᠭᠰᠡᠨ ᠠᠶᠢᠯ ᠤᠳ ᠪᠠᠶᠢᠵᠤ᠂ ᠬᠤᠭᠤᠷᠤᠨᠳᠤ ᠪᠠᠨ ᠲᠡᠮᠡᠢ ᠬᠠᠷᠢᠯᠴᠠᠭ᠎ᠠ ᠶᠠᠪᠤᠯᠴᠠᠭ᠎ᠠ ᠦᠬᠡᠢ  ᠪᠠᠶᠢᠵᠠᠢ᠃ ᠲᠠᠪᠢᠭᠠᠳ ᠤᠨ ᠤ ᠨᠢᠬᠡ ᠨᠠᠮᠤᠷ ᠤᠨ ᠬᠠᠳᠤᠯᠠᠩ ᠢᠶᠠᠷ ᠭᠤᠯᠤᠵᠠᠪ ᠭᠡᠳᠡᠭ ᠬᠦᠮᠦᠨ ᠬᠤᠶᠠᠷ ᠬᠤᠳᠠᠨ ᠤ ᠬᠦᠮᠦᠰ  ᠎ ᠢ ᠲᠠᠶᠢᠴᠢᠯᠠᠨ᠂ ᠡᠨᠡ  ᠠᠭᠤᠯᠠᠨ ᠤ ᠡᠩᠭᠡᠷ ᠲᠤ ᠦᠪᠦᠩ ᠪᠤᠰᠬᠠᠵᠤ  ᠡᠪᠡᠰᠦ ᠬᠠᠳᠤᠵᠤ ᠰᠠᠭᠤᠭᠰᠠᠨ ᠢᠶᠠᠷ ᠬᠤᠶᠠᠷ ᠬᠤᠳᠠᠨ ᠤ ᠬᠦᠮᠦᠰ ᠤᠨ ᠪᠦᠯᠬᠦᠮᠳᠡᠯ ᠢ ᠶᠡᠬᠡᠪᠡᠷ ᠠᠬᠢᠭᠤᠯᠤᠭᠰᠠᠨ ᠪᠠᠶᠢᠨ᠎ᠠ᠃ ᠲᠡᠭᠡᠭᠡᠳ ᠡᠨᠡᠬᠦ ᠶᠠᠪᠤᠳᠠᠯ ᠢ ᠡᠬᠦᠷᠢᠳᠡ ᠲᠤᠷᠠᠰᠬᠠᠬᠤ ᠶᠢᠨ ᠲᠦᠯᠦᠬᠡ  ᠡᠨᠡ ᠠᠭᠤᠯᠠ ᠶᠢ ᠪᠦᠯᠬᠦᠮ  ᠭᠡᠵᠦ ᠨᠡᠷᠡᠯᠡᠭᠰᠡᠨ ᠪᠠᠶᠢᠵᠠᠢ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号