7 ᠰᠠᠷ᠎ᠠ ᠶᠢᠨ 27 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠨᠢ《 ᠬᠠᠶᠢᠷ᠎ᠠ | ᠬᠠᠯᠠᠮᠵᠢ ᠶᠢ ᠴᠡᠪᠡᠷᠯᠡᠭᠴᠢᠳ ᠲᠤ ᠬᠦᠷᠭᠡᠬᠦ 》 ᠠᠵᠢᠯᠯᠠᠭ᠎ᠠ ᠦᠷᠨᠢᠬᠦᠯᠵᠦ᠂ ᠬᠤᠰᠢᠭᠤ ᠨᠠᠮ ᠤᠨ ᠬᠤᠷᠢᠶᠠᠨ ᠤ | ᠳᠡᠳ᠋ ᠱᠦᠵᠢ ᠸᠠᠩ ᠸᠧᠶ ᠬᠤᠩ ᠠᠵᠢᠯᠯᠠᠭ᠎ᠠ ᠳᠤ ᠣᠷᠣᠯᠴᠠᠭᠰᠠᠨ ᠪᠥᠭᠡᠳ ᠲᠡᠳᠡᠨ ᠤ ᠣᠷᠳᠣ ᠬᠤᠭᠤᠴᠠᠭᠠᠨ ᠤ | ᠲᠤᠷᠰᠢ ᠲᠠᠶᠢᠹᠤᠰᠧ ᠬᠤᠰᠢᠭᠤᠨ ᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠳᠤ ᠦᠵᠡᠭᠦᠯᠦᠭᠰᠡᠨ ᠬᠤᠪᠢ | ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠥᠷᠭᠡᠨ | ᠣᠯᠠᠨ ᠴᠡᠪᠡᠷᠯᠡᠭᠡ ᠶᠢᠨ ᠠᠵᠢᠯᠴᠢᠳ ᠰᠢᠷᠭᠠᠭᠤ ᠬᠠᠳᠠᠭᠤᠵᠢᠯᠳᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠬᠠᠯᠠᠭᠤᠨ ᠬᠦᠯᠦᠰᠦ ᠠᠷᠢᠭᠤᠨ ᠬᠥᠳᠡᠯᠮᠦᠷᠢ ᠪᠠᠷ ᠢᠶᠠᠨ ᠴᠡᠪᠡᠷ ᠴᠡᠮᠴᠡᠭᠡᠷ᠂ ᠭᠤᠶᠣ ᠰᠠᠶᠢᠬᠠᠨ ᠬᠤᠲᠠ ᠶᠢᠨ | ᠣᠷᠴᠢᠨ ᠲᠣᠭᠤᠷᠢᠨ ᠢ ᠰᠣᠯᠢᠵᠤ ᠠᠪᠴᠢᠷᠠᠨ᠂ ᠦᠵᠡᠰᠬᠦᠯᠡᠩᠲᠦ ᠰᠠᠶᠢᠬᠠᠨ ᠲᠠᠶᠢᠹᠤᠰᠧ ᠬᠤᠰᠢᠭᠤᠨ ᠤ | ᠪᠠᠶᠢᠭᠤᠯᠤᠯᠳᠠ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ | ᠡᠶᠢᠮᠦᠷᠬᠦ ᠲᠣᠬᠤᠨᠢᠭᠤᠯᠬᠤ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ ᠨᠠᠮ ᠵᠠᠰᠠᠭ ᠤᠨ ᠬᠠᠶᠢᠷ᠎ᠠ ᠬᠠᠯᠠᠮᠵᠢ ᠶᠢ《 | ᠬᠤᠲᠠ ᠶᠢᠨ ᠵᠢᠰᠦ ᠭᠤᠶᠣᠯᠠᠭᠴᠢ 》 ᠨᠠᠷ ᠲᠤ ᠬᠦᠷᠭᠡᠬᠦ ᠶᠢ ᠬᠦᠰᠡᠵᠦ ᠪᠠᠶᠢᠨ᠎ᠠ ᠬᠡᠵᠡᠢ᠃ ᠲᠤᠬᠠᠢ ᠶᠢᠨ ᠲᠠᠯᠠᠪᠠᠢ | ᠳᠤ ᠪᠠᠶᠢᠭᠰᠠᠨ ᠴᠡᠪᠡᠷᠯᠡᠭᠡ ᠶᠢᠨ ᠠᠵᠢᠯᠴᠢᠳ ︽ᠨᠠᠮ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠵᠢᠯ | ᠦᠢᠯᠡᠰ ᠤᠨ ᠢᠶᠠᠨ ᠬᠥᠳᠡᠯᠭᠡᠬᠦ ᠬᠦᠴᠦᠨ ᠪᠣᠯᠭᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠬᠠᠶᠢᠯᠠᠭᠰᠠᠨ | ᠠᠵᠢᠯ ᠢᠶᠠᠨ ᠦᠷᠭᠦᠯᠵᠢᠯᠡᠨ ᠰᠠᠶᠢᠨ ᠬᠢᠨ᠎ᠠ︾ ᠭᠡᠵᠦ ᠢᠯᠡᠳᠬᠡᠵᠡᠭᠡᠪᠡ᠃ ᠣᠶᠢᠷ᠎ᠠ ᠶᠢᠨ ᠵᠢᠯ ᠳᠤ᠂ ᠲᠠᠶᠢᠹᠤᠰᠧ | ᠬᠤᠰᠢᠭᠤᠨ ᠤ ᠬᠤᠲᠠ ᠪᠠᠯᠭᠠᠰᠤᠨ ᠤ ᠦᠩᠬᠡ ᠲᠦᠷᠬᠦ ᠳᠤ ᠯᠤᠲᠤ ᠶᠡᠭᠡ ᠬᠤᠪᠢᠷᠠᠯᠲᠠ ᠭᠠᠷᠴᠤ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢᠯᠡᠳᠲᠡ ᠰᠠᠶᠢᠵᠢᠷᠠᠭᠰᠠᠨ ᠶᠤᠮ᠃ ᠤᠷᠲᠤ ᠬᠤᠭᠤᠴᠠᠭᠠᠨ ᠤ | ᠲᠤᠷᠰᠢ᠂ ᠥᠷᠭᠡᠨ ᠣᠯᠠᠨ ᠴᠡᠪᠡᠷᠯᠡᠭᠡ ᠶᠢᠨ ᠠᠵᠢᠯᠴᠢᠳ ᠬᠦᠴᠢᠷ ᠵᠣᠪᠠᠭᠤᠷᠢ ᠶᠢ ᠬᠦᠯᠢᠴᠡᠨ ᠲᠡᠰᠪᠦᠷᠢᠯᠡᠵᠦ᠂ ᠹᠦ᠋ | ᠶᠢᠨ ᠬᠠᠯᠠᠭᠤᠨ᠂ ᠶᠢᠰᠦ ᠶᠢᠨ ᠬᠦᠢᠲᠡᠨ ᠢ ᠬᠠᠶᠢᠬᠤᠷᠤᠯ ᠦᠬᠡᠢ᠂ ᠰᠢᠷᠭᠠᠭᠤ ᠬᠥᠳᠡᠯᠮᠦᠷᠢ ᠪᠠᠷ ᠢᠶᠠᠨ ᠠᠷᠢᠭᠤᠨ | ᠴᠡᠪᠡᠷ ᠬᠤᠲᠠ ᠶᠢᠨ ᠣᠷᠴᠢᠨ ᠲᠣᠭᠤᠷᠢᠨ ᠢ ᠪᠤᠢ ᠪᠣᠯᠭᠠᠭᠰᠠᠨ ᠪᠥᠭᠡᠳ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠬᠦᠴᠦᠨ ᠪᠣᠯᠵᠤ᠂ | ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠠᠯ᠎ᠠ ᠪᠠᠷ ᠴᠢᠬᠤᠯᠠ ᠬᠤᠪᠢ ᠨᠡᠮᠡᠷᠢ | ᠦᠵᠡᠬᠦᠯᠦᠭᠰᠡᠨ ᠪᠠᠶᠢᠨ᠎ᠠ᠃ |