ᠭᠠᠵᠠᠷ ᠤᠰᠤᠨ —  ᠪᠦᠯᠬᠦᠮ ᠠᠭᠤᠯᠠ
ᠨᠡᠶᠢᠲᠡᠯᠡᠭᠰᠡᠨ ᠴᠠᠭ᠄
2021/7/28
  ᠤᠳᠤᠬᠢ ᠬᠦᠨᠪᠤᠯᠠᠭ ᠰᠤᠮᠤᠨ ᠤ ᠪᠤᠷᠤᠬᠤᠳᠠ ᠭᠠᠴᠠᠭᠠᠨ ᠤ ᠨᠤᠳᠤᠭ ᠲᠤ ᠪᠠᠶᠢᠭ᠎ᠠ ᠠᠭᠤᠯᠠ᠂ ᠤᠤᠯ ᠨᠡᠷ᠎ᠡ ᠨᠢ ᠴᠢᠯᠠᠭᠤᠨ ᠡᠩᠭᠡᠷ ᠭᠡᠳᠡᠭ ᠪᠠᠶᠢᠵᠠᠢ᠃ ᠤᠷᠢᠳᠤ ᠪᠤᠷᠤᠬᠤᠳᠠ ᠶᠢᠨ ᠭᠤᠤᠯ ᠤᠨ ᠵᠡᠬᠦᠨᠳᠡᠬᠢ ᠤᠯᠠᠩᠬᠢ ᠠᠶᠢᠯ ᠨᠢ ᠠᠭᠳᠠᠨ ᠬᠤᠰᠢᠭᠤᠨ ᠤ ᠠᠶᠢᠯ ᠡᠷᠦᠬᠡ ︵ᠲᠠᠶᠢᠹᠤᠰᠧ ᠵᠡᠬᠦᠨ ᠭᠠᠷ ᠰᠦᠷᠦᠭ ᠢ ᠪᠦᠷᠢᠯᠳᠦᠬᠦᠯᠦᠭᠰᠡᠨ ᠬᠦᠪᠡᠭᠡᠳᠦ ᠰᠢᠷ᠎ᠠ᠂ ᠬᠦᠯᠦ ᠴᠠᠭᠠᠨ᠂ ᠬᠦᠪᠡᠭᠡᠳᠦ ᠴᠠᠭᠠᠨ᠂ ᠬᠦᠯᠦ ᠬᠦᠬᠡ ᠵᠡᠷᠭᠡ ᠲᠦᠷᠪᠡᠨ ᠬᠤᠰᠢᠭᠤᠨ ᠤ ᠠᠶᠢᠯ ᠡᠷᠦᠬᠡ  ᠠᠴᠠ ᠪᠠᠰᠠ ᠨᠢᠬᠡ ᠪᠦᠯᠦᠭ ᠠᠶᠢᠯ ᠡᠷᠦᠬᠡ ᠶᠢ ᠲᠠᠳᠠᠵᠤ ᠲᠤᠰᠬᠠᠶᠢᠯᠠᠨ ᠠᠭᠳᠠ ᠮᠤᠷᠢ ᠮᠠᠯᠵᠢᠭᠤᠯᠳᠠᠭ ᠪᠠᠶᠢᠵᠠᠢ᠂ ᠡᠬᠦᠨ ᠢᠶᠠᠨ ᠠᠭᠳᠠᠨ ᠬᠤᠰᠢᠭᠤ ᠭᠡᠳᠡᠭ︶᠂ ᠭᠤᠤᠯ ᠤᠨ  ᠪᠠᠷᠠᠭᠤᠨ ᠡᠮᠦᠨᠡᠬᠢ ᠠᠶᠢᠯ   ᠤᠳ ᠤᠨ ᠶᠡᠬᠡᠩᠬᠢ ᠨᠢ ᠬᠦᠯᠦ ᠬᠦᠬᠡ ᠶᠢᠨ ᠬᠤᠰᠢᠭᠤᠨ ᠠᠴᠠ ᠢᠷᠡᠭᠰᠡᠨ ᠠᠶᠢᠯ ᠤᠳ ᠪᠠᠶᠢᠵᠤ᠂ ᠬᠤᠭᠤᠷᠤᠨᠳᠤ ᠪᠠᠨ ᠲᠡᠮᠡᠢ ᠬᠠᠷᠢᠯᠴᠠᠭ᠎ᠠ ᠶᠠᠪᠤᠯᠴᠠᠭ᠎ᠠ ᠦᠬᠡᠢ  ᠪᠠᠶᠢᠵᠠᠢ᠃ ᠲᠠᠪᠢᠭᠠᠳ ᠤᠨ ᠤ ᠨᠢᠬᠡ ᠨᠠᠮᠤᠷ ᠤᠨ ᠬᠠᠳᠤᠯᠠᠩ ᠢᠶᠠᠷ ᠭᠤᠯᠤᠵᠠᠪ ᠭᠡᠳᠡᠭ ᠬᠦᠮᠦᠨ ᠬᠤᠶᠠᠷ ᠬᠤᠳᠠᠨ ᠤ ᠬᠦᠮᠦᠰ   ᠢ ᠲᠠᠶᠢᠴᠢᠯᠠᠨ᠂ ᠡᠨᠡ  ᠠᠭᠤᠯᠠᠨ ᠤ ᠡᠩᠭᠡᠷ ᠲᠤ ᠦᠪᠦᠩ ᠪᠤᠰᠬᠠᠵᠤ  ᠡᠪᠡᠰᠦ ᠬᠠᠳᠤᠵᠤ ᠰᠠᠭᠤᠭᠰᠠᠨ ᠢᠶᠠᠷ ᠬᠤᠶᠠᠷ ᠬᠤᠳᠠᠨ ᠤ ᠬᠦᠮᠦᠰ ᠤᠨ ᠪᠦᠯᠬᠦᠮᠳᠡᠯ ᠢ ᠶᠡᠬᠡᠪᠡᠷ ᠠᠬᠢᠭᠤᠯᠤᠭᠰᠠᠨ ᠪᠠᠶᠢᠨ᠎ᠠ᠃ ᠲᠡᠭᠡᠭᠡᠳ ᠡᠨᠡᠬᠦ ᠶᠠᠪᠤᠳᠠᠯ ᠢ ᠡᠬᠦᠷᠢᠳᠡ ᠲᠤᠷᠠᠰᠬᠠᠬᠤ ᠶᠢᠨ ᠲᠦᠯᠦᠬᠡ  ᠡᠨᠡ ᠠᠭᠤᠯᠠ ᠶᠢ ᠪᠦᠯᠬᠦᠮ  ᠭᠡᠵᠦ ᠨᠡᠷᠡᠯᠡᠭᠰᠡᠨ ᠪᠠᠶᠢᠵᠠᠢ᠃
 
ᠢᠷᠡᠯᠲᠡ᠄ ︽ᠲᠠᠯ᠎ᠠ ᠨᠤᠳᠤᠭ ᠤᠨ ᠨᠡᠬᠦᠳᠡᠯ ᠰᠤᠶᠤᠯ ᠤᠨ ᠪᠡᠯᠬᠡ ᠲᠡᠮᠳᠡᠭ︾ ᠴᠤᠪᠤᠷᠠᠯ ᠪᠢᠴᠢᠭ — ᠲᠠᠶᠢᠹᠤᠰᠧ ᠬᠤᠰᠢᠭᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号