ᠤᠶᠢᠷ᠎ᠠ ᠶᠢᠨ ᠵᠢᠯ ᠤᠳ ᠢᠶᠠᠷ᠂ ᠸᠢᠴᠠᠲ᠂ ᠰᠦᠯᠵᠢᠶ᠎ᠡ ᠪᠠᠷ ᠲᠠᠮᠵᠢᠨ ᠵᠤᠭᠤᠰ ᠮᠦᠩᠭᠦᠨ ᠤ ᠬᠠᠷᠢᠯᠴᠠᠭ᠎ᠠ | ᠶᠠᠪᠤᠯᠴᠠᠭ᠎ᠠ ᠬᠢᠬᠦ ᠠᠵᠢᠯᠯᠠᠭ᠎ᠠ ᠶᠢᠨ ᠦᠷᠭᠡᠨ ᠬᠦᠭᠵᠢᠯᠳᠡ ᠶᠢ ᠲᠠᠭᠠᠯᠳᠤᠨ᠂ ᠬᠤᠪᠢ ᠬᠦᠮᠦᠨ ᠤ ᠪᠡᠶ᠎ᠡ ᠶᠢᠨ | ᠦᠨᠡᠮᠯᠡᠯ ᠤᠨ ᠨᠤᠮᠧᠷ᠂ ᠪᠠᠩᠬᠢ ᠶᠢᠨ ᠺᠠᠷᠲ ᠶᠢᠨ ᠨᠤᠮᠧᠷ ᠵᠡᠷᠭᠡ ᠦᠨᠳᠦᠰᠦᠨ ᠪᠠᠶᠢᠳᠠᠯ ᠭᠠᠳᠠᠭᠰᠢ ᠵᠠᠳᠠᠷᠠᠵᠦ ᠬᠠᠤᠯᠢ | ᠪᠤᠰᠤ ᠡᠳᠡᠭᠡᠳ ᠲᠤ ᠠᠰᠢᠭᠯᠠᠭᠳᠠᠵᠦ ᠪᠠᠶᠢᠭ᠎ᠠ ᠦᠵᠡᠭᠳᠡᠯ ᠶᠠᠪᠤᠬᠤ ᠲᠤᠰᠤᠮ ᠤᠯᠠᠰᠢᠷᠠᠵᠤ ᠪᠠᠶᠢᠨ᠎ᠠ᠃ ᠲᠤᠤᠷ᠎ᠠ | ᠦᠪᠡᠷ ᠤᠨ ᠦᠨᠳᠦᠰᠦᠨ ᠪᠠᠶᠢᠳᠠᠯ ᠢᠶᠠᠨ ᠭᠠᠳᠠᠭᠰᠢ ᠵᠠᠳᠠᠷᠠᠬᠤ ᠠᠴᠠ ᠰᠡᠷᠭᠡᠶᠢᠯᠡᠬᠦ ᠲᠤᠬᠠᠶᠢᠳᠠᠢ ᠬᠡᠳᠦᠨ ᠠᠷᠭ᠎ᠠ | ᠲᠡᠮ ᠢ ᠲᠠᠨᠢᠯᠴᠠᠭᠤᠯᠤᠶ᠎ᠠ︕ | ᠨᠢᠭᠡ᠂ ᠪᠡᠶ᠎ᠡ ᠶᠢᠨ ᠦᠨᠡᠮᠯᠡᠯ ᠢᠶᠠᠨ ᠪᠢᠳᠡᠬᠡᠢ ᠲᠤᠷᠠᠪᠡᠷ ᠭᠠᠳᠠᠭᠰᠢ ᠵᠢᠭᠡᠯᠡᠭᠦᠯᠦᠭᠡᠷᠡᠢ᠂ ᠦᠪᠡᠷ ᠤᠨ ᠪᠡᠶ᠎ᠡ ᠶᠢᠨ | ᠦᠨᠡᠮᠯᠡᠯ ᠢᠶᠠᠨ ᠪᠤᠰᠤᠳ ᠲᠤ ᠵᠢᠭᠡᠯᠡᠭᠦᠯᠵᠦ ᠦᠭᠬᠦ ᠨᠢ ᠦᠨᠡᠨᠳᠡᠭᠡᠨ ᠬᠠᠤᠯᠢ ᠠᠴᠠ ᠵᠦᠷᠢᠴᠡᠭᠰᠡᠨ ᠠᠵᠢᠯᠯᠠᠭ᠎ᠠ | ᠪᠤᠯᠤᠨ᠎ᠠ᠃ | ᠬᠤᠶᠠᠷ᠂ ᠤᠳᠤᠬᠠᠨ ᠳᠤ ᠡᠯ᠎ᠡ ᠲᠦᠷᠦᠯ ᠤᠨ ᠭᠠᠷ ᠭᠦᠢᠴᠡᠳᠭᠡᠯ ᠬᠢᠬᠦ ᠳᠤ ᠪᠦᠷ ᠪᠡᠶ᠎ᠡ ᠶᠢᠨ ᠦᠨᠡᠮᠯᠡᠯ ᠤᠨ | ᠬᠠᠭᠤᠯᠪᠦᠷᠢ ᠬᠠᠭᠤᠳᠠᠰᠦ ᠬᠡᠷᠡᠭᠯᠡᠳᠡᠭ᠃ ᠡᠶᠢᠮᠦ ᠠᠴᠠ ᠶᠠᠮᠠᠷ ᠨᠢᠭᠡᠨ ᠭᠠᠷ ᠭᠦᠢᠴᠡᠳᠭᠡᠯ ᠬᠢᠬᠦ ᠪᠠᠷ ᠤᠴᠢᠬᠤ ᠳᠠᠭᠠᠨ | ᠦᠪᠡᠷ ᠢᠶᠠᠨ ᠪᠡᠶ᠎ᠡ ᠶᠢᠨ ᠦᠨᠡᠮᠯᠡᠯ ᠤᠨ ᠬᠠᠭᠤᠯᠪᠦᠷᠢ ᠬᠠᠭᠤᠳᠠᠰᠦ ᠪᠠᠨ ᠪᠡᠯᠡᠳᠭᠡᠬᠦ ᠶᠢᠨ ᠲᠠᠭᠠᠤ ᠶᠠᠮᠠᠷ ᠤᠴᠢᠷ ᠲᠤ | ᠬᠡᠷᠡᠭᠯᠡᠬᠦ ᠭᠡᠵᠦ ᠪᠠᠶᠢᠭ᠎ᠠ ᠪᠠᠨ ᠲᠤᠳᠤᠷᠬᠠᠶᠢᠯᠠᠵᠦ᠂ ᠡᠭᠦᠨ ᠠᠴᠠ ᠪᠤᠰᠤᠳ ᠬᠠᠭᠤᠯᠪᠦᠷᠢ ᠬᠠᠭᠤᠳᠠᠰᠦ ᠭᠠᠷᠭᠠᠪᠠᠯ | ᠬᠦᠴᠦᠨ ᠦᠭᠡᠢ ᠭᠡᠵᠦ ᠢᠯᠡᠬᠡᠨ ᠪᠢᠴᠢᠵᠦ ᠲᠠᠯᠪᠢᠨ᠎ᠠ᠃ ᠡᠨᠡ ᠨᠢ ᠪᠤᠰᠤᠳ ᠬᠦᠮᠦᠨ ᠢᠯᠡᠭᠦᠦ ᠬᠠᠭᠤᠯᠪᠦᠷᠢ | ᠬᠠᠭᠤᠳᠠᠰᠦ ᠭᠠᠷᠭᠠᠨ ᠠᠪᠬᠤ ᠪᠤᠶᠤ ᠠᠳᠠᠯᠢ ᠨᠢᠭᠡ ᠬᠠᠭᠤᠯᠪᠦᠷᠢ ᠬᠠᠭᠤᠳᠠᠰᠦ ᠶᠢ ᠤᠨᠳᠤᠤ ᠬᠠᠤᠯᠢ ᠪᠤᠰᠤ | ᠠᠵᠢᠯᠯᠠᠭ᠎ᠠ ᠳᠤ ᠬᠡᠷᠡᠭᠯᠡᠬᠦ ᠠᠴᠠ ᠰᠡᠷᠭᠡᠶᠢᠯᠡᠵᠦ ᠴᠢᠳᠠᠨ᠎ᠠ᠃ | ᠭᠤᠷᠪᠠ᠂ ᠦᠪᠡᠷ ᠤᠨ ᠭᠠᠷ ᠤᠳᠠᠰᠦ ᠪᠠᠨ ᠪᠤᠰᠤᠳ ᠲᠤ ᠪᠢᠳᠡᠬᠡᠢ ᠵᠢᠭᠡᠯᠡᠭᠦᠯᠦᠭᠡᠷᠡᠢ᠃ ᠭᠠᠷ ᠤᠳᠠᠰᠦᠨ | ᠲᠡᠭᠡᠷ᠎ᠡ ᠸᠢᠴᠠᠲ᠂ ᠡᠯᠧᠺᠳ᠋ᠷᠤᠨ ᠪᠠᠩᠬᠢ ᠮᠡᠳᠦ ᠶᠢᠨ ᠵᠤᠭᠤᠰ ᠮᠦᠩᠭᠦᠨ ᠤ ᠬᠠᠷᠢᠯᠴᠠᠭ᠎ᠠ ᠶᠠᠪᠤᠯᠴᠠᠭᠠᠨ ᠤ ᠲᠠᠪᠴᠠᠩ | ᠪᠠᠶᠢᠵᠦ᠂ ᠡᠳᠡᠭᠡᠷ ᠨᠢ ᠪᠦᠷ ᠪᠡᠶ᠎ᠡ ᠶᠢᠨ ᠦᠨᠡᠮᠯᠡᠯ ᠪᠤᠶᠤ ᠪᠠᠩᠬᠢ ᠶᠢᠨ ᠺᠠᠷᠲ ᠲᠠᠢ ᠬᠤᠯᠪᠤᠵᠦ ᠪᠠᠶᠢᠳᠠᠭ᠃ | ᠡᠭᠦᠨ ᠢᠶᠠᠷ ᠪᠠᠷᠠᠬᠤ ᠦᠭᠡᠢ ᠰᠦᠯᠵᠢᠶᠡᠨ ᠠᠴᠠ ᠵᠢᠭᠡᠯᠡᠯᠭᠡ ᠠᠪᠬᠤ ᠳᠤ ᠶᠡᠷᠦᠳᠡᠭᠡᠨ ᠭᠠᠷ ᠤᠳᠠᠰᠦᠨ ᠲᠡᠭᠡᠷ᠎ᠡ ᠰᠢᠯᠭᠠᠨ | ᠲᠤᠳᠤᠯᠬᠤ ᠨᠤᠮᠧᠷ ᠶᠠᠪᠤᠭᠤᠯᠵᠦ ᠪᠡᠶ᠎ᠡ ᠶᠢᠨ ᠦᠨᠡᠮᠯᠡᠯ ᠵᠡᠷᠭᠡ ᠦᠨᠳᠦᠰᠦᠨ ᠪᠠᠶᠢᠳᠠᠯ ᠤᠨ ᠵᠦᠪ ᠤᠨᠦᠪᠴᠢᠳᠠᠢ | ᠡᠰᠡᠬᠦ ᠶᠢ ᠨᠤᠳᠠᠯᠠᠳᠠᠭ᠃ ᠭᠠᠷ ᠤᠳᠠᠰᠦ ᠪᠠᠨ ᠲᠤᠷᠠᠪᠡᠷ ᠬᠦᠮᠦᠨ ᠳᠤ ᠵᠢᠭᠡᠯᠡᠭᠦᠯᠪᠡᠯ ᠡᠳᠡᠭᠡᠷ ᠵᠦᠢᠯᠡᠰ ᠴᠢᠨᠢ | ᠠᠮᠠᠷᠬᠠᠨ ᠭᠠᠳᠠᠭᠰᠢ ᠵᠠᠳᠠᠷᠠᠨ᠎ᠠ ᠰᠢᠦ᠃ | ᠲᠦᠷᠪᠡ᠂ ᠭᠠᠷ ᠤᠳᠠᠰᠦ ᠶᠤᠮ ᠶᠤ᠋ ᠺᠤᠮᠫᠢᠦ᠋ᠲ᠋ᠧᠷ ᠤᠨ ᠢᠶᠠᠨ ᠠᠮᠦᠷ ᠲᠦᠪᠰᠢᠨ ᠢ ᠪᠠᠳᠤᠯᠠᠬᠤ ᠶᠢᠨ ᠲᠦᠯᠦᠭᠡ | ᠰᠦᠯᠵᠢᠶᠡᠨ ᠲᠡᠭᠡᠷ᠎ᠡ ᠠᠴᠠ ᠲᠤᠷ᠎ᠠ ᠪᠠᠷ ᠢᠶᠠᠨ ᠡᠯᠳᠡᠪ ᠡᠰᠡ ᠶᠢᠨ ᠲᠤᠭᠯᠠᠭᠠᠮ ᠪᠤᠶᠤ APP ᠪᠤᠤ ᠪᠠᠭᠤᠯᠭᠠᠭᠠᠷᠠᠢ᠃ | ᠬᠡᠷᠪᠡ ᠵᠠᠪᠠᠯ ᠪᠠᠭᠤᠯᠭᠠᠵᠦ ᠠᠪᠬᠤ ᠴᠢᠬᠤᠯᠠᠳᠠᠢ ᠪᠤᠯ ᠦᠷᠭᠦᠯᠵᠢ ᠬᠡᠷᠡᠭᠯᠡᠳᠡᠭ ᠢᠳᠡᠭᠡᠮᠵᠢ ᠰᠠᠶᠢᠳᠠᠢ ᠲᠠᠪᠴᠠᠩ ᠠᠴᠠ | ᠪᠠᠭᠤᠯᠭᠠᠵᠦ᠂ ᠲᠤᠭᠳᠠᠭᠰᠠᠨ ᠬᠤᠭᠤᠴᠠᠭ᠎ᠠ ᠲᠠᠢ ᠪᠠᠷ ᠭᠠᠷ ᠤᠳᠠᠰᠦ ᠬᠢᠭᠡᠳ ᠺᠤᠮᠫᠢᠦ᠋ᠲ᠋ᠧᠷ ᠢᠶᠠᠨ ᠴᠡᠪᠡᠷᠯᠡᠵᠦ᠂ | ᠬᠠᠮᠢᠶ᠎ᠠ ᠨᠠᠮᠢᠶ᠎ᠠ ᠦᠭᠡᠢ ᠰᠦᠯᠵᠢᠶ᠎ᠡ ᠶᠢ ᠨᠡᠬᠡᠬᠡᠵᠦ ᠦᠵᠡᠬᠦ ᠦᠭᠡᠢ ᠪᠤᠯ ᠰᠠᠶᠢᠨ᠃ | ᠲᠠᠪᠦ᠂ ᠪᠡᠶ᠎ᠡ ᠶᠢᠨ ᠦᠨᠡᠮᠯᠡᠯ ᠢᠶᠠᠨ ᠤᠷᠬᠢᠭᠳᠠᠭᠤᠯᠤᠭᠰᠠᠨ ᠪᠤᠯ ᠴᠠᠭᠳᠠᠭ᠎ᠠ ᠳᠤ ᠮᠡᠳᠡᠭᠦᠯᠵᠦ᠂ ᠰᠤᠨᠢᠨ ᠰᠡᠳᠭᠦᠯ | ᠲᠡᠭᠡᠷ᠎ᠡ ᠪᠡᠶ᠎ᠡ ᠶᠢᠨ ᠦᠨᠡᠮᠯᠡᠯ ᠶᠢᠨ ᠤᠷᠬᠢᠭᠳᠠᠭᠤᠯᠤᠭᠰᠠᠨ ᠵᠠᠷᠯᠠᠯ ᠨᠡᠶᠢᠳᠡᠯᠡᠨ᠎ᠡ᠂ ᠡᠨᠡ ᠨᠢ ᠬᠡᠵᠢᠶᠡᠨ ᠠᠴᠠ ᠡᠬᠢᠯᠡᠵᠦ | ᠪᠡᠶ᠎ᠡ ᠶᠢᠨ ᠦᠨᠡᠮᠯᠡᠯ ᠨᠢ ᠦᠪᠡᠷ ᠤᠨ ᠡᠷᠬᠡᠰᠢᠶᠡᠯ ᠳᠤ ᠦᠭᠡᠢ ᠪᠤᠯᠤᠭᠰᠠᠨ ᠢ ᠬᠡᠷᠡᠴᠢᠯᠡᠵᠦ ᠴᠢᠳᠠᠨ᠎ᠠ᠃ ᠪᠠᠩᠬᠢ ᠶᠢᠨ | ᠺᠠᠷᠲ ᠪᠠᠨ ᠤᠷᠬᠢᠭᠳᠠᠭᠤᠯᠤᠭᠰᠠᠨ ᠪᠤᠯ ᠲᠡᠷᠡ ᠲᠠᠷᠦᠢ ᠳᠤᠨᠢ ᠪᠠᠩᠬᠢ ᠳᠤ ᠤᠴᠢᠵᠦ ᠬᠡᠷᠡᠭᠯᠡᠭᠡ ᠶᠢ ᠵᠤᠭᠰᠤᠭᠠᠬᠤ ᠭᠠᠷ | ᠭᠦᠢᠴᠡᠳᠭᠡᠯ ᠬᠢᠵᠦ ᠪᠠᠶᠢᠭᠠᠷᠠᠢ᠃ | ᠵᠢᠷᠭᠤᠭ᠎ᠠ᠂ ᠤᠯᠠᠨ ᠨᠡᠶᠢᠳᠡ ᠶᠢᠨ ᠲᠠᠯᠠᠪᠦᠷ ᠲᠠᠬᠢ ᠨᠢᠭᠤᠴᠠ ᠨᠤᠮᠧᠷ ᠦᠭᠡᠢ wifi ᠶᠢ ᠪᠤᠤ ᠲᠤᠷᠠᠪᠡᠷ | ᠵᠠᠯᠭᠠᠭᠠᠷᠠᠢ᠂ ᠨᠢᠭᠤᠴᠠ ᠨᠤᠮᠧᠷ ᠦᠭᠡᠢ ᠨᠡᠶᠢᠳᠡ ᠶᠢᠨ wifi ᠳᠤ ᠠᠯᠢ ᠤᠯᠠᠨ ᠲᠠᠯᠳᠠ ᠲᠦᠭᠰᠢᠭᠦᠷᠢ ᠲᠠᠭᠠᠯᠳᠤᠵᠦ᠂ | ᠬᠡᠷᠡᠭᠯᠡᠵᠦ ᠪᠠᠶᠢᠭ᠎ᠠ ᠶᠠᠪᠤᠴᠠ ᠳᠤ ᠦᠪᠡᠷ ᠤᠨ ᠴᠢᠨᠢ ᠦᠨᠳᠦᠰᠦᠨ ᠪᠠᠶᠢᠳᠠᠯ ᠭᠠᠳᠠᠭᠰᠢ ᠵᠠᠳᠠᠷᠠᠬᠤ ᠪᠤᠯᠤᠯᠴᠠᠭ᠎ᠠ ᠮᠠᠰᠢ | ᠦᠨᠳᠦᠷ᠃ | ᠲᠤᠯᠤᠭ᠎ᠠ᠂ ᠬᠡᠷᠡᠭᠯᠡᠬᠦ ᠪᠠᠨ ᠪᠠᠶᠢᠭᠰᠠᠨ ᠬᠠᠭᠤᠴᠢᠨ ᠭᠠᠷ ᠤᠳᠠᠰᠦ ᠪᠠᠨ ᠴᠢᠳᠠᠬᠤ ᠶᠢᠨ ᠲᠤᠳᠤᠷ᠎ᠠ ᠬᠤᠳᠠᠯᠳᠤᠬᠤ | ᠦᠭᠡᠢ ᠪᠤᠶᠤ ᠪᠤᠰᠤᠳ ᠡᠳ᠋ ᠪᠤᠳᠠᠰ ᠢᠶᠠᠷ ᠰᠤᠯᠢᠬᠤ ᠦᠭᠡᠢ ᠪᠠᠶᠢᠵᠦ᠂ ᠬᠠᠳᠠᠭᠠᠯᠠᠭᠳᠠᠵᠦ ᠪᠠᠶᠢᠭ᠎ᠠ ᠲᠤᠭ᠎ᠠ ᠪᠠᠷᠢᠮᠳᠠ᠂ | ᠵᠢᠷᠤᠭ ᠰᠡᠭᠦᠳᠡᠷ ᠢᠶᠠᠨ ᠪᠦᠭᠦᠳᠡ ᠶᠢ ᠤᠰᠠᠳᠬᠠᠵᠦ ᠬᠠᠶᠠᠭᠠᠷᠠᠢ᠃ | ᠨᠠᠢᠮᠠ᠂ ᠰᠢᠤᠳᠠᠨ ᠫᠢᠶᠤᠤ᠂ ᠭᠠᠯᠳᠦ ᠲᠡᠷᠭᠡᠨ ᠪᠢᠯᠧᠲ᠂ ᠨᠢᠰᠭᠡᠯ ᠤᠨ ᠪᠢᠯᠧᠲ᠂ ᠪᠠᠩᠬᠢ ᠶᠢᠨ ᠭᠠᠷ | ᠭᠦᠢᠴᠡᠳᠭᠡᠯ ᠤᠨ ᠬᠠᠭᠤᠳᠠᠰᠦ ᠵᠡᠷᠭᠡ ᠪᠠᠨ ᠪᠢᠳᠡᠭᠡᠢ ᠲᠤᠷᠠᠪᠡᠷ ᠤᠷᠬᠢᠭᠠᠷᠠᠢ᠂ ᠬᠡᠷᠡᠭᠯᠡᠬᠦ ᠪᠠᠨ ᠪᠤᠯᠢᠭᠰᠠᠨ ᠪᠤᠯ ᠤᠷᠠᠵᠦ | ᠬᠠᠶᠢᠴᠢᠯᠠᠵᠦ ᠬᠠᠶᠠᠭᠠᠷᠠᠢ᠃ | ᠶᠢᠰᠦ᠂ ᠪᠠᠭᠤᠳᠠᠯ ᠳᠤ ᠰᠠᠭᠤᠬᠤ ᠳᠠᠭᠠᠨ ᠦᠢᠯᠡᠴᠢᠯᠡᠭᠴᠢ ᠳᠤ ᠪᠡᠶ᠎ᠡ ᠶᠢᠨ ᠦᠨᠡᠮᠯᠡᠯ ᠢᠶᠠᠨ ᠦᠭᠴᠤ ᠶᠠᠪᠤᠭᠤᠯᠬᠤ | ᠦᠭᠡᠢ᠂ ᠺᠤᠮᠫᠢᠦ᠋ᠲ᠋ᠧᠷ ᠲᠤ ᠤᠷᠤᠭᠤᠯᠬᠤ ᠶᠢ ᠨᠢ ᠬᠠᠷᠠᠵᠦ ᠪᠠᠶᠢᠭᠠᠳ ᠪᠤᠴᠠᠭᠠᠵᠦ ᠠᠪᠬᠤ ᠬᠡᠷᠡᠭᠳᠡᠢ᠃ ᠡᠭᠦᠨ ᠢᠶᠠᠷ | ᠪᠠᠷᠠᠬᠤ ᠦᠭᠡᠢ ᠭᠠᠳᠠᠭᠰᠢ ᠶᠠᠪᠤᠵᠦ ᠰᠠᠭᠤᠬᠤ ᠳᠠᠭᠠᠨ ᠴᠢᠳᠠᠬᠤ ᠶᠢᠨ ᠲᠤᠳᠤᠷ᠎ᠠ ᠢᠳᠡᠭᠡᠮᠵᠢ ᠰᠠᠶᠢᠳᠠᠢ ᠪᠠᠭᠤᠳᠠᠯ ᠳᠤ | ᠰᠠᠭᠤᠵᠦ ᠪᠠᠶᠢᠭᠠᠷᠠᠢ᠃ |