ᠰᠢᠩ ᠹᠦ᠋ ᠰᠢᠶᠠᠩ ᠬᠢᠵᠢᠭ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/11
 8 ᠰᠠᠷ᠎ᠠ ᠶᠢᠨ 9 ᠤ ᠡᠳᠦᠷ᠂  ᠰᠢᠩ ᠹᠦ᠋ ᠰᠢᠶᠠᠩ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠢᠵᠦ᠂  ︽ᠲᠠᠶᠢᠹᠤᠰᠧ ᠬᠤᠰᠢᠭᠤᠨ ᠤ  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ  ᠠᠯᠪᠠᠨ ᠵᠠᠷᠯᠠᠯ ︵48 ᠲᠤᠭᠠᠳᠤ︶  ︾ ᠤᠨ ᠵᠤᠷᠢᠭ ᠰᠠᠨᠠᠭ᠎ᠠ ᠶᠢ ᠤᠯᠠᠮᠵᠢᠯᠠᠭᠰᠠᠨ ᠪᠦᠬᠡᠳ ᠤᠳᠤᠬᠠᠨ ᠤ  ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ  ᠪᠠᠶᠢᠷᠢᠯᠠᠭᠤᠯᠤᠯᠳᠠ ᠬᠢᠵᠡᠢ᠃  ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ᠂ ᠺᠠᠳ᠋ᠷ ᠠᠵᠢᠯᠳᠠᠳ ᠵᠢᠴᠢ ᠡᠯ᠎ᠡ ᠲᠤᠰᠬᠤᠨ ᠤ ᠨᠠᠮ ᠤᠨ ᠡᠬᠦᠷ ᠤᠨ ᠱᠦᠵᠢ ᠬᠤᠷᠠᠯ ᠳᠤ ᠤᠷᠤᠯᠴᠠᠵᠤ᠂  ᠰᠢᠶᠠᠩ ᠤᠨ ᠨᠠᠮ ᠤᠨ ᠬᠤᠷᠢᠶᠠᠨ ᠤ ᠱᠦᠵᠢ ᠰᠦᠩ ᠹᠧᠩ ᠬᠤᠷᠠᠯ ᠢ ᠡᠷᠬᠢᠯᠡᠪᠡ᠃  ᠬᠤᠷᠠᠯ ᠲᠡᠭᠡᠷ᠎ᠡ᠂ ᠲᠡᠳ᠋ ᠰᠢᠶᠠᠩ ᠤᠨ ᠲᠠᠷᠤᠭ᠎ᠠ ᠸᠠᠩ ᠸᠧᠨ ᠵᠢᠩ ᠠᠴᠠ ︽ᠲᠠᠶᠢᠹᠤᠰᠧ ᠬᠤᠰᠢᠭᠤᠨ ᠤ  ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ  ᠠᠯᠪᠠᠨ ᠵᠠᠷᠯᠠᠯ ︵48 ᠲᠤᠭᠠᠳᠤ︶  ︾ ᠢ ᠤᠩᠰᠢᠨ ᠲᠠᠶᠢᠯᠪᠤᠷᠢᠯᠠᠵᠤ᠂   ᠡᠯ᠎ᠡ ᠲᠤᠰᠬᠤᠨ ᠤ ᠲᠠᠷᠢᠯᠭ᠎ᠠ  ᠲᠠᠷᠢᠭᠰᠠᠨ ᠪᠠᠶᠢᠳᠠᠯ ᠢ  ᠨᠡᠶᠢᠳᠡᠯᠡᠨ ᠮᠡᠳᠡᠭᠳᠡᠭᠰᠡᠨ ᠤ ᠬᠠᠮᠳᠤ᠂   ᠡᠯ᠎ᠡ ᠲᠤᠰᠬᠤᠨ ᠨᠢ ︽48 ᠲᠤᠭᠠᠳᠤ ᠠᠯᠪᠠᠨ ᠵᠠᠷᠯᠠᠯ︾ ᠬᠢᠭᠡᠳ ᠠᠶᠠᠯᠠᠯ ᠤᠨ ᠺᠤᠳ᠋᠂ ᠡᠷᠡᠬᠦᠯ ᠮᠡᠨᠳᠦ ᠶᠢᠨ ᠺᠤᠳ᠋ ᠶᠢ  ᠲᠠᠷᠤᠶᠢᠬᠠᠨ ᠨᠠᠭᠠᠵᠤ᠂   ᠡᠯ᠎ᠡ ᠵᠦᠢᠯ ᠤᠨ ᠠᠷᠭ᠎ᠠ ᠬᠡᠯᠪᠡᠷᠢ ᠪᠠᠷ ᠲᠤᠰᠬᠤᠨ ᠤ ᠠᠷᠠᠳ ᠢ ᠵᠤᠬᠢᠶᠠᠨ ᠪᠠᠶᠢᠭᠤᠯᠵᠤ  ᠬᠢᠵᠢᠭ ᠤᠨ ᠪᠠᠶᠢᠳᠠᠯ ᠢ ᠤᠶᠢᠯᠠᠭᠠᠭᠤᠯᠤᠨ᠂  ᠰᠡᠷᠭᠡᠶᠢᠯᠡᠯᠳᠡ ᠬᠠᠮᠠᠭᠠᠯᠠᠯᠳᠠ ᠶᠢᠨ ᠠᠵᠢᠯ ᠢ ᠰᠠᠶᠢᠨ ᠬᠢᠵᠦ  ᠂  ᠲᠠᠷᠢᠯᠭ᠎ᠠ  ᠬᠢᠯᠭᠡᠭᠡᠳᠦᠢ ᠬᠦᠮᠦᠰ ᠤᠨ ᠮᠡᠳᠡᠭᠡ ᠵᠠᠩᠬᠢ ᠶᠢ ᠪᠦᠬᠦ ᠲᠠᠯ᠎ᠠ ᠪᠠᠷ ᠡᠵᠡᠮᠰᠢᠨ᠂   ᠲᠡᠳᠡᠨ ᠳᠤ ᠦᠵᠡᠯ ᠰᠠᠨᠠᠭᠠᠨ ᠤ ᠠᠵᠢᠯ ᠢ ᠰᠠᠶᠢᠨ ᠬᠢᠵᠦ᠂   ᠲᠠᠷᠢᠯᠭ᠎ᠠ ᠶᠢ ᠴᠠᠭ ᠲᠤᠨᠢ ᠲᠠᠷᠢᠬᠤ ᠶᠢ ᠪᠠᠳᠤᠯᠠᠨ᠂  ᠲᠠᠷᠢᠯᠭ᠎ᠠ ᠬᠢᠬᠦ ᠳᠤ ᠵᠤᠬᠢᠷᠠᠬᠤ ᠦᠬᠡᠢ ᠬᠦᠮᠦᠰ ᠳᠤ  ᠮᠡᠷᠭᠡᠵᠢᠯ ᠤᠨ ᠲᠠᠰᠤᠯᠤᠯᠳᠠ ᠶᠢ ᠰᠠᠶᠢᠨ ᠬᠢᠬᠦ ᠭᠡᠷᠡᠭᠳᠡᠢ  ᠬᠡᠵᠦ  ᠱᠠᠭᠠᠷᠳᠠᠭᠰᠠᠨ  ᠪᠠᠶᠢᠨ᠎ᠠ᠃   ᠰᠢᠶᠠᠩ ᠤᠨ ᠨᠠᠮ  ᠤᠨ ᠬᠤᠷᠢᠶᠠᠨ ᠤ ᠲᠡᠳ᠋ ᠱᠦᠵᠢ  ᠂ ᠰᠢᠶᠠᠩ ᠤᠨ ᠲᠠᠷᠤᠭ᠎ᠠ ᠵᠤᠤ ᠢᠤᠢ ᠪᠤᠤ ᠠᠴᠠ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠪᠠ  ᠰᠡᠷᠭᠡᠶᠢᠯᠡᠯᠳᠡ ᠶᠢᠨ ᠲᠠᠷᠢᠯᠭ᠎ᠠ ᠶᠢᠨ ᠠᠵᠢᠯ ᠤᠨ ᠲᠤᠬᠠᠢ  ᠤᠯᠠᠮ ᠨᠢᠬᠡ ᠠᠯᠬᠤᠮ ᠤᠨ ᠪᠠᠶᠢᠷᠢᠯᠠᠭᠤᠯᠤᠯᠳᠠ ᠬᠢᠵᠦ᠂  ᠪᠠᠶᠢᠩᠭᠤ ᠰᠠᠭᠤᠭ᠎ᠠ ᠬᠦᠮᠦᠨ ᠠᠮᠠ᠂  ᠬᠠᠷᠢᠵᠤ ᠢᠷᠡᠭᠰᠡᠨ ᠬᠦᠮᠦᠨ ᠠᠮᠠ᠂  ᠭᠠᠳᠠᠨ᠎ᠠ  ᠠᠴᠠ ᠢᠷᠡᠭᠰᠡᠨ ᠬᠦᠯᠦᠰᠦᠨ ᠠᠵᠢᠯᠴᠢᠨ ᠵᠡᠷᠭᠡ ᠶᠢ ᠴᠠᠭ ᠲᠤᠬᠠᠢ ᠳᠤᠨᠢ  ᠨᠠᠷᠢᠨ ᠨᠢᠮᠪᠠᠢ ᠤᠶᠢᠯᠠᠭᠠᠨ ᠪᠠᠶᠢᠴᠠᠭᠠᠬᠤ ᠪᠠ ᠲᠡᠮᠳᠡᠭᠯᠡᠨ ᠲᠠᠩᠰᠠᠯᠠᠵᠤ᠂   ᠢᠯᠠᠩᠭᠤᠶ᠎ᠠ ᠲᠡᠭᠡᠳᠦ  ᠲᠤᠮᠳᠠ ᠲᠡᠰ ᠤᠨ ᠲᠦᠭᠰᠢᠬᠦᠷᠢᠳᠦ ᠤᠷᠤᠨ ᠠᠴᠠ ᠢᠷᠡᠭᠰᠡᠨ ᠬᠦᠮᠦᠰ   ᠢ ᠴᠠᠭ ᠲᠤᠬᠠᠢ ᠳᠤᠨᠢ ᠲᠠᠩᠰᠠᠯᠠᠨ ᠮᠡᠳᠡᠬᠦᠯᠬᠦ ᠭᠡᠷᠡᠭᠳᠡᠢ᠃   ᠨᠦᠬᠦᠴᠡᠯ ᠳᠤ ᠬᠦᠷᠦᠭᠰᠡᠨ ᠪᠤᠯᠪᠠᠴᠤ ᠲᠠᠷᠢᠯᠭ᠎ᠠ ᠪᠠᠨ ᠲᠠᠷᠢᠭᠤᠯᠤᠭᠠᠳᠤᠢ ᠬᠦᠮᠦᠰ ᠲᠤ ᠦᠵᠡᠯ ᠰᠠᠨᠠᠭᠠᠨ ᠤ ᠠᠵᠢᠯ  ᠪᠠ ᠬᠠᠪᠰᠤᠷᠤᠨ ᠲᠡᠮᠵᠢᠬᠦ ᠠᠵᠢᠯ ᠢ ᠰᠠᠶᠢᠨ ᠬᠢᠵᠦ᠂  ᠲᠠᠷᠢᠬᠤ  ᠵᠤᠬᠢᠰᠳᠠᠢ ᠬᠦᠮᠦᠨ ᠪᠤᠯᠭᠠᠨ ᠤ ᠲᠠᠷᠢᠯᠭ᠎ᠠ ᠲᠠᠷᠢᠭᠤᠯᠬᠤ ᠶᠢ ᠪᠠᠳᠤᠯᠠᠬᠤ ᠭᠡᠷᠡᠭᠳᠡᠢ ᠬᠡᠵᠦ ᠡᠯ᠎ᠡ ᠲᠤᠰᠬᠤᠨ ᠳᠤ  ᠱᠠᠭᠠᠷᠳᠠᠪᠠ᠃  ᠰᠦᠩ ᠹᠧᠩ ᠬᠤᠷᠠᠯ ᠡᠷᠬᠢᠯᠡᠬᠦ ᠶᠠᠷᠢᠶᠠᠨ ᠳᠠᠭᠠᠨ᠂  ᠨᠢᠬᠡ  ᠳᠤ  ᠬᠢᠵᠢᠭ ᠰᠡᠷᠭᠡᠶᠢᠯᠡᠬᠦ ᠠᠵᠢᠯ ᠢ ᠲᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂  ︽48 ᠲᠤᠭᠠᠳᠤ ᠠᠯᠪᠠᠨ ᠵᠠᠷᠯᠠᠯ︾ ᠢ ᠴᠢᠩᠭ᠎ᠠ ᠭᠡᠷᠡᠭᠵᠢᠬᠦᠯᠦᠨ᠂   ᠰᠡᠷᠭᠡᠶᠢᠯᠡᠨ ᠡᠵᠡᠮᠳᠡᠬᠦ  ᠡᠯ᠎ᠡ ᠲᠦᠷᠦᠯ ᠤᠨ ᠠᠵᠢᠯ ᠢ ᠦᠨᠡᠨᠬᠦ ᠰᠠᠶᠢᠨ ᠬᠢᠬᠦ ᠭᠡᠷᠡᠭᠳᠡᠢ᠃ ᠬᠤᠶᠠᠷ ᠲᠤ ᠤᠬᠠᠭᠤᠯᠭ᠎ᠠ ᠬᠦᠮᠦᠵᠢᠯ ᠢ ᠴᠢᠩᠭᠠᠳᠬᠠᠵᠤ᠂  ᠬᠢᠵᠢᠭ ᠤᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠮᠡᠳᠡᠭᠡᠯᠡᠨ᠂  ᠪᠦᠬᠦ  ᠺᠠᠳᠠᠷ ᠠᠵᠢᠯᠳᠠᠨ ᠪᠠ  ᠲᠤᠰᠬᠤᠨ ᠤ ᠠᠷᠠᠳ ᠤᠨ ᠬᠢᠵᠢᠭ ᠰᠡᠷᠭᠡᠶᠢᠯᠡᠬᠦ ᠤᠬᠠᠮᠰᠠᠷ ᠢ  ᠦᠨᠡᠨᠬᠦ ᠲᠡᠭᠡᠭᠰᠢᠯᠡᠬᠦᠯᠬᠦ ᠭᠡᠷᠡᠭᠳᠡᠢ᠃ ᠭᠤᠷᠪᠠ ᠳᠤ  ᠬᠠᠷᠢᠭᠤᠴᠠᠯᠭ᠎ᠠ  ᠶᠢ ᠴᠢᠩᠭ᠎ᠠ ᠨᠠᠶᠢᠳᠠᠪᠤᠷᠢᠵᠢᠭᠤᠯᠵᠤ᠂  ᠡᠯ᠎ᠡ ᠲᠤᠰᠬᠤᠨ ᠨᠢ ᠤᠷᠤᠵᠤ ᠭᠠᠷᠬᠤ ᠬᠦᠮᠦᠰ ᠢ  ᠨᠠᠷᠢᠨ ᠨᠢᠮᠪᠠᠢ ᠲᠠᠩᠰᠠᠯᠠᠨ ᠂   ᠰᠡᠷᠭᠡᠶᠢᠯᠡᠨ ᠡᠵᠡᠮᠳᠡᠬᠦ ᠠᠵᠢᠯ ᠤᠨ ᠪᠠᠶᠢᠩᠭᠤᠵᠢᠬᠤ ᠶᠢ ᠪᠠᠳᠤᠯᠠᠵᠤ᠂   ᠬᠢᠯᠪᠠᠷ ᠪᠤᠰᠤ ᠪᠠᠷ ᠤᠯᠤᠭᠰᠠᠨ ᠬᠢᠵᠢᠭ ᠰᠡᠷᠭᠡᠶᠢᠯᠡᠬᠦ ᠠᠵᠢᠯ ᠤᠨ ᠦᠷ᠎ᠡ ᠠᠮᠵᠢᠯᠳᠠ ᠶᠢ ᠬᠠᠮᠠᠭᠠᠯᠠᠬᠤ ᠭᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号