ᠪᠠᠶᠢᠴᠠᠭᠠᠯᠲᠠ ᠶᠢᠨ ᠪᠣᠭᠤᠮᠲᠠ ᠶᠢ ᠴᠢᠩᠭ᠎ᠠ ᠰᠠᠬᠢᠵᠤ ᠰᠢᠯᠢᠳᠡᠭ ᠵᠠᠯᠠᠭᠤᠰ ᠢ ᠴᠡᠷᠢᠭ ᠲᠤ ᠡᠯᠰᠡᠨᠡᠮ
ᠨᠡᠶᠢᠲᠡᠯᠡᠭᠰᠡᠨ ᠴᠠᠭ᠄
2021/8/17
 ᠴᠡᠷᠢᠭ ᠡᠯᠰᠡᠬᠦ ᠠᠵᠢᠯ ᠢ ᠪᠥᠬᠦ ᠲᠠᠯ᠎ᠠ ᠪᠠᠷ  ᠰᠠᠶᠢᠨ ᠬᠢᠵᠦ᠂ ᠴᠡᠷᠢᠭ ᠠᠩᠭᠢ ᠳᠤ ᠰᠢᠯᠢᠳᠡᠭ ᠵᠠᠯᠠᠭᠤᠰ ᠢ ᠰᠢᠯᠢᠨ ᠬᠦᠷᠭᠡᠬᠦ ᠶᠢᠨ ᠲᠥᠯᠥᠭᠡ᠂ 8 ᠰᠠᠷ᠎ᠠ ᠶᠢᠨ 15 ᠤ ᠡᠳᠦᠷ ᠲᠠᠶᠢᠹᠤᠰᠧ ᠬᠤᠰᠢᠭᠤ 2021 ᠣᠨ ᠤ ᠨᠠᠮᠤᠷ ᠤᠨ ᠤᠯᠠᠷᠢᠯ ᠤᠨ ᠴᠡᠷᠢᠭ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠡᠬᠢᠯᠡᠬᠦᠯᠪᠡ᠃  ᠡᠨᠡ ᠤᠳᠠᠭᠠᠨ ᠤ ᠪᠡᠶ᠎ᠡ ᠶᠢᠨ ᠪᠠᠶᠢᠴᠠᠭᠠᠯᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂   ᠨᠡᠷ᠎ᠡ ᠮᠡᠳᠡᠬᠦᠯᠦᠭᠰᠡᠨ 52  ᠬᠦᠮᠦᠨ ᠬᠤᠰᠢᠭᠤ ᠡᠮᠨᠡᠯᠭᠡ ᠶᠢᠨ ᠬᠤᠷᠢᠶ᠎ᠠ ᠳᠤ ᠪᠡᠶ᠎ᠡ ᠶᠢᠨ ᠪᠠᠶᠢᠴᠠᠭᠠᠯᠲᠠ ᠬᠢᠯᠭᠡᠭᠰᠡᠨ ᠪᠠᠶᠢᠨ᠎ᠠ᠃ ᠠᠬᠤᠢ ᠲᠠᠯᠠᠪᠠᠶ ᠳᠤ᠂ ᠡᠷᠡᠭᠦᠯ ᠮᠡᠨᠳᠦ ᠶᠢᠨ ᠺᠣᠳ᠋ ᠰᠢᠯᠭᠠᠬᠤ᠂ ᠪᠡᠶ᠎ᠡ ᠶᠢᠨ ᠬᠠᠯᠠᠭᠤᠨ ᠢ ᠬᠡᠮᠵᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂  ᠠᠵᠢᠯᠳᠠᠨ ᠠᠴᠠ ᠲᠡᠳᠡᠨ ᠢ ᠲᠠᠭᠠᠭᠤᠯᠵᠤ ᠪᠦᠯᠦᠭ ᠬᠤᠪᠢᠶᠠᠨ ᠡᠮᠬᠢ ᠵᠢᠷᠤᠮ ᠲᠠᠢ ᠪᠠᠷ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠳᠣᠲᠣᠷ ᠰᠠᠯᠠᠭ᠎ᠠ᠂ ᠭᠠᠳᠠᠷ ᠰᠠᠯᠠᠭ᠎ᠠ᠂ ᠲᠠᠪᠤᠨ ᠡᠷᠬᠡᠲᠡᠨ᠂ ᠬᠠᠷᠠᠭ᠎ᠠ᠂ ᠴᠢᠰᠤᠨ ᠳᠠᠷᠤᠯᠲᠠ ᠵᠡᠷᠭᠡ ᠲᠥᠷᠥᠯ ᠵᠦᠶᠯ ᠤᠨ ᠪᠠᠶᠢᠴᠠᠭᠠᠯᠲᠠ ᠶᠢ ᠵᠦᠶᠯ ᠳᠠᠷᠠᠭᠠᠯᠠᠨ ᠡᠮᠬᠢ ᠵᠢᠷᠤᠮ ᠲᠠᠢ  ᠶᠠᠪᠤᠭᠳᠠᠭᠤᠯᠪᠠ᠃  ᠪᠡᠶ᠎ᠡ   ᠶᠢᠨ ᠪᠠᠶᠢᠴᠠᠭᠠᠯᠳᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤ ᠡᠮᠨᠡᠯᠭᠡ ᠶᠢᠨ ᠬᠤᠷᠢᠶ᠎ᠠ ᠨᠢ ᠨᠢᠭᠡ ᠪᠦᠯᠦᠭ ᠲᠤᠷᠰᠢᠯᠭ᠎ᠠ ᠪᠠᠷ ᠪᠠᠶᠠᠯᠢᠭ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠡᠮᠨᠡᠯᠭᠡ ᠶᠢᠨ ᠠᠵᠢᠯᠲᠠᠨ ᠢ ᠰᠢᠯᠵᠢᠭᠦᠯᠦᠨ ᠪᠡᠶ᠎ᠡ ᠶᠢᠨ ᠪᠠᠶᠢᠴᠠᠭᠠᠯᠳᠠ ᠶᠢᠨ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠴᠢᠩᠭ᠎ᠠ ᠵᠢᠷᠤᠮᠯᠠᠨ᠂  ᠪᠠᠶᠢᠴᠠᠭᠠᠯᠳᠠ ᠶᠢᠨ ᠭᠤᠭᠴᠤᠭ᠎ᠠ ᠨᠢᠭᠡᠪᠦᠷᠢ ᠶᠢ ᠨᠠᠷᠢᠨ ᠬᠢᠨᠠᠮᠠᠭᠠᠶ ᠪᠡᠶᠡᠯᠡᠬᠦᠯᠵᠦ᠂  ᠶᠠᠰᠤ ᠴᠢᠨᠠᠷ ᠤᠨ ᠪᠣᠭᠤᠮᠲᠠ ᠶᠢ ᠪᠠᠲᠤ ᠡᠵᠡᠮᠳᠡᠨ᠂ ᠪᠡᠶ᠎ᠡ ᠮᠠᠬᠠᠪᠣᠳ ᠡᠷᠡᠬᠦᠯ ᠴᠢᠬᠢᠷᠠᠭ ᠰᠢᠯᠢᠳᠡᠭ ᠵᠠᠯᠠᠭᠤᠴᠤᠳ ᠢ ᠴᠡᠷᠢᠭ ᠠᠩᠭᠢ ᠳᠤ ᠬᠦᠷᠭᠡᠬᠦ ᠳᠤ ᠪᠠᠲᠤᠯᠠᠭ᠎ᠠ ᠬᠠᠩᠭᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号