︽ᠡᠬᠦᠳᠡ ᠪᠠᠨ ᠬᠡᠵᠢᠶᠡᠳᠡ ᠨᠡᠭᠡᠭᠡᠭᠰᠡᠨ ᠴᠤ ᠡᠪᠡᠳᠴᠢᠨ ᠬᠢᠵᠢᠭ ᠢ ᠤᠷᠤᠭᠤᠯᠬᠤ ᠦᠬᠡᠢ︾
ᠨᠡᠶᠢᠲᠡᠯᠡᠭᠰᠡᠨ ᠴᠠᠭ᠄
2021/8/17
ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠨᠢ ᠠᠷᠠᠳ ᠣᠯᠠᠨ ᠪᠠ ᠠᠵᠤ ᠠᠬᠤᠶᠢᠯᠠᠯ ᠳᠤ ᠦᠶᠯᠡᠴᠢᠯᠡᠬᠦ  ᠴᠢᠬᠤᠯᠠ ᠲᠠᠯᠠᠪᠤᠷ ᠪᠣᠯᠤᠭᠰᠠᠨ ᠤ ᠬᠤᠪᠢ ᠳᠤ᠂  ᠶᠠᠪᠤᠵᠤ ᠴᠤᠪᠤᠬᠤ ᠬᠥᠮᠦᠨ ᠬᠠᠷ᠎ᠠ ᠤᠯᠠᠨ ᠪᠠᠶᠢᠵᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠤᠷᠤᠨ ᠪᠤᠯᠵᠤ ᠪᠠᠶᠢᠳᠠᠭ᠃  ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ   ᠨᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠤᠯᠠᠨ ᠲᠦᠮᠡᠨ ᠳᠤ ᠦᠢᠯᠡᠴᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂  ᠠᠯᠢ ᠠᠯᠢᠨ ᠢ ᠨᠢ ᠰᠤᠯᠠᠷᠠᠭᠤᠯᠤᠯ ᠦᠬᠡᠢ ᠠᠳᠬᠤᠵᠤ ᠪᠠᠶᠢᠨ᠎ᠠ ᠃  ᠰᠤᠷᠪᠤᠯᠵᠢᠯᠠᠭᠴᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠬᠦᠷᠬᠦ ᠳᠤ᠂  ᠠᠵᠢᠯ  ᠶᠠᠪᠤᠳᠠᠯ ᠬᠦᠢᠴᠡᠳᠭᠡᠬᠦ   ᠪᠠᠷ ᠢᠷᠡᠭᠰᠡᠨ ᠬᠦᠮᠦᠰ ᠠᠵᠢᠯᠲᠠᠨ ᠤ ᠵᠢᠯᠣᠭᠤᠳᠣᠯᠭ᠎ᠠ ᠳᠣᠤᠷ᠎ᠠ ᠠᠮᠠᠪᠴᠢ ᠵᠡᠭᠦᠬᠦ᠂ ᠪᠡᠶ᠎ᠡ  ᠶᠢᠨ ᠬᠠᠯᠠᠭᠤᠨ ᠢ ᠬᠡᠮᠵᠢᠬᠦ ᠪᠠ ᠺᠣᠳ᠋ ᠰᠢᠷᠪᠢᠬᠦ ᠯᠠᠬᠤᠮ ᠶᠠᠪᠤᠴᠠ ᠶᠢ  ᠨᠢᠮᠪᠠᠢ ᠬᠦᠢᠴᠡᠳᠭᠡᠵᠦ  ᠂ᠦᠨᠡᠨ ᠨᠡᠷ᠎ᠡ ᠪᠠᠷ  ᠢᠶᠠᠨ ᠳᠠᠩᠰᠠᠯᠠᠭᠤᠯᠤᠭᠰᠠᠨ ᠤ ᠳᠠᠷᠠᠭ᠎ᠠ ᠡᠮᠬᠢ ᠵᠢᠷᠤᠮ ᠲᠠᠢ ᠪᠠᠷ ᠶᠡᠭᠡ ᠲᠢᠩᠬᠢᠮ ᠳᠤ ᠣᠷᠣᠵᠤ ᠪᠠᠶᠢᠯ᠎ᠠ᠃ ᠡᠭᠦᠨ ᠤ ᠬᠠᠮᠲᠤ᠂  ᠡᠯ᠎ᠡ ᠴᠤᠩᠬᠤᠪᠴᠢ ᠶᠢᠨ ᠠᠵᠢᠯᠲᠠᠳ ᠴᠤ  ᠪᠦᠷ ᠠᠮᠠᠪᠴᠢ ᠵᠡᠭᠦᠵᠦ᠂ ᠦᠶᠯᠡᠴᠢᠯᠡᠭᠡᠨ ᠤ ᠲᠠᠪᠴᠠᠩ  ᠨᠢᠬᠡᠪᠦᠷᠢ ᠳᠤ  ᠠᠷᠢᠭᠤᠳᠬᠠᠯ ᠤᠨ ᠰᠢᠩᠭᠡᠨ᠂ ᠭᠠᠷ ᠤᠬᠢᠶᠠᠬᠤ ᠰᠢᠩᠭᠡᠨ᠂ ᠠᠮᠠᠪᠴᠢ ᠵᠡᠷᠭᠡ ᠬᠢᠵᠢᠭ ᠰᠡᠷᠭᠡᠶᠢᠯᠡᠬᠦ  ᠡᠳ᠋ᠯᠡᠯ ᠬᠡᠷᠡᠭᠰᠡᠯ ᠢ ᠲᠠᠯᠪᠢᠭᠠᠳ᠂ ᠣᠯᠠᠨ ᠲᠦᠮᠡᠨ ᠳᠤ ᠨᠢᠭᠡ ᠮᠧᠲᠷ   ᠤᠨ ᠵᠠᠶ ᠲᠠᠢ ᠵᠤᠭᠰᠤᠬᠤ ᠶᠢ  ᠰᠠᠨᠠᠭᠤᠯᠤᠨ᠎ᠠ᠃ ᠬᠥᠮᠦᠰ ᠤᠨ ᠴᠤᠪᠤᠵᠤ ᠴᠤᠭᠯᠠᠷᠠᠬᠤ ᠶᠢ ᠪᠠᠭᠠᠰᠬᠠᠬᠤ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ  ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ   ᠨᠢ  ᠦᠶᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ 《 ᠰᠦᠯᠵᠢᠶᠡᠨ ᠳᠡᠭᠡᠷ᠎ᠡ ᠭᠦᠶᠴᠡᠳᠬᠡᠬᠦ 》 ᠪᠠ ᠲᠤᠬᠠᠶ ᠶᠢᠨ ᠲᠠᠯᠠᠪᠠᠶ ᠳᠤ ᠲᠦᠷᠭᠡᠨ ᠭᠦᠶᠴᠡᠳᠬᠡᠬᠦ ᠠᠷᠭ᠎ᠠ ᠬᠡᠮᠵᠢᠶ᠎ᠡ ᠠᠪᠴᠤ᠂  《 ᠮᠥᠩᠬᠡ ᠰᠤᠪᠠᠭ app 》 ᠪᠠ 《 12345 ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠤᠲᠠᠰᠤ 》 ᠵᠡᠷᠭᠡ  ᠲᠠᠪᠴᠠᠩ ᠤᠨ ᠳᠠᠪᠠᠭᠤᠯᠢᠭ  ᠢ  ᠪᠠᠳᠠᠷᠠᠭᠤᠯᠤᠨ᠂  ᠰᠦᠯᠵᠢᠶᠡᠨ ᠳᠡᠭᠡᠷ᠎ᠡ ᠪᠠᠨ ᠪᠠᠶᠢᠴᠠᠭᠠᠨ ᠯᠠᠪᠯᠠᠬᠤ᠂  ᠤᠷᠢᠳᠴᠢᠯᠠᠨ ᠪᠣᠯᠵᠣᠬᠤ᠂ ᠠᠵᠢᠯ ᠶᠠᠪᠤᠳᠠᠯ ᠭᠦᠶᠴᠡᠳᠬᠡᠬᠦ ᠵᠡᠷᠭᠡ ᠦᠶᠯᠡᠴᠢᠯᠡᠭᠡ  ᠬᠠᠩᠭᠠᠵᠤ᠂ ᠣᠯᠠᠨ ᠲᠦᠮᠡᠨ ᠤ ᠨᠠᠰᠢ ᠴᠠᠰᠢ ᠬᠦᠶᠦᠵᠦ  ᠨᠢᠬᠡ ᠲᠠᠯᠠᠪᠤᠷ ᠲᠤ ᠴᠤᠭᠯᠠᠷᠠᠬᠤ ᠶᠢ ᠪᠠᠭᠠᠰᠬᠠᠨ᠂ ᠬᠡᠷ ᠠᠴᠠ ᠪᠠᠨ ᠭᠠᠷᠬᠤ ᠥᠬᠡᠶ ᠪᠠᠷ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠭᠦᠶᠴᠡᠳᠬᠡᠬᠦ ᠶᠢ  ᠪᠡᠶᠡᠯᠡᠬᠦᠯᠵᠡᠢ᠃  ︽ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠬᠤᠭᠤᠴᠠᠭᠠᠨ ᠳᠤ᠂  ᠦᠢᠯᠡᠴᠢᠯᠡᠬᠡᠨ ᠤ ᠲᠢᠩᠬᠢᠮ ᠨᠢ ᠡᠩ ᠲᠡᠷᠢᠭᠦᠨ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠵᠢᠯᠲᠠᠳ ᠤᠨ ᠠᠮᠠᠪᠴᠢ ᠵᠡᠭᠦᠬᠦ ᠶᠢ ᠴᠢᠩᠭ᠎ᠠ ᠱᠠᠭᠠᠷᠳᠠᠨ᠂ ᠲᠣᠭᠲᠠᠭᠰᠠᠨ ᠬᠤᠭᠤᠴᠠᠭ᠎ᠠ ᠲᠠᠢ  ᠠᠷᠢᠭᠤᠳᠬᠠᠯ ᠴᠡᠪᠡᠷᠡᠯᠡᠭᠡ ᠬᠢᠵᠦ᠂  ᠣᠷᠴᠢᠨ ᠲᠣᠭᠤᠷᠢᠨ ᠤ  ᠠᠷᠢᠭᠤᠨ ᠴᠡᠪᠡᠷ ᠢ ᠪᠠᠳᠤᠯᠠᠬᠤ  ᠶᠢᠨ ᠬᠠᠮᠳᠤ᠂  ᠣᠷᠣᠵᠤ ᠭᠠᠷᠬᠤ ᠤᠯᠠᠨ ᠲᠦᠮᠡᠨ ᠳᠤ ᠴᠤ ᠪᠡᠶ᠎ᠡ ᠶᠢᠨ ᠬᠠᠯᠠᠭᠤᠨ ᠢ ᠬᠡᠮᠵᠢᠬᠦ᠂ ᠦᠨᠡᠨ ᠨᠡᠷ᠎ᠡ ᠪᠠᠷ ᠲᠠᠩᠰᠠᠯᠠᠬᠤ᠂ ᠲᠤᠰᠬᠠᠢ ᠬᠥᠮᠦᠨ ᠲᠠᠭᠠᠭᠤᠯᠵᠤ ᠲᠦᠷᠭᠡᠨ ᠲᠦᠳᠡ ᠬᠦᠢᠴᠡᠳᠭᠡᠬᠦ ᠵᠡᠷᠭᠡ ᠠᠮᠤᠷ ᠲᠦᠪᠰᠢᠨ ᠴᠢᠨᠠᠷ ᠰᠠᠶᠢᠲᠠᠢ ᠦᠢᠯᠡᠴᠢᠯᠡᠭᠡ ᠬᠠᠩᠭᠠᠪᠠ᠃ 8 ᠰᠠᠷ᠎ᠠ ᠠᠴᠠ ᠨᠠᠰᠢ ᠦᠢᠯᠡᠴᠢᠯᠡᠬᠡᠨ ᠤ ᠲᠢᠩᠬᠢᠮ ᠨᠢ ᠨᠡᠶᠢᠲᠡ 5534 ᠠᠵᠢᠯ ᠶᠠᠪᠤᠳᠠᠯ ᠬᠦᠢᠴᠡᠳᠭᠡᠵᠦ᠂  ᠡᠬᠦᠨ ᠤ ᠲᠤᠳᠤᠷ᠎ᠠ 2056 ᠶᠢ ᠨᠢ ᠰᠦᠯᠵᠢᠶᠡᠨ ᠳᠡᠭᠡᠷ᠎ᠡ᠂ 3478 ᠶᠢ ᠨᠢ ᠴᠣᠩᠬᠤᠪᠴᠢ ᠪᠠᠷ  ᠬᠦᠢᠴᠡᠳᠭᠡᠭᠡᠳ᠂  ᠬᠦᠢᠴᠡᠳᠭᠡᠭᠰᠡᠨ ᠶᠠᠰᠤ ᠴᠢᠨᠠᠷ ᠪᠠ ᠲᠤᠭ᠎ᠠ ᠬᠡᠮᠵᠢᠶ᠎ᠡ ᠨᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠵᠢᠭ ᠰᠡᠷᠭᠡᠶᠢᠯᠡᠯᠳᠡ ᠪᠠ ᠰᠢᠯᠢᠳᠡᠭ ᠦᠶᠯᠡᠴᠢᠯᠡᠭᠡ ᠠᠢ ᠠᠯᠢᠨ ᠢ ᠴᠤ  ᠪᠠᠳᠤᠯᠠᠵᠤ ᠪᠠᠶᠢᠨ᠎ᠠ  ︾  ᠬᠡᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠡᠳ᠋ ᠳᠠᠷᠤᠭ᠎ᠠ ᠵᠠᠩ ᠱᠤ᠋ ᠵᠢᠤᠸᠠᠨ ᠶᠠᠷᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号