ᠭᠦᠨᠪᠤᠯᠠᠭ ᠰᠤᠮᠤ 《 ᠠᠯᠪᠠᠲᠠᠨ ᠤ ᠬᠠᠤᠯᠢ 》 ᠶᠢᠨ  ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2021/8/18
8  ᠰᠠᠷ᠎ᠠ ᠶᠢᠨ 17 ᠤ ᠡᠳᠦᠷ᠂ ᠭᠦᠨᠪᠤᠯᠠᠭ ᠰᠤᠮᠤ 《 ᠠᠯᠪᠠᠲᠠᠨ ᠤ ᠬᠠᠤᠯᠢ 》 ᠵᠢᠴᠢ ᠢᠵᠢ ᠪᠥᠷᠢᠳᠦᠭᠰᠡᠨ ᠲᠦᠷᠢᠮ ᠲᠤᠭᠳᠠᠭᠠᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ  ᠬᠢᠵᠦ᠂ 《 ᠠᠯᠪᠠᠲᠠᠨ ᠤ ᠬᠠᠤᠯᠢ 》 ᠶᠢ ᠰᠤᠷᠤᠯᠴᠠᠬᠤ ᠶᠢᠨ ᠬᠠᠮᠲᠤ ᠬᠠᠮᠢᠶ᠎ᠠ ᠪᠥᠬᠦᠶ ᠢᠵᠢ ᠪᠥᠷᠢᠳᠦᠭᠰᠡᠨ ᠲᠦᠷᠢᠮ ᠲᠣᠭᠲᠠᠭᠠᠯ ᠢ ᠨᠠᠷᠢᠨ ᠲᠠᠶᠢᠯᠪᠤᠷᠢᠯᠠᠵᠤ᠂ ᠠᠯᠪᠠᠲᠠᠨ ᠢ ᠲᠣᠮᠢᠯᠠᠨ ᠬᠡᠷᠡᠭᠯᠡᠬᠦ ᠨᠥᠬᠦᠴᠡᠯ᠂  ᠠᠯᠪᠠᠳᠠᠨ ᠤ  ᠡᠷᠭᠡ ᠪᠠ ᠡᠬᠦᠷᠭᠡ᠂  ᠠᠯᠪᠠᠳᠠᠨ  ᠤ ᠬᠢᠨᠠᠨ ᠰᠢᠯᠭᠠᠯᠲᠠ᠂  ᠠᠯᠪᠠᠳᠠᠨ ᠳᠤ ᠬᠢᠨᠠᠯᠲᠠ ᠲᠠᠯᠪᠢᠬᠤ ᠪᠠ ᠵᠠᠯᠬᠠᠭᠠᠨ ᠴᠡᠭᠡᠷᠯᠡᠭᠦᠯᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ  ᠬᠢᠴᠢᠶᠡᠯ ᠲᠠᠶᠢᠯᠤᠮᠵᠢ ᠬᠢᠭᠰᠡᠨ ᠪᠠᠶᠢᠨ᠎ᠠ᠃ ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ  ᠰᠤᠮᠤᠨ ᠤ ᠺᠠᠳ᠋ᠷᠴᠤᠳ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠪᠯᠡᠷᠡᠨ ᠰᠤᠷᠤᠯᠴᠠᠬᠤ᠂  ᠦᠪᠡᠷᠳᠡᠭᠡᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠠᠷ 《 ᠠᠯᠪᠠᠲᠠᠨ ᠤ ᠬᠠᠤᠯᠢ 》 ᠪᠣᠯᠤᠨ ᠢᠵᠢ ᠪᠥᠷᠢᠳᠦᠭᠰᠡᠨ ᠲᠦᠷᠢᠮ ᠲᠣᠭᠲᠠᠭᠠᠯ ᠢ ᠨᠠᠷᠢᠨ ᠬᠢᠨᠠᠮᠠᠭᠠᠶ ᠰᠤᠷᠤᠯᠴᠠᠵᠤ᠂ ᠬᠠᠮᠢᠶ᠎ᠠ ᠪᠥᠬᠦᠶ  ᠲᠦᠷᠢᠮ ᠲᠣᠭᠲᠠᠭᠠᠯ ᠪᠣᠯᠤᠨ ᠠᠵᠢᠯ  ᠤᠨ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ 《 ᠭᠦᠨᠪᠤᠯᠠᠭ  ᠰᠤᠮᠤᠨ ᠤ ᠠᠯᠪᠠᠲᠠᠨ ᠢ ᠰᠢᠯᠭᠠᠨ ᠬᠢᠨᠠᠬᠤ ᠠᠵᠢᠯ ᠤᠨ ᠲᠦᠰᠦᠪ》 ᠲᠠᠢ  ᠤᠶᠠᠯᠳᠤᠭᠤᠯᠵᠤ᠂ ᠠᠯᠪᠠᠲᠠᠨ ᠤ ᠡᠩ ᠤᠨ ᠦᠶ᠎ᠡ ᠶᠢᠨ  ᠬᠢᠨᠠᠨ ᠰᠢᠯᠭᠠᠬᠤ ᠠᠵᠢᠯ ᠢ ᠬᠢᠨᠠᠮᠠᠭᠠᠶ  ᠰᠠᠶᠢᠨ ᠬᠢᠬᠦ ᠶᠢᠨ ᠬᠠᠮᠲᠤ  ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠬᠠᠮᠢᠶ᠎ᠠ ᠪᠥᠬᠦᠶ ᠮᠡᠳᠡᠭᠡ ᠵᠠᠩᠭᠢ ᠶᠢ  ᠢᠳᠡᠪᠬᠢᠳᠡᠢ ᠪᠠᠷ ᠤᠯᠠᠮᠵᠢᠯᠠᠨ ᠲᠠᠷᠬᠠᠭᠠᠵᠤ᠂  ᠰᠢᠯᠢᠳᠡᠭ ᠰᠠᠶᠢᠨ ᠠᠵᠢᠯᠯᠠᠬᠤ ᠪᠠ ᠤᠬᠠᠭᠤᠯᠬᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠪᠡ᠃  ᠰᠤᠮᠤᠨ ᠤ ᠤᠳᠤᠷᠢᠳᠬᠤ ᠪᠠᠭ ᠤᠨ ᠭᠡᠰᠢᠬᠦᠳ ᠪᠠ  ᠪᠦᠬᠦ ᠰᠤᠮᠤᠨ ᠤ ᠠᠯᠪᠠᠳᠠᠳ ᠬᠤᠷᠠᠯ  ᠰᠤᠷᠤᠯᠭ᠎ᠠ ᠳᠤ ᠤᠷᠤᠯᠴᠠᠵᠠᠢ᠃
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号