8 ᠰᠠᠷ᠎ᠠ ᠶᠢᠨ 17 ᠤ ᠡᠳᠦᠷ᠂ ᠭᠦᠨᠪᠤᠯᠠᠭ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ | ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ | ᠪᠠᠶᠢᠭᠤᠯᠬᠤ ᠭᠡᠰᠢᠭᠦᠨ ᠰᠢᠶᠤᠤ ᠱᠤ᠋ ᠴᠢ ᠠᠴᠠ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠨᠢᠭᠡᠳᠦᠭᠡᠷ | ᠱᠦᠵᠢ ᠪᠣᠯᠤᠨ ᠭᠡᠰᠢᠭᠦᠳ ᠤᠨ ᠨᠡᠷᠡᠰ ᠢ ᠤᠩᠰᠢᠨ ᠨᠡᠶᠢᠲᠡᠯᠡᠵᠦ᠂ ᠪᠦᠬᠦ ᠬᠤᠰᠢᠭᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠳᠠ ᠶᠢᠨ ᠶᠡᠭᠡ ᠬᠤᠷᠠᠯ ᠳᠡᠭᠡᠷᠡᠬᠢ | ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠴᠦᠨ ᠭᠤᠸᠠᠩ ᠤᠨ ᠶᠠᠷᠢᠶᠠᠨ | ᠤ ᠵᠣᠷᠢᠭ ᠰᠠᠨᠠᠭ᠎ᠠ ᠶᠢ ᠤᠯᠠᠮᠵᠢᠯᠠᠵᠤ᠂ ᠨᠠᠮ ᠤᠨ ᠬᠤᠷᠢᠶᠠᠨ ᠤ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠤᠮᠤᠨ | ᠳᠠᠷᠤᠭ᠎ᠠ ᠶᠢᠨ ᠵᠢᠱᠢᠭᠳᠡᠭᠴᠢ ᠦᠷᠴᠠᠶᠢᠬᠤ ᠠᠴᠠ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠤᠨ ᠲᠠᠷᠬᠠᠭᠠᠭᠰᠠᠨ《 ᠭᠠᠴᠠᠭ᠎ᠠ ᠲᠣᠰᠬᠤᠨ ᠳᠤ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢ ᠦᠷᠭᠦᠯᠵᠢᠯᠡᠨ | ᠲᠣᠮᠢᠯᠠᠬᠤ ᠠᠵᠢᠯ ᠤᠨ ᠬᠡᠷᠡᠭᠵᠢᠭᠦᠯᠬᠦ ᠲᠦᠰᠦᠪ 》 ᠢ ᠤᠯᠠᠮᠵᠢᠯᠠᠭᠰᠠᠨ ᠪᠥᠭᠡᠳ 2021 ᠣᠨ ᠤ ᠪᠦᠬᠦ ᠰᠤᠮᠤᠨ | ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠶᠯᠡᠰ ᠤᠨ ᠲᠥᠷᠥᠯ ᠵᠦᠶᠯ ᠢ ᠨᠠᠷᠢᠨ | ᠲᠠᠨᠢᠯᠴᠠᠭᠤᠯᠪᠠ᠃ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠶᠢᠨ | ᠵᠢᠱᠢᠭᠳᠡᠭᠴᠢ ᠭᠦᠸᠧ ᠰᠢᠶᠤᠤ ᠮᠧᠩ ᠬᠤᠷᠠᠯ ᠲᠡᠭᠡᠷ᠎ᠡ ᠴᠢᠬᠤᠯᠠᠴᠢᠯᠠᠬᠤ ᠳᠠᠭᠠᠨ᠂ 《 ᠲᠠᠪᠤ ᠶᠢ ᠵᠡᠷᠭᠡᠪᠡᠷ | ᠠᠬᠢᠭᠤᠯᠵᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ 》 ᠵᠢᠯᠣᠭᠤᠳᠬᠤ ᠰᠠᠨᠠᠯ ᠶᠣᠰᠣᠭᠠᠷ᠂ ᠨᠠᠮ ᠠᠷᠠᠳ | ᠲᠦᠮᠡᠨ ᠺᠠᠳ᠋ᠷ ᠠᠷᠠᠳ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ ᠰᠠᠶᠢᠲᠤᠷ ᠠᠳᠬᠤᠬᠤ ᠬᠡᠷᠡᠭᠲᠡᠢ᠃ ︽ᠨᠢᠭᠡᠳᠦᠭᠡᠷ ᠱᠦᠵᠢ︾ ᠨᠠᠷ | ᠭᠠᠴᠠᠭᠠᠨ ᠤ 《 ᠬᠤᠶᠠᠷ ᠵᠥᠪᠯᠡᠯ 》 ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠭᠠᠴᠠᠭᠠᠨ | ᠤ ᠦᠨᠳᠦᠰᠦᠨ ᠪᠠᠶᠢᠳᠠᠯ ᠢ ᠤᠶᠢᠯᠠᠭᠠᠨ᠂ ᠲᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠶᠯᠡᠰ ᠤᠨ ᠲᠥᠷᠥᠯ᠂ ᠰᠠᠭᠤᠷᠢ ᠲᠥᠬᠦᠭᠡᠷᠦᠮᠵᠢ ᠶᠢᠨ ᠲᠥᠷᠥᠯ ᠤᠨ ᠲᠥᠷᠥᠯ ᠵᠦᠶᠯ ᠢ | ᠲᠥᠯᠥᠪᠵᠢᠭᠦᠯᠬᠦ ᠶᠢᠨ ᠬᠠᠮᠲᠤ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ᠂ ᠰᠤᠮᠤ | ᠱᠠᠲᠤᠨ ᠤ ᠲᠥᠷᠥᠯ ᠵᠦᠶᠯ ᠤᠨ ᠬᠥᠮᠥᠷᠭᠡ ᠶᠢ ᠪᠠᠶᠢᠭᠤᠯᠬᠤ ᠭᠡᠷᠡᠭᠳᠡᠢ᠃ ᠠᠵᠢᠯᠯᠠᠬᠤ ᠠᠩᠭᠢ ᠶᠢᠨ ᠬᠢᠨ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠵᠣᠯᠭᠠᠭᠤᠯᠵᠤ᠂ ᠭᠠᠴᠠᠭᠠᠨ ᠳᠤ ᠰᠠᠭᠤᠬᠤ | ᠠᠵᠢᠯ ᠤᠨ ᠢᠶᠠᠨ ᠲᠡᠷᠢᠭᠦᠨ ᠴᠢᠬᠤᠯᠠ ᠡᠭᠦᠷᠭᠡ ᠪᠤᠯᠭᠠᠨ᠂ ᠬᠢᠨᠠᠨ ᠬᠡᠮᠵᠢᠬᠦ ᠴᠢᠬᠤᠯᠠᠳᠠᠢ ᠡᠷᠦᠬᠡ ᠶᠢᠨ ᠡᠳᠦᠷ | ᠲᠤᠲᠤᠮ ᠤᠨ ᠬᠢᠨᠠᠨ ᠬᠡᠮᠵᠢᠬᠦ ᠠᠵᠢᠯ ᠢ ᠰᠠᠶᠢᠨ ᠬᠢᠬᠦ ᠭᠡᠷᠡᠭᠳᠡᠢ᠃ ᠭᠠᠴᠠᠭᠠᠨ ᠤ 《 ᠬᠤᠶᠠᠷ ᠵᠥᠪᠯᠡᠯ 》 ᠤᠨ | ᠬᠢᠨ ᠠᠵᠢᠯᠯᠠᠬᠤ ᠠᠩᠭᠢ ᠳᠤ ᠪᠥᠬᠦ ᠬᠦᠴᠦᠨ ᠢᠶᠠᠷ ᠬᠠᠮᠵᠢᠯᠴᠠᠵᠤ᠂ ᠰᠠᠭᠤᠬᠤ ᠭᠠᠵᠠᠷ ᠪᠠ ᠭᠡᠷᠡᠭᠰᠡᠬᠦ ᠵᠦᠢᠯᠡᠰ ᠢ | ᠰᠠᠶᠢᠳᠤᠷ ᠲᠤᠬᠢᠷᠠᠭᠤᠯᠤᠨ᠂ ᠠᠵᠢᠯᠯᠠᠬᠤ ᠠᠩᠭᠢ ᠲᠠᠢ ᠬᠠᠮᠳᠤ ᠳᠠᠭᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠡᠷᠡᠭᠲᠡᠶ ᠬᠡᠵᠡᠢ᠃ | ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠡᠯ᠎ᠡ ᠭᠠᠴᠠᠭᠠᠨ ᠤ ᠬᠠᠷᠢᠭᠤᠴᠠᠯᠭᠠᠳᠠᠨ ᠵᠢᠴᠢ ᠭᠠᠴᠠᠭᠠᠨ ᠳᠤ | ᠰᠠᠭᠤᠭ᠎ᠠ ᠨᠢᠭᠡᠳᠦᠭᠡᠷ ᠱᠦᠵᠢ᠂ ᠠᠵᠢᠯᠯᠠᠬᠤ ᠠᠩᠭᠢ ᠶᠢᠨ ᠭᠡᠰᠢᠭᠦᠳ ᠬᠤᠷᠠᠯ ᠳᠤ ᠣᠷᠣᠯᠴᠠᠪᠠ᠃ |