ᠪᠣᠤᠴᠠᠩ ᠪᠠᠯᠭᠠᠰᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/8/21
 8 ᠰᠠᠷ᠎ᠠ ᠶᠢᠨ 19 ᠤ ᠡᠳᠦᠷ᠂  ᠪᠤᠤᠴᠠᠩ ᠪᠠᠯᠭᠠᠰᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂  ᠡᠯ᠎ᠡ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ  ᠤᠨ ᠱᠦᠵᠢ᠂ ᠳᠡᠳ᠋ ᠱᠦᠵᠢ ᠵᠢᠴᠢ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ᠂ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠴᠢᠬᠤᠯᠠᠴᠢᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠯᠤᠰ ᠬᠡᠲᠦ ᠶᠢ  ᠪᠤᠳᠤᠯᠬᠢᠯᠠᠭᠰᠠᠨ ᠲᠤᠭᠳᠠᠯᠴᠠᠭ᠎ᠠ ᠶᠢ ᠪᠠᠶᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠰᠠᠭᠤᠭᠠᠯᠢ ᠲᠣᠭᠤᠷᠢᠭ   ᠢ ᠲᠠᠭᠠᠭᠠᠴᠢᠯᠠᠭᠰᠠᠨ ᠪᠠᠶᠢᠭᠤᠯᠭ᠎ᠠ ᠨᠢᠬᠡᠴᠡ ᠯᠦᠭᠡ ᠢᠳᠡᠪᠬᠢᠲᠡᠶ ᠬᠠᠷᠢᠯᠴᠠᠬᠤ ᠶᠢᠨ ᠬᠠᠮᠲᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠷᠢᠨ ᠬᠠᠭᠤᠳᠠᠰᠤ ᠪᠠᠷ ᠪᠠᠷᠢᠮᠵᠢᠶᠠᠯᠠᠨ ᠵᠤᠷᠪᠤᠰ ᠳᠠᠷᠠᠭᠠᠯᠠᠨ ᠡᠮᠬᠢᠯᠡᠵᠦ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠬᠤᠭᠤᠴᠠᠭ᠎ᠠ ᠲᠤᠭᠳᠠᠵᠤ ᠱᠠᠭᠠᠷᠳᠠᠨ ᠬᠦᠢᠴᠡᠳᠭᠡᠬᠦ ᠬᠡᠷᠡᠭᠲᠡᠶ᠃ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠂ ᠡᠭᠦᠳᠦᠨ ᠪᠠᠶᠢᠭᠤᠯᠬᠤ ᠠᠵᠢᠯ   ᠤᠨ ᠲᠦᠷᠢᠮᠵᠢᠵᠦ᠂ ᠪᠠᠶᠢᠩᠭᠤᠵᠢᠬᠤ ᠶᠢ ᠤᠯᠠᠮ ᠨᠢᠭᠡ ᠠᠯᠬᠤᠮ ᠠᠬᠢᠭᠤᠯᠬᠤ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号