ᠰᠢᠩ ᠹᠦ᠋ ᠰᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/8/23
8 ᠰᠠᠷ᠎ᠠ ᠶᠢᠨ 20 ᠤ ᠦᠳᠡ ᠶᠢᠨ ᠡᠮᠦᠨ᠎ᠡ᠂ ᠰᠢᠩ ᠹᠦ᠋ ᠰᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ  ᠲᠤᠬᠢᠷᠠᠭᠤᠯᠵᠤ ᠲᠠᠬᠢᠨ ᠪᠠᠶᠢᠷᠢᠯᠠᠭᠤᠯᠪᠠ  ᠃ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠬᠦᠳ ᠪᠠ ᠺᠠᠳ᠋ᠷ ᠠᠵᠢᠯᠳᠠᠨ ᠬᠤᠷᠠᠯ ᠳᠤ ᠣᠷᠣᠯᠴᠠᠵᠤ᠂  ᠨᠠᠮ ᠤᠨ ᠬᠤᠷᠢᠶᠠᠨ ᠤ ᠱᠦᠵᠢ ᠰᠦᠩ ᠹᠧᠩ ᠬᠤᠷᠠᠯ ᠡᠷᠬᠢᠯᠡᠵᠡᠢ᠃ ᠰᠦᠩ ᠹᠧᠩ  ᠬᠤᠷᠠᠯ ᠲᠡᠭᠡᠷ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠲᠤᠬᠢᠷᠠᠭᠤᠯᠤᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠰᠠᠶᠢᠨ ᠬᠢᠵᠦ᠂ ᠭᠠᠳᠠᠨ᠎ᠠ ᠠᠴᠠ ᠢᠷᠡᠭᠰᠡᠨ ᠬᠥᠮᠦᠰ   ᠢ ᠨᠠᠷᠢᠨ ᠨᠢᠮᠪᠠᠢ ᠲᠠᠩᠰᠠᠯᠠᠨ᠂   ᠬᠠᠯᠠᠭᠤᠨ ᠢ  ᠬᠡᠮᠵᠢᠬᠦ᠂ ᠠᠶᠠᠯᠠᠯ ᠤᠨ ᠺᠣᠳ᠋᠂ ᠡᠷᠡᠭᠦᠯ ᠮᠡᠨᠳᠦ ᠶᠢᠨ ᠺᠣᠳ᠋ ᠶᠢ ᠰᠢᠯᠭᠠᠬᠤ  ᠵᠡᠷᠭᠡ ᠡᠯ᠎ᠡ  ᠲᠦᠷᠦᠯ ᠤᠨ ᠰᠡᠷᠭᠡᠶᠢᠯᠡᠯᠳᠡ ᠶᠢᠨ ᠠᠵᠢᠯ ᠢ  ᠰᠠᠶᠢᠨ ᠬᠢᠬᠦ ᠬᠡᠷᠡᠭᠲᠡᠶ᠃  ᠲᠠᠷᠢᠯᠭ᠎ᠠ   ᠶᠢᠨ ᠠᠵᠢᠯ ᠢ ᠪᠥᠬᠦ ᠬᠦᠴᠦᠨ ᠢᠶᠠᠷ ᠠᠬᠢᠭᠤᠯᠤᠨ᠂  ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠢᠯᠠᠩᠭᠤᠶ᠎ᠠ ᠦᠵᠡᠯ ᠰᠠᠨᠠᠭᠠᠨ ᠳᠡᠭᠡᠷ᠎ᠡ ᠪᠠᠨ ᠭᠤᠶᠢᠪᠢᠯᠵᠠᠵᠤ ᠪᠠᠶᠢᠪᠠᠯ ᠤᠬᠠᠭᠤᠯᠭ᠎ᠠ ᠶᠢᠨ ᠠᠵᠢᠯ ᠢ ᠬᠦᠯᠢᠴᠡᠩᠭᠦᠶ ᠪᠠᠷ ᠰᠠᠶᠢᠲᠤᠷ ᠬᠢᠵᠦ᠂   ᠤᠯᠠᠨ ᠲᠦᠮᠡᠨ ᠤ ᠡᠷᠡᠭᠡᠯᠵᠡᠯ ᠢ ᠠᠷᠢᠯᠭᠠᠨ᠂  ᠰᠡᠷᠭᠡᠶᠢᠯᠡᠯᠳᠡ ᠶᠢᠨ ᠲᠠᠷᠢᠯᠭ᠎ᠠ ᠶᠢᠨ   ᠴᠢᠬᠤᠯᠠ ᠠᠴᠢ ᠬᠤᠯᠪᠣᠭᠳᠠᠯ ᠢ ᠰᠠᠶᠢᠲᠤᠷ ᠤᠬᠠᠭᠤᠯᠬᠤ ᠬᠡᠷᠡᠭᠲᠡᠶ᠃  ᠵᠢᠭᠰᠠᠭᠠᠨ ᠪᠠᠶᠢᠴᠠᠭᠠᠬᠤ ᠠᠵᠢᠯ ᠢ ᠰᠠᠶᠢᠨ ᠬᠢᠵᠦ᠂ ᠪᠠᠶᠢᠩᠭᠤ ᠰᠠᠭᠤᠭ᠎ᠠ ᠬᠥᠮᠦᠨ ᠠᠮᠠ  ᠶᠢᠨ ᠪᠥᠬᠦ ᠲᠠᠯ᠎ᠠ ᠶᠢᠨ ᠪᠠᠶᠢᠴᠠᠭᠠᠯᠳᠠ ᠶᠢ ᠦᠨᠳᠦᠰᠦᠯᠡᠨ᠂ ᠲᠣᠰᠬᠤᠨ ᠪᠤᠯᠭᠠᠨ ᠬᠥᠮᠦᠨ ᠨᠢᠬᠡᠪᠦᠷᠢ ᠳᠤ ᠡᠬᠡ ᠲᠠᠩᠰᠠ ᠪᠠᠶᠢᠭᠤᠯᠵᠤ᠂   ᠳᠠᠭᠠᠭᠠᠴᠢᠯᠠᠭᠰᠠᠨ ᠤᠳᠤᠷᠢᠳᠤᠯᠭ᠎ᠠ ᠶᠡᠷᠦᠩᠬᠡᠶ ᠬᠦᠰᠦᠨᠦᠭᠲᠦ ᠲᠠᠢ᠂ ᠲᠣᠰᠬᠤᠨ ᠤ ᠺᠠᠳ᠋ᠷ ᠬᠤᠪᠢᠶᠠᠷᠢ ᠬᠦᠰᠦᠨᠦᠭᠲᠦ ᠲᠠᠢ ᠪᠠᠶᠢᠬᠤ ᠶᠢ ᠪᠠᠳᠤᠯᠠᠨ᠂ ᠬᠠᠨᠳᠤᠯᠭᠠᠳᠤ  ᠴᠢᠨᠠᠷᠲᠠᠶ ᠪᠠᠷ ᠠᠵᠢᠯ ᠢᠶᠠᠨ ᠦᠷᠨᠢᠬᠦᠯᠬᠦ ᠭᠡᠷᠡᠭᠳᠡᠢ᠃  ᠵᠣᠬᠢᠶᠠᠨ ᠪᠠᠶᠢᠭᠤᠯᠬᠤ ᠠᠵᠢᠯ ᠢ  ᠰᠠᠶᠢᠨ ᠬᠢᠵᠦ᠂ ᠲᠠᠷᠢᠯᠭ᠎ᠠ ᠶᠢᠨ ᠠᠵᠢᠯ ᠢ ᠦᠨᠡᠨ ᠬᠦ  ᠠᠬᠢᠭᠤᠯᠤᠨ᠂ ᠬᠥᠳᠡᠯᠵᠦ ᠪᠠᠷᠢᠬᠤ ᠳᠤ ᠳᠥᠭᠦᠮ ᠦᠭᠡᠢ  ᠬᠦᠮᠦᠰ ᠢ ᠲᠡᠷᠭᠡ ᠲᠣᠮᠢᠯᠠᠨ ᠲᠤᠰᠴᠤ ᠬᠦᠷᠭᠡᠵᠦ᠂ ᠣᠨᠴᠠᠭᠠᠢ ᠬᠥᠮᠦᠰ  ᠤᠨ ᠲᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠠᠵᠢᠯ ᠢ ᠰᠠᠶᠢᠲᠤᠷ ᠬᠢᠬᠦ ᠬᠡᠷᠡᠭᠲᠡᠢ ᠬᠡᠵᠦ ᠱᠠᠭᠠᠷᠳᠠᠪᠠ᠃   ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠵᠤᠤ ᠢᠤᠢ ᠪᠤᠤ   ᠠᠴᠠ ᠬᠢᠵᠢᠭ ᠰᠡᠷᠭᠡᠶᠢᠯᠡᠬᠦ ᠠᠷᠭ᠎ᠠ ᠬᠡᠮᠵᠢᠶ᠎ᠡ᠂  ᠰᠡᠷᠭᠡᠶᠢᠯᠡᠯᠳᠡ ᠶᠢᠨ ᠲᠠᠷᠢᠯᠭ᠎ᠠ ᠲᠠᠷᠢᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ  ᠠᠵᠢᠯ ᠤᠨ  ᠲᠤᠬᠠᠢ ᠪᠠᠶᠢᠷᠢᠯᠠᠭᠤᠯᠤᠯᠳᠠ ᠬᠢᠵᠡᠢ᠃ ᠬᠤᠷᠠᠯ ᠤᠨ ᠡᠴᠦᠰ ᠲᠤ᠂ ᠰᠢᠶᠠᠩ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ  ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠳᠤ ᠪᠠᠷ ᠰᠤᠷᠤᠯᠴᠠᠭᠰᠠᠨ ᠪᠦᠬᠡᠳ ᠪᠤᠰᠤᠳ ᠠᠵᠢᠯ   ᠤᠨ ᠲᠠᠯ᠎ᠠ ᠪᠠᠷ ᠶᠠᠷᠢᠯᠴᠠᠨ ᠰᠤᠳᠤᠯᠪᠠ᠃
 
ᠢᠷᠡᠯᠲᠡ᠄ ᠰᠢᠩ ᠹᠦ᠋ ᠰᠢᠶᠠᠩ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号