ᠰᠢᠯᠢᠳᠡᠭ ᠡᠬᠦᠯᠳᠡᠷ ᠠᠴᠠ ᠠᠰᠢᠭ ᠬᠦᠷᠳᠡᠭᠰᠡᠨ ᠰᠢᠨ᠎ᠡ ᠡᠷᠡᠨ ᠤ ᠮᠠᠯᠴᠢᠨ ᠵᠠᠯᠠᠭᠤ
ᠨᠡᠶᠢᠲᠡᠯᠡᠭᠰᠡᠨ ᠴᠠᠭ᠄
2021/8/24
 ᠣᠶᠢᠷ᠎ᠠ ᠶᠢᠨ ᠵᠢᠯ ᠠᠴᠠ ᠳᠤ᠂ ᠲᠠᠶᠢᠹᠤᠰᠧ ᠬᠤᠰᠢᠭᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ  ᠪᠠᠶᠢᠭᠤᠯᠤᠯᠲᠠ ᠶᠢ ᠪᠥᠬᠦ ᠲᠠᠯ᠎ᠠ ᠪᠠᠷ  ᠴᠢᠩᠭᠠᠳᠬᠠᠨ᠂ ᠤᠯᠠᠮᠵᠢᠯᠠᠯᠲᠤ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠠᠰᠤᠷᠠᠯᠲᠠ ᠥᠬᠡᠶ ᠬᠤᠪᠢᠷᠠᠭᠤᠯᠵᠤ᠂ ᠮᠠᠯᠴᠢᠨ ᠲᠠᠷᠢᠶᠠᠴᠢᠨ ᠢ ᠢᠳᠡᠪᠬᠢᠲᠡᠶ ᠬᠥᠲᠥᠯᠦᠨ ᠵᠢᠯᠣᠭᠤᠳᠴᠤ ᠪᠠᠶᠢᠭᠠᠳ ᠮᠠᠯ ᠠᠵᠤ ᠠᠬᠤᠶ ᠶᠢᠨ ᠠᠵᠤ ᠦᠶᠯᠡᠰ ᠤᠨ ᠪᠦᠲᠦᠴᠡ ᠶᠢ ᠲᠤᠬᠢᠷᠠᠭᠤᠯᠤᠨ᠂  ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠦᠶᠢᠯᠡᠰᠵᠢᠭᠰᠡᠨ ᠡᠵᠡᠩᠨᠡᠯᠲᠡ ᠶᠢᠨ ᠵᠠᠮ ᠢᠶᠠᠷ ᠵᠠᠮᠨᠠᠵᠤ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ  ᠶᠢ ᠲᠠᠶᠢᠹᠤᠰᠧ ᠬᠤᠰᠢᠭᠤᠨ ᠤ  ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ ᠴᠢᠬᠤᠯᠠ ᠬᠦᠴᠦᠨ ᠪᠠ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ  ᠭᠤᠤᠯᠯᠠᠭᠴᠢ ᠬᠦᠴᠦᠨ ᠪᠤᠯᠭᠠᠨ ᠬᠦᠭᠵᠢᠬᠦᠯᠵᠡᠢ᠃  《 ᠥᠩᠭᠡᠷᠡᠭᠰᠡᠨ ᠳᠤ ᠮᠠᠨ ᠤ ᠬᠢᠨ ᠴᠥᠮ ᠨᠤᠲᠤᠭ ᠤᠨ ᠬᠤᠨᠢ ᠲᠡᠵᠢᠭᠡᠵᠦ ᠪᠠᠶᠢᠵᠠᠶ᠂  ᠶᠠᠰᠤ ᠴᠢᠨᠠᠷ ᠨᠢ ᠬᠡᠳᠦᠶᠢᠪᠡᠷ ᠰᠠᠶᠢᠨ ᠪᠣᠯᠪᠠᠴᠤ ᠦᠷ᠎ᠡ ᠠᠰᠢᠭ ᠨᠢ ᠶᠡᠷᠦ ᠠᠴᠠ ᠲᠤᠶᠢᠯ ᠤᠨ ᠳᠣᠤᠷ᠎ᠠ  ᠪᠠᠶᠢᠳᠠᠭ  ᠃ 2017 ᠣᠨ  ᠳᠤ᠂   ᠮᠠᠨᠠᠶᠢᠬᠢᠨ ᠴᠥᠭᠡᠨ ᠲᠡᠵᠢᠭᠡᠵᠦ ᠨᠠᠷᠢᠯᠢᠭ ᠲᠡᠵᠢᠭᠡᠬᠦ ᠵᠠᠮ ᠢᠶᠠᠷ  ᠵᠠᠮᠨᠠᠨ᠂  ᠨᠤᠲᠤᠭ ᠤᠨ ᠬᠤᠨᠢ ᠪᠠᠨ ᠴᠠᠬᠠᠷ ᠬᠤᠨᠢ ᠪᠠᠷ ᠰᠣᠯᠢᠵᠤ᠂ ᠤᠯᠠᠮᠵᠢᠯᠠᠯᠲᠤ ᠮᠠᠯᠵᠢᠯ ᠤᠨ ᠠᠷᠭ᠎ᠠ ᠬᠡᠯᠪᠡᠷᠢ ᠪᠠᠨ ᠦᠬᠡᠷᠡᠴᠢᠯᠡᠨ᠂ ᠰᠢᠨᠵᠢᠯᠡᠬᠦ ᠤᠬᠠᠭᠠᠨᠴᠢ  ᠪᠠᠷ ᠲᠡᠵᠢᠭᠡᠨ ᠦᠷᠡᠵᠢᠭᠦᠯᠬᠦ   ᠶᠢᠨ ᠬᠠᠮᠳᠤ ᠦᠢᠯᠡᠳᠪᠦᠷᠢᠯᠡᠯ ᠡᠵᠡᠩᠨᠡᠯᠲᠡ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ  ᠲᠡᠭᠡᠭᠰᠢᠯᠡᠬᠦᠯᠦᠭᠰᠡᠨ ᠢᠶᠠᠷ᠂ ᠦᠷ᠎ᠡ ᠠᠰᠢᠭ  ᠵᠢᠯ ᠠᠴᠠ ᠵᠢᠯ ᠥᠨᠳᠥᠷ  ᠪᠤᠯᠵᠠᠢ︾  ᠬᠡᠵᠦ ᠭᠦᠨᠪᠤᠯᠠᠭ ᠰᠤᠮᠤᠨ ᠤ ᠡᠮᠦᠨ᠎ᠡ  ᠸᠠᠶᠤᠤ ᠭᠠᠴᠠᠭᠠᠨ ᠤ ᠮᠠᠯᠴᠢᠨ ᠭᠤᠤ ᠢᠤᠢ ᠲᠠᠩ  ᠶᠠᠷᠢᠯ᠎ᠠ᠃   2017 ᠣᠨ ᠳᠤ᠂  ᠡᠳᠡᠨᠡᠶᠢᠬᠢᠨ  ᠰᠠᠶᠢᠨ ᠡᠬᠦᠯᠳᠡᠷ ᠤᠨ ᠬᠤᠨᠢᠨ ᠳᠤ ᠨᠥᠬᠦᠪᠥᠷᠢ ᠤᠯᠭᠤᠬᠤ ᠲᠥᠷᠥᠯ ᠵᠦᠶᠯ ᠢᠶᠠᠷ ᠳᠠᠮᠵᠢᠨ 200 ᠴᠠᠬᠠᠷ ᠡᠬᠦᠯᠳᠡᠷ ᠤᠨ ᠡᠮ᠎ᠡ ᠬᠤᠨᠢ ᠪᠠ 7 ᠬᠤᠴᠠ ᠬᠤᠳᠠᠯᠳᠤᠨ ᠠᠪᠴᠠᠶ᠂ ᠲᠤᠬᠠᠶ ᠶᠢᠨ ᠦᠶ᠎ᠡ ᠳᠤ ᠨᠢᠭᠡ ᠬᠤᠨᠢᠨ  ᠳᠤ ᠵᠠᠰᠠᠭ ᠤᠨ ᠣᠷᠳᠣᠨ ᠠᠴᠠ 600 ᠲᠥᠭᠦᠷᠢᠭ ᠨᠦᠬᠦᠪᠦᠷᠢᠯᠡᠭᠰᠡᠨ ᠪᠠᠶᠢᠪᠠ᠃ ᠭᠤᠤ ᠢᠤᠢ ᠲᠠᠩ ᠲᠤᠬᠠᠶ ᠶᠢᠨ ᠵᠢᠯ ᠳᠡᠭᠡᠨ ᠭᠡᠷ ᠪᠦᠯᠢ ᠶᠢᠨ ᠮᠠᠯᠵᠢᠯ ᠤᠨ ᠲᠠᠯᠠᠪᠠᠢ ᠳᠠᠩᠰᠠᠯᠠᠭᠤᠯᠪᠠ᠃  ᠴᠠᠬᠠᠷ ᠬᠤᠨᠢ ᠨᠢ ᠲᠤᠬᠠᠶ ᠶᠢᠨ ᠭᠠᠵᠠᠷ ᠤᠨ ᠠᠭᠤᠷ ᠠᠮᠢᠰᠬᠤᠯ ᠳᠤ ᠵᠣᠬᠢᠴᠠᠬᠤ ᠴᠢᠨᠠᠷ ᠢᠶᠠᠷ ᠴᠢᠩᠭ᠎ᠠ᠂ ᠦᠷᠡᠵᠢᠬᠦ ᠨᠣᠷᠮ᠎ᠠ ᠥᠨᠳᠥᠷ᠂ ᠥᠰᠥᠯᠲᠡ ᠪᠣᠶᠢᠵᠢᠯᠲᠠ ᠲᠦᠷᠭᠡᠨ᠂ ᠪᠡᠶ᠎ᠡ ᠪᠢᠯᠳᠠᠷ ᠲᠤᠮᠤ᠂  ᠲᠠᠷᠭᠤ ᠬᠦᠴᠦ ᠰᠠᠶᠢᠨ ᠮᠥᠷᠲᠡᠭᠡᠨ ᠮᠢᠬ᠎ᠠ᠂  ᠨᠣᠤᠰᠣ᠂ ᠠᠷᠠᠰᠤᠨ ᠤ  ᠪᠤᠷᠤᠯᠠᠭᠤᠯᠭ᠎ᠠ ᠶᠢᠨ ᠦᠨ᠎ᠡ ᠨᠢ ᠪᠦᠷ ᠨᠤᠲᠤᠭ ᠤᠨ ᠡᠭᠦᠯᠳᠡᠷ ᠠᠴᠠ ᠥᠨᠳᠥᠷ ᠪᠠᠶᠢᠳᠠᠭ  ᠬᠡᠨ᠎ᠡ᠃  ᠣᠶᠢᠷ᠎ᠠ ᠶᠢᠨ ᠭᠤᠷᠪᠠᠨ ᠵᠢᠯ ᠳᠤ᠂  ᠭᠤᠤ ᠢᠤᠢ ᠲᠠᠩ ᠲᠡᠵᠢᠭᠡᠨ ᠦᠷᠡᠵᠢᠭᠦᠯᠦᠭᠰᠡᠨ ᠴᠠᠬᠠᠷ ᠬᠤᠨᠢ ᠪᠠᠨ 2800 ᠲᠦᠬᠦᠷᠢᠭ   ᠢᠶᠠᠷ ᠵᠠᠷᠤᠵᠤ᠂  ᠬᠤᠷᠠᠭ᠎ᠠ ᠨᠢ 1300 ᠲᠥᠭᠦᠷᠢᠭ ᠬᠦᠷᠦᠭᠡᠳ  ᠂ ᠠᠰᠢᠭ ᠣᠷᠣᠯᠭ᠎ᠠ ᠨᠢ ᠲᠤᠩ ᠰᠠᠶᠢᠨ  ᠪᠤᠯᠵᠠᠢ ᠂ ᠡᠳᠡᠨ ᠤ ᠮᠠᠯᠵᠢᠭᠰᠠᠨ ᠬᠤᠨᠢ ᠬᠤᠷᠠᠭ᠎ᠠ ᠨᠢ  ᠪᠠᠰᠠ 2019 ᠤᠨ᠂ 2020 ᠤᠨ ᠤ《  ᠪᠦᠬᠦ ᠠᠶᠢᠮᠠᠭ ᠤᠨ ᠰᠠᠶᠢᠨ ᠡᠭᠦᠯᠳᠡᠷ ᠤᠨ ᠮᠠᠯ ᠢ ᠠᠳᠠᠯᠢᠳᠬᠠᠨ ᠰᠢᠯᠭᠠᠷᠠᠭᠤᠯᠬᠤ ᠴᠤᠭᠯᠠᠭᠠᠨ 》 ᠳᠤ ᠲᠤᠰᠪᠤᠷᠢ  ᠬᠤᠶᠠᠳᠤᠭᠠᠷ᠂  ᠭᠤᠷᠪᠠᠳᠤᠭᠠᠷ ᠳᠡᠰ ᠤᠨ ᠱᠠᠩᠨᠠᠯ ᠬᠦᠷᠳᠡᠵᠦ ᠦᠩᠭᠡᠷᠡᠭᠰᠡᠨ ᠪᠠᠶᠢᠨ᠎ᠠ᠃ ᠭᠤᠤ  ᠢᠤᠢ ᠲᠠᠩ ᠤᠨ  ᠡᠵᠡᠩᠨᠡᠭᠰᠡᠨ ᠭᠡᠷ ᠪᠦᠯᠢ ᠶᠢᠨ ᠮᠠᠯᠵᠢᠯ ᠤᠨ ᠲᠠᠯᠠᠪᠠᠶ ᠪᠣᠯ  ᠲᠠᠶᠢᠹᠤᠰᠧ ᠬᠤᠰᠢᠭᠤᠨ ᠤ ᠴᠠᠬᠠᠷ ᠬᠤᠨᠢ ᠲᠡᠵᠢᠭᠡᠨ ᠦᠷᠡᠵᠢᠭᠦᠯᠬᠦ ᠠᠵᠤ ᠦᠶᠯᠡᠰ ᠢ ᠬᠥᠭᠵᠢᠭᠦᠯᠦᠭᠰᠡᠨ ᠨᠢᠭᠡᠨ ᠬᠤᠷᠢᠶᠠᠩᠭᠤᠶ ᠳᠦᠷᠰᠦ  ᠬᠡᠵᠦ ᠬᠡᠯᠡᠵᠦ ᠪᠣᠯᠤᠨ᠎ᠠ᠃ ᠣᠶᠢᠷ᠎ᠠ ᠶᠢᠨ ᠵᠢᠯ ᠳᠤ᠂  ᠲᠠᠶᠢᠹᠤᠰᠧ ᠬᠤᠰᠢᠭᠤ   ᠨᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠴᠥᠭᠡᠨ ᠲᠡᠵᠢᠭᠡᠵᠦ ᠨᠠᠷᠢᠯᠢᠭ ᠮᠠᠯᠵᠢᠬᠤ ᠬᠥᠭᠵᠢᠯᠲᠡ ᠶᠢᠨ ᠵᠠᠮ ᠢᠶᠠᠷ ᠵᠠᠮᠨᠠᠨ᠂ 《 ᠴᠠᠬᠠᠷ 》 ᠬᠤᠨᠢ  ᠦᠰᠭᠡᠨ ᠦᠷᠡᠵᠢᠭᠦᠯᠬᠦ ᠶᠢ ᠠᠵᠤ ᠦᠶᠯᠡᠰ ᠤᠨ ᠬᠥᠭᠵᠢᠯᠲᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠲᠥᠷᠥᠯ ᠵᠦᠶᠯ ᠤᠨ ᠲᠡᠮᠵᠢᠯᠬᠡ᠂ ᠮᠥᠩᠭᠦᠨ ᠭᠦᠶᠯᠭᠡᠭᠡᠨ ᠤ ᠲᠡᠮᠵᠢᠯᠬᠡ ᠵᠡᠷᠭᠡ   ᠪᠠᠷ ᠳᠠᠮᠵᠢᠨ᠂ ᠴᠠᠬᠠᠷ ᠬᠤᠨᠢ ᠮᠠᠯᠵᠢᠬᠤ ᠲᠤᠰᠬᠠᠶ ᠬᠤᠷᠰᠢᠶᠠᠵᠢᠯ᠂ ᠬᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠣᠶᠢᠵᠢᠭᠤᠯᠵᠤ᠂  ᠪᠠᠷᠢᠮᠵᠢᠶᠠᠵᠢᠭᠰᠠᠨ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠬᠡᠯᠪᠡᠷᠢ ᠶᠢ ᠲᠡᠯᠬᠡᠷᠡᠬᠦᠯᠦᠭᠡᠳ᠂ ᠴᠠᠬᠠᠷ ᠬᠤᠨᠢ ᠮᠠᠯᠵᠢᠬᠤ ᠨᠢ ᠠᠵᠤ ᠦᠶᠯᠡᠰ ᠤᠨ ᠠᠰᠢᠭ ᠢ  ᠨᠡᠮᠡᠭᠳᠡᠬᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠰᠠᠶᠢᠨ ᠠᠵᠤ ᠦᠶᠯᠡᠰ ᠪᠣᠯᠵᠠᠶ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号