ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ  ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵49 ᠲᠤᠭᠠᠳᠤ︶
ᠨᠡᠶᠢᠲᠡᠯᠡᠭᠰᠡᠨ ᠴᠠᠭ᠄
2021/8/24
《 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ 》 ᠪᠣᠯᠤᠨ 《 ᠬᠥᠬᠡᠭᠴᠢᠨ ᠲᠥᠷᠥᠯ ᠤᠨ ᠬᠠᠯᠳᠠᠪᠤᠷᠢᠳᠤ ᠡᠪᠡᠳᠴᠢᠨ ᠢ ᠬᠥᠬᠡ ᠲᠡᠰ ᠤᠨ  ᠬᠠᠯᠳᠠᠪᠤᠷᠢᠳᠤ ᠡᠪᠡᠳᠴᠢᠨ ᠤ ᠰᠡᠷᠭᠡᠶᠢᠯᠡᠯᠳᠡ ᠶᠢᠨ ᠠᠷᠭ᠎ᠠ ᠪᠠᠷ ᠬᠠᠮᠢᠶᠠᠷᠬᠤ 》 ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠲᠠᠷᠢᠯᠭ᠎ᠠ ᠶᠢ ᠳᠠᠷᠢᠬᠤ ᠪᠣᠯ ᠠᠷᠠᠳ ᠢᠷᠭᠡᠨ ᠨᠢᠭᠡᠪᠦᠷᠢ  ᠶᠢᠨ ᠭᠦᠶᠴᠡᠳᠬᠡᠪᠡᠰᠦ ᠵᠣᠬᠢᠬᠤ ᠬᠠᠷᠢᠭᠤᠴᠠᠯᠭ᠎ᠠ ᠪᠠ ᠡᠭᠦᠷᠭᠡ ᠮᠥᠨ᠃ ᠲᠠᠷᠢᠯᠭ᠎ᠠ ᠶᠢᠨ ᠴᠡᠭᠡᠷ ᠥᠬᠡᠶ ᠬᠥᠮᠦᠰ  ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠰᠡᠷᠭᠡᠶᠢᠯᠡᠯᠳᠡ ᠶᠢᠨ ᠲᠠᠷᠢᠯᠭ᠎ᠠ ᠶᠢ ᠱᠠᠯᠠᠪᠬᠠᠨ ᠲᠠᠷᠢᠭᠤᠯᠵᠤ᠂  ︽ᠲᠠᠷᠢᠬᠤ  ᠵᠤᠬᠢᠰᠳᠠᠢ ᠬᠦᠮᠦᠨ ᠪᠤᠯᠭᠠᠨ ᠳᠤ ᠲᠠᠷᠢᠬᠤ︾ ᠶᠢ ᠪᠡᠶᠡᠯᠡᠬᠦᠯᠬᠦ ᠭᠡᠷᠡᠭᠳᠡᠢ᠃  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ  ᠪᠠᠶᠢᠭᠤᠯᠤᠨ᠂ ᠪᠥᠬᠦ ᠬᠤᠰᠢᠭᠤᠨ ᠤ ᠠᠵᠤ ᠠᠬᠤᠶ ᠶᠢᠨ ᠲᠣᠭᠲᠠᠭᠤᠨ ᠡᠷᠭᠢᠯᠲᠡ ᠪᠠ ᠨᠡᠶᠢᠭᠡᠮ ᠤᠨ ᠡᠶ᠎ᠡ ᠵᠤᠬᠢᠴᠠᠯ ᠠᠮᠤᠷ ᠲᠣᠭᠲᠠᠭᠤᠨ ᠢ  ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠨᠢ  ᠪᠥᠬᠦ ᠬᠤᠰᠢᠭᠤᠨ ᠤ ᠭᠤᠤᠯᠳᠠᠯᠭ᠎ᠠ  ᠲᠠᠢ ᠲᠠᠯᠠᠪᠤᠷ ᠲᠤ ᠡᠷᠡᠭᠦᠯ ᠮᠡᠨᠳᠦ ᠶᠢᠨ ᠺᠣᠳ᠋  ᠪᠠ ᠲᠠᠷᠢᠯᠭ᠎ᠠ ᠶᠢᠨ ᠺᠤᠳ᠋ ᠶᠢ ᠰᠢᠯᠭᠠᠬᠤ ᠪᠠᠷ ᠪᠤᠯᠵᠤ᠂ ᠡᠳᠦᠭᠡ ᠬᠤᠯᠪᠤᠭᠳᠠᠬᠤ ᠤᠴᠢᠷ ᠢ ᠳᠣᠣᠷᠠᠬᠢ ᠮᠡᠲᠦ ᠮᠡᠳᠡᠭᠳᠡᠪᠡ᠄     ᠨᠢᠭᠡ᠂ 8 ᠰᠠᠷ᠎ᠠ ᠶᠢᠨ 22 ᠤᠨ ᠡᠳᠦᠷ ᠠᠴᠠ ᠡᠬᠢᠯᠡᠨ᠂ ᠪᠥᠬᠦ ᠬᠤᠰᠢᠭᠤᠨ ᠤ  ᠪᠠᠶᠢᠭᠤᠯᠭ᠎ᠠ  ᠨᠢᠬᠡᠴᠡ᠂ ᠠᠵᠤ ᠠᠬᠤᠶᠢᠯᠠᠯ᠂ ᠡᠮᠨᠡᠯᠭᠡ ᠶᠢᠨ ᠪᠠᠶᠢᠭᠤᠯᠤᠮᠵᠢ᠂  ᠡᠮ ᠤᠨ ᠳᠡᠯᠭᠡᠭᠦᠷ᠂ ᠲᠡᠷᠭᠡᠨ ᠥᠷᠲᠡᠭᠡ᠂  ᠵᠤᠴᠢᠳ ᠤᠨ  ᠪᠠᠭᠤᠳᠠᠯ  ᠂ ᠲᠡᠯᠬᠡᠬᠦᠷ ᠬᠤᠳᠠᠯᠳᠤᠭ᠎ᠠ᠂  ᠤᠬᠢᠶᠠᠯᠭ᠎ᠠ ᠶᠢᠨ ᠭᠠᠵᠠᠷ᠂ ᠠᠷᠠᠯᠵᠢᠶᠠᠨ ᠤ ᠵᠠᠬ᠎ᠠ  ᠂  ᠬᠤᠭᠤᠯᠠ ᠤᠮᠳᠠ  ᠶᠢᠨ ᠭᠠᠵᠠᠷ᠂ ᠵᠤᠭᠠᠴᠠᠯ ᠤᠨ ᠴᠡᠭ᠂  ᠨᠠᠭᠠᠳᠤᠮ ᠴᠡᠩᠬᠡᠬᠦᠨ ᠤ ᠲᠠᠯᠠᠪᠠᠢ  ᠂ ᠺᠢᠨᠣ᠋ ᠲᠢᠶᠠᠲᠷ᠂ ᠰᠣᠶᠣᠯ ᠤᠨ ᠣᠷᠳᠣᠨ᠂ ᠨᠣᠮ ᠤᠨ ᠰᠠᠩ ᠵᠡᠷᠭᠡ ᠭᠤᠤᠯᠳᠠᠯᠭ᠎ᠠ ᠲᠠᠢ ᠲᠠᠯᠠᠪᠤᠷ ᠨᠢ ᠲᠤᠰᠬᠠᠶ ᠬᠥᠮᠦᠨ ᠲᠣᠬᠢᠷᠠᠭᠤᠯᠤᠨ᠂  ᠣᠷᠣᠵᠤ  ᠭᠠᠷᠬᠤ ᠬᠥᠮᠦᠰ ᠲᠤ ᠡᠷᠡᠭᠦᠯ ᠮᠡᠨᠳᠦ ᠶᠢᠨ ᠺᠣᠳ᠋  ᠪᠠ ᠲᠠᠷᠢᠯᠭ᠎ᠠ   ᠶᠢᠨ ᠺᠣᠳ᠋《 ᠬᠤᠶᠠᠷ ᠺᠣᠳ᠋ 》 ᠢ ᠰᠢᠯᠭᠠᠨ ᠪᠠᠶᠢᠴᠠᠭᠠᠨ᠎ᠠ  ᠃ ᠲᠠᠷᠢᠯᠭ᠎ᠠ ᠳᠠᠷᠢᠭᠤᠯᠤᠭᠰᠠᠨ ᠥᠬᠡᠶ ᠬᠥᠮᠦᠰ ᠤᠨ ᠣᠪᠣᠭ ᠨᠡᠷ᠎ᠡ  ᠂ ᠬᠠᠷᠢᠯᠴᠠᠬᠤ ᠤᠲᠠᠰᠤ᠂  ᠰᠠᠭᠤᠭ᠎ᠠ ᠭᠠᠵᠠᠷ ᠵᠡᠷᠭᠡ ᠮᠡᠳᠡᠭᠡ ᠵᠠᠩᠭᠢ ᠶᠢ ᠶᠢ ᠬᠢᠨᠠᠨ ᠬᠠᠷᠭᠤᠭᠤᠯᠵᠤ  ᠲᠡᠮᠳᠡᠭᠯᠡᠨ ᠲᠠᠩᠰᠠᠯᠠᠭᠰᠠᠨ ᠤ ᠳᠠᠷᠠᠭ᠎ᠠ ᠰᠠᠶ᠋ᠢ  ᠤᠷᠤᠭᠤᠯᠵᠤ  ᠪᠣᠯᠤᠨ᠎ᠠ᠂ ᠡᠭᠦᠨ ᠤ ᠬᠠᠮᠲᠤ  ᠲᠠᠷᠢᠯᠭ᠎ᠠ ᠲᠠᠷᠢᠭᠰᠠᠨ ᠦᠬᠡᠢ  ᠬᠦᠮᠦᠨ ᠤ ᠨᠡᠷᠡᠰ ᠢ  ᠲᠤᠰ ᠬᠦᠮᠦᠨ ᠤ ᠬᠠᠷᠢᠶᠠᠯᠠᠭᠳᠠᠬᠤ  ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠳᠤᠨᠢ ᠮᠡᠳᠡᠭᠦᠯᠦᠨ᠎ᠡ ( ᠡᠯ᠎ᠡ ᠰᠤᠮᠤ ᠰᠢᠶᠠᠩ ᠪᠠᠯᠭᠠᠰᠤᠨ ᠤ ᠬᠠᠷᠢᠯᠴᠠᠬᠤ ᠤᠲᠠᠰᠤ᠄ ᠪᠣᠤᠴᠠᠩ ᠪᠠᠯᠭᠠᠰᠤ 5222227᠂ ᠭᠦᠨᠪᠤᠯᠠᠭ ᠰᠤᠮᠤ 5887015᠂ ᠴᠢᠶᠠᠨ ᠶᠢᠨ ᠭᠧᠦ ᠪᠠᠯᠭᠠᠰᠤ 2265514᠂  ᠬᠤᠩ ᠴᠢ ᠪᠠᠯᠭᠠᠰᠤ 5823064᠂ ᠯᠦᠸᠧ ᠲᠦᠸᠧ ᠱᠠᠨ ᠪᠠᠯᠭᠠᠰᠤ 5855017᠂ ᠶᠦᠩ ᠹᠧᠩ ᠪᠠᠯᠭᠠᠰᠤ 2265100᠂ ᠰᠢᠩ ᠹᠦ᠋ ᠰᠢᠶᠠᠩ 58999968 )᠃ ᠡᠯ᠎ᠡ ᠰᠤᠮᠤ ᠰᠢᠶᠠᠩ ᠪᠠᠯᠭᠠᠰᠤᠨ ᠤ  ᠵᠠᠰᠠᠭ ᠤᠨ ᠣᠷᠳᠣᠨ ᠨᠢ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ  ᠂  ᠡᠳᠡᠭᠡᠷ ᠬᠦᠮᠦᠰ ᠤᠨ ᠲᠠᠷᠢᠯᠭ᠎ᠠ ᠳᠠᠷᠢᠭᠤᠯᠤᠭᠰᠠᠨ ᠥᠬᠡᠶ ᠰᠢᠯᠲᠠᠭᠠᠨ ᠢ ᠣᠶᠢᠯᠠᠭᠠᠬᠤ ᠶᠢᠨ ᠬᠠᠮᠲᠤ ᠤᠬᠠᠭᠤᠯᠤᠨ ᠳᠠᠶᠢᠴᠢᠯᠠᠬᠤ ᠪᠠ  ᠲᠠᠷᠢᠯᠭ᠎ᠠ ᠳᠠᠷᠢᠬᠤ ᠦᠶᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠶ᠃    ᠬᠤᠶᠠᠷ  ᠂  ᠦᠷᠭᠡᠨ ᠤᠯᠠᠨ ᠭᠡᠷᠡᠭᠯᠡᠭᠴᠢᠳ ᠤᠨ ᠡᠷᠡᠬᠦᠯ ᠮᠡᠨᠳᠦ ᠪᠠ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ᠂  ᠡᠯ᠎ᠡ ᠲᠦᠷᠦᠯ ᠤᠨ  ᠨᠡᠶᠢᠳᠡ ᠶᠢᠨ ᠦᠢᠯᠡᠴᠢᠯᠡᠬᠡᠨ ᠤ ᠨᠢᠬᠡᠴᠡ ᠪᠠ ᠠᠵᠤ ᠠᠬᠤᠶᠢᠯᠠᠯ   ᠤᠨ  ᠲᠠᠷᠢᠯᠭ᠎ᠠ ᠲᠠᠷᠢᠭᠤᠯᠤᠭᠰᠠᠨ ᠦᠬᠡᠢ ᠠᠵᠢᠯᠳᠠᠨ ᠤᠨ ᠠᠵᠢᠯ ᠤᠨ ᠪᠠᠶᠢᠷᠢ ᠳᠤ ᠭᠠᠷᠬᠤ ᠶᠢ  ᠵᠠᠷᠴᠢᠮ ᠲᠡᠭᠡᠷ᠎ᠡ ᠪᠠᠨ ᠴᠠᠭᠠᠵᠠᠯᠠᠨ᠎ᠠ᠃ ᠡᠵᠡᠩᠨᠡᠭᠴᠢ ᠪᠤᠶᠤ ᠬᠠᠮᠢᠶᠠᠷᠤᠭᠴᠢ ᠨᠢ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂  ᠭᠡᠷᠪᠡ ᠲᠠᠷᠢᠯᠭ᠎ᠠ  ᠳᠠᠷᠢᠭᠤᠯᠤᠭᠰᠠᠨ ᠥᠬᠡᠶ ᠠᠴᠠ ᠪᠣᠯᠵᠣ  ᠬᠢᠵᠢᠭ ᠬᠠᠯᠳᠠᠪᠤᠷᠢᠯᠠᠭᠰᠠᠨ ᠬᠡᠷᠡᠭ ᠡᠬᠦᠰᠪᠡᠯ᠂ ᠬᠠᠤᠯᠢ ᠲᠦᠷᠢᠮ ᠤᠨ ᠲᠠᠭᠠᠤ ᠬᠦᠨᠳᠦ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ᠂  ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠬᠡᠴᠡ  ᠶᠢᠨ ᠲᠠᠷᠢᠯᠭ᠎ᠠ ᠳᠠᠷᠢᠭᠤᠯᠤᠭᠰᠠᠨ ᠥᠬᠡᠶ ᠺᠠᠳ᠋ᠷ ᠠᠵᠢᠯᠲᠠᠨ ᠵᠠᠷᠴᠢᠮ ᠳᠡᠭᠡᠷ᠎ᠡ ᠪᠠᠨ ᠬᠤᠷᠠᠯ ᠴᠤᠭᠯᠠᠭᠠᠨ᠂  ᠰᠤᠷᠤᠯᠭ᠎ᠠ ᠪᠣᠯᠪᠠᠰᠤᠷᠠᠯ ᠵᠡᠷᠭᠡ ᠳᠤ ᠣᠷᠣᠯᠴᠠᠵᠤ ᠪᠣᠯᠬᠤ ᠥᠬᠡᠶ ᠪᠥᠭᠡᠳ  ᠡᠳᠡᠭᠡᠷ ᠬᠦᠮᠦᠰ ᠤᠨ ᠠᠯᠪᠠᠨ ᠠᠵᠢᠯ ᠢᠶᠠᠷ ᠭᠠᠳᠠᠷ ᠮᠤᠵᠢ ᠤᠷᠤᠨ ᠳᠤ ᠭᠠᠷᠬᠤ ᠶᠢ ᠪᠠᠭᠠᠰᠬᠠᠨ᠎ᠠ᠃     ᠳᠥᠷᠪᠡ᠂ ᠲᠠᠷᠢᠯᠭ᠎ᠠ ᠶᠢᠨ ᠴᠡᠬᠡᠷ ᠤᠨ ᠭᠡᠷᠡᠴᠢ ᠬᠢᠯᠬᠡᠬᠦ ᠴᠢᠬᠤᠯᠠᠲᠠᠶ ᠬᠥᠮᠦᠰ᠂ ᠪᠡᠶ᠎ᠡ ᠶᠢᠨ ᠦᠨᠡᠮᠯᠡᠯ ᠪᠠ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠭᠰᠡᠨ ᠲᠡᠮᠳᠡᠭᠯᠡᠯ᠂ ᠡᠪᠡᠳᠴᠢᠨ ᠡᠮᠭᠡᠭ ᠤᠨ ᠭᠡᠷᠡᠴᠢ ᠵᠡᠷᠭᠡ ᠪᠠᠨ ᠠᠪᠴᠤ᠂  ᠲᠠᠷᠢᠯᠭ᠎ᠠ ᠶᠢᠨ ᠴᠡᠭ ᠲᠤ ᠬᠦᠷᠴᠦ ᠲᠤᠰᠬᠠᠶ ᠮᠡᠷᠭᠡᠵᠢᠯᠲᠡᠨ ᠢᠶᠠᠷ ᠬᠢᠨᠠᠨ  ᠲᠤᠭᠳᠠᠭᠠᠯᠭᠠᠵᠤ ᠭᠡᠷᠡᠴᠢ ᠭᠠᠷᠭᠠᠭᠤᠯᠤᠨ᠎ᠠ᠃  ᠲᠠᠷᠢᠯᠭ᠎ᠠ ᠶᠢᠨ ᠴᠡᠭᠡᠷ ᠦᠬᠡᠢ ᠬᠡᠵᠦ ᠲᠤᠭᠳᠠᠭᠠᠭᠳᠠᠭᠰᠠᠨ ᠬᠦᠮᠦᠰ ᠰᠡᠷᠭᠡᠶᠢᠯᠡᠯᠳᠡ ᠶᠢᠨ ᠲᠠᠷᠢᠯᠭ᠎ᠠ ᠶᠢ ᠲᠠᠷᠤᠶᠢᠬᠠᠨ ᠬᠢᠯᠬᠡᠬᠦ ᠭᠡᠷᠡᠭᠳᠡᠢ᠂ ᠶᠠᠮᠠᠷᠪᠠ ᠰᠢᠯᠲᠠᠭᠠᠨ ᠢᠶᠠᠷ ᠲᠠᠷᠢᠯᠭ᠎ᠠ ᠶᠢᠨ ᠠᠵᠢᠯ ᠤᠨ ᠡᠮᠬᠢ ᠵᠢᠷᠤᠮ  ᠢ ᠰᠠᠮᠠᠭᠤᠷᠠᠭᠤᠯᠵᠤ ᠪᠣᠯᠬᠤ ᠥᠬᠡᠶ᠃ ᠢᠳᠬᠠᠨ ᠬᠤᠷᠢᠭᠯᠠᠬᠤ ᠶᠢ ᠰᠣᠨᠣᠰᠬᠤ ᠥᠬᠡᠶ᠂  ᠤᠷᠰᠢᠭ  ᠶᠠᠷᠰᠢᠭ ᠲᠠᠲᠠᠭᠰᠠᠳ ᠠᠴᠠ ᠬᠠᠤᠯᠢ ᠶᠣᠰᠣᠭᠠᠷ  ᠬᠠᠷᠢᠭᠤᠴᠠᠯᠭ᠎ᠠ ᠨᠡᠬᠡᠮᠵᠢᠯᠡᠨ᠎ᠡ᠃     ᠲᠠᠪᠤ᠂ ᠡᠯ᠎ᠡ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠣᠯᠤᠨ ᠡᠯ᠎ᠡ ᠲᠠᠷᠢᠯᠭ᠎ᠠ ᠶᠢᠨ ᠴᠡᠭ   ᠨᠢ  ᠨᠠᠰᠤᠳᠠᠢ᠂  ᠵᠡᠮᠳᠡᠭ᠂  ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ   ᠢ ᠬᠠᠯᠠᠮᠵᠢᠯᠠᠵᠤ᠂  ᠲᠡᠳᠡᠨ ᠳᠤ ᠲᠠᠷᠢᠯᠭ᠎ᠠ ᠶᠢ ᠤᠷᠢᠳ ᠢᠶᠠᠷ ᠲᠤᠬᠢᠷᠠᠭᠤᠯᠤᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠠᠩᠬᠠᠷᠬᠤ ᠵᠦᠶᠯᠡᠰ ᠢ ᠨᠠᠷᠢᠨ ᠲᠠᠶᠢᠯᠪᠤᠷᠢᠯᠠᠵᠤ᠂ ᠤᠰᠤ ᠤᠮᠳᠠ᠂ ᠠᠮᠠᠷᠠᠵᠤ ᠰᠠᠭᠤᠬᠤ᠂ ᠨᠠᠷᠠ ᠪᠣᠷᠣᠭᠠᠨ ᠬᠠᠯᠬᠠᠯᠠᠬᠤ ᠵᠡᠷᠭᠡ  ᠲᠠᠯᠠᠪᠠᠷ ᠴᠢᠬᠤᠯᠠᠳᠠᠢ ᠦᠶᠯᠡᠴᠢᠯᠡᠭᠡ ᠬᠠᠩᠭᠠᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠲᠠᠷᠢᠯᠭ᠎ᠠ ᠬᠢᠬᠦ   ᠳᠡᠭᠡᠨ ᠡᠷᠬᠡᠪᠰᠢ ᠠᠮᠠᠪᠴᠢ  ᠵᠡᠬᠦᠵᠦ᠂ ᠨᠢᠭᠡ ᠮᠧᠲᠷ   ᠤᠨ ᠵᠠᠶ ᠶᠢ ᠪᠠᠳᠤᠯᠠᠨ᠂  ᠤᠪᠤᠭᠠᠷᠠᠵᠤ ᠪᠦᠬᠡᠮᠨᠡᠷᠡᠬᠦ ᠶᠢ ᠴᠡᠭᠡᠷᠯᠡᠵᠦ᠂  ᠠᠵᠢᠯᠲᠠᠳ ᠲᠠᠢ ᠢᠳᠡᠪᠬᠢᠲᠡᠶ ᠬᠠᠮᠵᠢᠯᠴᠠᠬᠤ ᠬᠡᠷᠡᠭᠲᠡᠶ᠃    ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠭᠤᠤᠯᠳᠠᠯᠭ᠎ᠠ ᠲᠠᠢ ᠲᠠᠯᠠᠪᠤᠷ ᠢᠶᠠᠷ ᠣᠷᠣᠵᠤ ᠭᠠᠷᠬᠤ ᠳᠠᠭᠠᠨ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠨᠢᠬᠡᠴᠡ ᠯᠦᠭᠡ ᠢᠳᠡᠪᠬᠢᠲᠡᠶ ᠬᠠᠮᠵᠢᠯᠴᠠᠨ᠂ ᠡᠷᠡᠭᠦᠯ ᠮᠡᠨᠳᠦ ᠶᠢᠨ ᠺᠣᠳ᠋ ᠪᠠ  ᠲᠠᠷᠢᠯᠭ᠎ᠠ ᠶᠢᠨ ᠺᠣᠳ᠋ ᠰᠢᠯᠭᠠᠨ  ᠪᠠᠶᠢᠴᠠᠭᠠᠬᠤ ᠱᠠᠭᠠᠷᠳᠠᠯᠭ᠎ᠠ ᠶᠢ ᠬᠡᠷᠡᠭᠵᠢᠭᠦᠯᠬᠦ ᠬᠡᠷᠡᠭᠲᠡᠶ᠃   ᠴᠠᠭ ᠲᠤᠬᠠᠶ ᠳᠤᠨᠢ ᠲᠠᠷᠢᠯᠭ᠎ᠠ ᠳᠠᠷᠢᠭᠰᠠᠨ ᠥᠬᠡᠶ ᠠᠴᠠ ᠪᠣᠯᠵᠣ ᠶᠠᠪᠤᠵᠤ ᠰᠠᠭᠤᠬᠤ ᠪᠠ  ᠠᠵᠢᠯᠯᠠᠵᠤ ᠬᠦᠳᠡᠯᠬᠦ ᠳᠤ ᠳᠥᠭᠦᠮ ᠦᠭᠡᠢ  ᠪᠤᠯᠬᠤ ᠠᠴᠠ ᠵᠠᠶᠢᠯᠠᠰᠬᠢᠬᠦ ᠶᠢᠨ ᠲᠥᠯᠥᠭᠡ᠂ 12 ᠠᠴᠠ ᠳᠡᠭᠡᠭᠰᠢᠬᠢ ᠨᠠᠰᠤᠨ ᠤ ᠰᠠᠭᠤᠭᠠᠯᠢ ᠠᠷᠠᠳ ᠲᠠᠷᠢᠯᠭ᠎ᠠ ᠪᠠᠨ ᠲᠠᠷᠢᠭᠤᠯᠤᠭᠠᠳᠤᠢ ᠪᠤᠯ ᠳᠠᠷᠤᠶ ᠲᠦᠷᠭᠡᠨ ᠲᠠᠷᠢᠭᠤᠯᠬᠤ ᠶᠢ ᠣᠨᠴᠠᠭᠠᠶᠢᠯᠠᠨ ᠰᠠᠨᠠᠭᠤᠯᠵᠤ ᠪᠠᠶᠢᠨᠠᠮ᠃   ᠤᠶᠢᠯᠠᠭᠠᠨ ᠲᠡᠮᠵᠢᠭᠰᠡᠨ ᠠᠷᠠᠳ ᠢᠷᠭᠡᠳ ᠲᠡᠭᠡᠨ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠣᠯᠠᠨ  ᠢᠶᠠᠷ ᠢᠶᠠᠨ ᠭᠠᠷ ᠬᠤᠯᠪᠣᠯᠴᠠᠨ ᠬᠠᠮᠲᠤ ᠪᠠᠷ ᠴᠢᠷᠮᠠᠶᠢᠵᠤ᠂ ᠬᠢᠯᠪᠠᠷ ᠪᠤᠰᠤ ᠪᠠᠷ ᠢᠷᠡᠭᠰᠡᠨ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠠᠮᠵᠢᠯᠳᠠ ᠶᠢ ᠪᠠᠳᠤᠳᠬᠠᠨ᠂   ᠬᠢᠵᠢᠭ ᠰᠡᠷᠭᠡᠶᠢᠯᠡᠯᠳᠡ ᠶᠢᠨ ᠪᠤᠯᠤᠳ ᠬᠠᠯᠠᠬᠠᠪᠴᠢ ᠶᠢ ᠲᠦᠷᠭᠡᠭᠡᠨ ᠪᠠᠶᠢᠭᠤᠯᠵᠠᠭᠠᠶ᠎ᠠ᠃                     ᠲᠠᠶᠢᠹᠤᠰᠧ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                     ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                  2021 ᠣᠨ ᠤ 8 ᠰᠠᠷ᠎ᠠ ᠶᠢᠨ 22 ᠤᠨ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号