ᠬᠤᠩ ᠴᠢ ᠪᠠᠯᠭᠠᠰᠤ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2021/8/26
ᠵᠡᠮᠳᠡᠭ ᠬᠦᠮᠦᠰ ᠲᠤ ᠠᠵᠢᠯ ᠤᠯᠭᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠬᠤ ᠠᠵᠢᠯ ᠤᠨ ᠦᠷ᠎ᠡ ᠪᠦᠲᠦᠭᠡᠯ ᠢ  ᠪᠠᠬᠢᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠰᠠᠳᠠ᠂  ᠬᠤᠩ ᠴᠢ ᠪᠠᠯᠭᠠᠰᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠪᠣᠯᠤᠨ 《  ᠣᠯᠠᠨ ᠲᠦᠮᠡᠨ ᠳᠤ  ᠪᠤᠳᠠᠳᠠᠢ ᠠᠵᠢᠯ ᠬᠢᠬᠦ 》 ᠶᠢ ᠨᠢᠭᠲᠠ ᠤᠶᠠᠯᠳᠤᠭᠤᠯᠵᠤ᠂ ᠵᠡᠮᠳᠡᠭᠴᠦᠳ   ᠲᠤ  ᠵᠤᠷᠢᠭᠤᠯᠤᠭᠰᠠᠨ ᠮᠡᠷᠭᠡᠵᠢᠯ   ᠤᠨ ᠪᠤᠯᠪᠠᠰᠤᠷᠠᠯ ᠡᠷᠬᠢᠯᠡᠪᠡ᠃   ᠬᠤᠰᠢᠭᠤᠨ ᠤ ᠵᠡᠮᠳᠡᠭᠴᠦᠳ ᠤᠨ ᠬᠤᠯᠪᠤᠭ᠎ᠠ   ᠠᠴᠠ ᠰᠢᠯᠢ ᠶᠢᠨ ᠭᠤᠣᠯ ᠠᠶᠢᠮᠠᠭ ᠤᠨ ᠶᠠᠩ ᠢ ᠠᠵᠢᠯ ᠮᠡᠷᠭᠡᠵᠢᠯ ᠤᠨ ᠪᠣᠯᠪᠠᠰᠤᠷᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠨᠠᠶᠢᠳᠠᠵᠤ  ᠡᠷᠬᠢᠯᠡᠭᠰᠡᠨ ᠡᠨᠡ ᠤᠳᠠᠭᠠᠨ ᠤ ᠪᠣᠯᠪᠠᠰᠤᠷᠠᠯ ᠨᠢ ᠬᠤᠩ ᠴᠢ ᠪᠠᠯᠭᠠᠰᠤᠨ ᠳᠤ ᠨᠡᠶᠢᠲᠡ ᠵᠢᠷᠭᠤᠭᠠᠨ ᠬᠤᠭᠤᠴᠠᠭ᠎ᠠ ᠲᠠᠢ ᠶᠠᠪᠤᠭᠳᠠᠵᠠᠢ᠃ 7  ᠰᠠᠷ᠎ᠠ ᠶᠢᠨ 31 ᠤ ᠡᠳᠦᠷ ᠠᠴᠠ ᠡᠬᠢᠯᠡᠨ᠂  ᠲᠤᠰ ᠪᠠᠯᠭᠠᠰᠤᠨ  ᠤ 18 — 59 ᠨᠠᠰᠤᠨ   ᠤ ᠠᠵᠢᠯ ᠬᠢᠬᠦ ᠬᠦᠰᠡᠯ ᠡᠷᠡᠮᠡᠯᠵᠡᠯ ᠲᠠᠢ ᠪᠠᠶᠢᠩᠭᠤ ᠰᠠᠭᠤᠭ᠎ᠠ  ᠵᠡᠮᠳᠡᠭ ᠬᠦᠮᠦᠰ ᠢ ᠵᠤᠬᠢᠶᠠᠨ ᠪᠠᠶᠢᠭᠤᠯᠵᠤ᠂ ᠭᠠᠷ ᠦᠢᠯᠡᠳᠬᠡᠯ  ᠪᠠ  ᠮᠢᠬᠠᠨ ᠤ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠵᠢᠷᠨ ᠭᠤᠤᠯ  ᠠᠭᠤᠯᠭ᠎ᠠ ᠪᠤᠯᠭᠠᠭᠰᠠᠨ ᠪᠣᠯᠪᠠᠰᠤᠷᠠᠯ ᠢ ᠡᠷᠬᠢᠯᠡᠭᠡᠳ᠂  ᠨᠡᠶᠢᠲᠡ 155 ᠬᠥᠮᠦᠨ ︵ᠤᠳᠠᠭ᠎ᠠ︶  ᠪᠤᠯᠪᠠᠰᠤᠷᠠᠯ ᠳᠤ  ᠤᠷᠤᠯᠴᠠᠭᠰᠠᠨ ᠪᠠᠶᠢᠨ᠎ᠠ᠃   ᠬᠤᠩ ᠴᠢ ᠪᠠᠯᠭᠠᠰᠤ   ᠨᠢ ᠡᠶᠢᠮᠦᠷᠬᠦ ᠠᠵᠢᠯ ᠤᠯᠵᠤ ᠦᠢᠯᠡᠰ ᠪᠦᠳᠦᠬᠡᠬᠦ ᠪᠤᠯᠪᠠᠰᠤᠷᠠᠯ  ᠢᠶᠠᠷ ᠲᠠᠮᠵᠢᠨ᠂ ᠵᠡᠮᠳᠡᠭᠴᠦᠳ ᠤᠨ   ᠤᠷᠮ᠎ᠠ ᠵᠤᠷᠢᠭ ᠢ  ᠬᠦᠪᠴᠢᠯᠡᠵᠦ᠂   ᠮᠡᠷᠭᠡᠵᠢᠯ ᠴᠢᠳᠠᠪᠤᠷᠢ ᠶᠢ ᠨᠢ ᠨᠡᠮᠡᠭᠳᠡᠬᠦᠯᠦᠨ᠂   ᠠᠵᠢᠯ ᠣᠯᠵᠤ ᠦᠢᠯᠡᠰ ᠪᠦᠳᠦᠬᠡᠬᠦ ᠠᠵᠠ ᠲᠣᠬᠢᠶᠠᠯ ᠤᠯᠭᠤᠵᠤ ᠪᠠᠶᠢᠨ᠎ᠠ᠃
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号