ᠠᠵᠤ ᠦᠶᠯᠡᠰ ᠢ ᠬᠥᠭᠵᠢᠭᠦᠯᠬᠦ ᠪᠣᠯ ᠭᠠᠴᠠᠭ᠎ᠠ ᠲᠣᠰᠬᠤᠨ ᠱᠠᠲᠤᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠬᠤ᠂ ᠮᠠᠯᠴᠢᠨ ᠲᠠᠷᠢᠶᠠᠴᠢᠨ ᠡᠷᠦᠬᠡ ᠶᠢᠨ ᠪᠠᠶᠠᠵᠢᠯ ᠴᠢᠨᠡᠭᠡᠯᠢᠭᠵᠢᠯ ᠶᠢ ᠪᠡᠶᠡᠯᠡᠭᠦᠯᠬᠦ ᠴᠢᠬᠤᠯᠠ ᠠᠷᠭ᠎ᠠ | ᠵᠠᠮ ᠪᠣᠯᠤᠨ᠎ᠠ᠃ ᠣᠶᠢᠷ᠎ᠠ ᠶᠢᠨ ᠵᠢᠯ ᠳᠤ᠂ ᠲᠠᠶᠢᠹᠤᠰᠧ ᠬᠤᠰᠢᠭᠤᠨ ᠤ ᠴᠢᠶᠠᠨ ᠶᠢᠨ ᠭᠸᠦ ᠪᠠᠯᠭᠠᠰᠤ ᠨᠢ ᠨᠠᠮ ᠤᠨ | ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ | ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠣᠬᠢᠶᠠᠨ | ᠪᠠᠶᠢᠭᠤᠯᠤᠯᠲᠠ ᠶᠢᠨ ᠰᠠᠭᠤᠷᠢ ᠶᠢ ᠪᠠᠬᠢᠵᠢᠬᠦᠯᠦᠨ᠂ ᠬᠠᠮᠲᠤ ᠶᠢᠨ ᠠᠵᠤ ᠠᠬᠤᠶ ᠪᠠᠨ ᠲᠠᠰᠤᠷᠠᠯᠲᠠ ᠥᠬᠡᠶ | ᠬᠥᠭᠵᠢᠭᠦᠯᠦᠨ ᠪᠤᠵᠠᠭᠠᠶᠢᠷᠠᠭᠤᠯᠵᠤ᠂ 《 ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ 》 ᠶᠢᠨ | ᠵᠠᠭᠪᠤᠷ ᠢ ᠢᠳᠡᠪᠬᠢᠲᠡᠶ ᠰᠦᠪᠡᠭᠴᠢᠯᠡᠨ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠪᠤᠵᠠᠭᠠᠶᠢᠷᠠᠭᠤᠯᠬᠤ | ᠰᠢᠨ᠎ᠡ ᠵᠠᠮ ᠢᠶᠠᠷ ᠵᠠᠮᠨᠠᠵᠤ ᠪᠠᠶᠢᠨ᠎ᠠ᠃ ᠳ᠋ᠠ ᠭᠧ ᠳ᠋ᠦᠩ ᠲᠣᠰᠬᠤᠨ ᠤ ᠤᠨᠴᠠᠯᠢᠬᠳᠤ ᠲᠠᠷᠢᠮᠠᠯ ᠤᠨ ᠰᠠᠭᠤᠷᠢᠨ ᠭᠠᠵᠠᠷ | ᠢᠶᠠᠷ ᠬᠦᠷᠬᠦ ᠳᠤ ᠂ 28 ᠰᠠᠭᠤᠷᠢ ᠨᠣᠭᠤᠭ᠎ᠠ ᠲᠠᠷᠢᠬᠤ ᠬᠦᠯᠡᠮᠵᠢ ᠨᠢ ᠬᠠᠷᠠᠭ᠎ᠠ ᠪᠤᠯᠢᠶᠠᠵᠤ ᠠᠩᠬᠠᠷᠤᠯ ᠲᠠᠲᠠᠨ᠎ᠠ᠃ | ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ ᠶᠢᠨ ᠲᠥᠯᠥᠭᠡ᠂ 2019 ᠣᠨ ᠳᠤ ᠳ᠋ᠠ ᠭᠧ ᠳ᠋ᠦᠩ | ᠲᠣᠰᠬᠤᠨ ᠨᠢ 125 ᠲᠦᠮᠡᠨ ᠲᠥᠭᠦᠷᠢᠭ ᠤᠨ ᠪᠠᠯᠠ ᠮᠥᠩᠭᠦ ᠶᠢ ᠡᠷᠡᠮᠡᠵᠯᠡᠨ ᠤᠯᠵᠤ ᠢᠳᠡᠰᠢᠨ ᠨᠤᠭᠤᠭᠠᠨ ᠤ | ᠬᠦᠯᠡᠮᠵᠢ ᠪᠠᠶᠢᠭᠤᠯᠵᠠᠢ᠃ ᠪᠠᠶᠢᠭᠤᠯᠤᠭᠰᠠᠨ ᠤ ᠳᠠᠷᠠᠭ᠎ᠠ ᠲᠣᠰᠬᠤᠨ ᠤ ᠨᠠᠮ ᠤᠨ ᠡᠭᠦᠷ ᠨᠢ ᠵᠢᠯ ᠪᠦᠷᠢ 8 ᠲᠦᠮᠡᠨ | ᠲᠥᠭᠦᠷᠢᠭ ᠤᠨ ᠲᠦᠷᠢᠶᠡᠰᠦᠨ ᠮᠥᠩᠭᠦ ᠪᠠᠷ ᠬᠦᠯᠡᠮᠵᠢ ᠪᠠᠨ ᠠᠵᠤ ᠠᠬᠤᠶᠢᠯᠠᠯ ᠳᠤ ᠲᠦᠷᠢᠶ᠋ᠶᠡᠰᠦᠯᠡᠬᠦᠯᠦᠬᠡᠳ᠂ | ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠠᠷᠪᠠᠭᠠᠳ ᠲᠠᠷᠢᠶᠠᠴᠢᠨ ᠢ | ᠳᠠᠶᠢᠴᠢᠯᠠᠨ ᠣᠷᠳᠣ ᠬᠤᠭᠤᠴᠠᠭ᠎ᠠ ᠪᠠᠷ ᠠᠵᠢᠯ ᠣᠯᠭᠤᠪᠠ᠃ ᠥᠩᠭᠡᠷᠡᠭᠰᠡᠨ ᠤ ᠳ᠋ᠡ ᠭᠧ ᠳ᠋ᠦᠩ ᠲᠣᠰᠬᠤᠨ ᠨᠢ | ᠬᠠᠮᠲᠤ ᠨᠡᠶᠢᠲᠡ ᠶᠢᠨ ᠡᠳ᠋ ᠬᠥᠷᠥᠩᠭᠡ ᠂ ᠡᠬᠢ ᠪᠠᠶᠠᠯᠢᠭ ᠬᠡᠵᠦ ᠥᠬᠡᠶ᠂ ᠬᠠᠮᠲᠤ ᠶᠢᠨ ᠠᠵᠤ ᠠᠬᠤᠶ ᠶᠢᠨ | ᠤᠷᠤᠯᠭ᠎ᠠ ᠭᠡᠵᠦ ᠪᠠᠷᠤᠭ ᠪᠠᠶᠢᠬᠤ ᠥᠬᠡᠶ᠂ ᠣᠯᠠᠩᠬᠢ ᠲᠠᠷᠢᠶᠠᠴᠢᠨ ᠤ ᠭᠤᠤᠯ ᠪᠣᠯᠬᠤ ᠠᠵᠤ ᠠᠬᠤᠶ ᠶᠢᠨ ᠢᠷᠡᠯᠲᠡ | ᠨᠢ ᠲᠠᠷᠢᠶᠠᠯᠠᠩ ᠡᠷᠭᠢᠯᠡᠬᠦ ᠶᠠᠪᠤᠳᠠᠯ ᠪᠣᠯᠤᠨ᠎ᠠ᠃ ᠲᠣᠰᠬᠤᠨ ᠤ ᠤᠳᠤᠷᠢᠳᠬᠤ ᠪᠠᠭ ᠤᠨ ᠬᠢᠨ ᠭᠠᠭᠴᠠ ᠬᠦ ᠠᠵᠤ | ᠦᠢᠯᠡᠰ ᠢ ᠬᠥᠭᠵᠢᠭᠦᠯᠬᠦ ᠪᠣᠯ ᠬᠠᠲᠠᠭᠤ ᠶᠣᠰᠣ᠂ ᠢᠩᠭᠢᠪᠡᠯ ᠰᠠᠶ᠋ᠢ ᠲᠣᠰᠬᠤᠨ ᠤ ᠠᠷᠠᠳ ᠢ ᠳᠠᠭᠠᠭᠤᠯᠤᠨ | ᠪᠠᠶᠠᠵᠢᠵᠤ ᠴᠢᠳᠠᠨ᠎ᠠ ᠬᠡᠳᠡᠭ ᠶᠤᠰᠤ ᠤᠴᠢᠷ ᠢ ᠭᠦᠨᠵᠡᠭᠡᠢ ᠤᠶᠢᠯᠠᠭᠠᠭᠰᠠᠨ ᠢᠶᠠᠷ ᠤᠯᠠᠨ ᠤ ᠤᠶᠤᠨ ᠤᠬᠠᠭᠠᠨ ᠢ | ᠲᠥᠪᠯᠡᠷᠡᠭᠦᠯᠵᠦ᠂ ᠵᠠᠮ ᠨᠡᠭᠡᠭᠡᠨ ᠰᠢᠨ᠎ᠡ ᠶᠢ ᠡᠬᠦᠳᠦᠭᠰᠡᠨ ᠪᠠᠶᠢᠯ᠎ᠠ᠃ ᠢᠩᠭᠢᠭᠡᠳ 28 ᠰᠠᠭᠤᠷᠢ ᠬᠦᠯᠡᠮᠵᠢ | ᠪᠠᠶᠢᠭᠤᠯᠤᠭᠠᠳ᠂ ᠲᠠᠷᠢᠶᠠᠴᠢᠳ ᠭᠠᠵᠠᠷ ᠰᠢᠷᠣᠢ ᠪᠠᠨ ᠲᠦᠷᠢᠶᠡᠰᠦᠯᠡᠬᠦᠯᠬᠦ᠂ ᠬᠥᠯᠥᠰᠥᠨ ᠠᠵᠢᠯ ᠬᠢᠬᠦ ᠵᠡᠷᠭᠡ | ᠬᠡᠯᠪᠡᠷᠢ ᠪᠠᠷ ᠠᠰᠢᠭ ᠤᠷᠤᠯᠭ᠎ᠠ ᠪᠠᠨ ᠨᠡᠮᠡᠭᠳᠡᠬᠦᠯᠦᠭᠰᠡᠨ ᠪᠠᠶᠢᠨ᠎ᠠ᠃ ︽ᠢᠳᠡᠰᠢᠨ ᠨᠤᠭᠤᠭᠠᠨ ᠤ ᠬᠦᠯᠡᠮᠵᠢ ᠨᠢ | ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ᠂ ᠵᠢᠯ ᠪᠦᠷᠢ ᠲᠣᠰᠬᠤᠨ | ᠤ ᠠᠷᠠᠳ ᠲᠤ 45 ᠲᠦᠮᠡᠨ ᠲᠥᠭᠦᠷᠢᠭ ᠤᠨ ᠠᠰᠢᠭ ᠬᠦᠷᠳᠡᠭᠡᠨ᠎ᠡ᠂ ᠲᠠᠷᠢᠶᠠᠴᠢᠳ ᠪᠠᠰᠠ ᠭᠡᠷ ᠤᠨ ᠢᠶᠠᠨ | ᠤᠶᠢᠷᠠᠬᠠᠨ ᠠᠵᠢᠯ ᠤᠯᠵᠤ ᠬᠢᠭᠡᠳ ᠰᠡᠳᠬᠢᠯ ᠶᠡᠭᠡ ᠬᠠᠨᠤᠮᠵᠢᠲᠠᠢ︾ ᠭᠡᠵᠦ ᠲᠣᠰᠬᠤᠨ ᠤ ᠨᠠᠮ ᠤᠨ ᠡᠭᠦᠷ ᠤᠨ | ᠱᠦᠵᠢ ᠯᠢ ᠵᠢᠶᠦ᠋ᠨ ᠶᠠᠷᠢᠨᠠᠮ᠃ ᠣᠷᠴᠢᠮ ᠤᠨ ᠵᠢᠯ ᠳᠤ᠂ ᠴᠢᠶᠠᠨ ᠶᠢᠨ ᠭᠸᠦ ᠪᠠᠯᠭᠠᠰᠤᠨ ᠤ ᠡᠯ᠎ᠡ ᠲᠣᠰᠬᠤᠨ ᠤ | ᠨᠠᠮ ᠤᠨ ᠡᠭᠦᠷ ᠨᠢ ᠡᠨᠡ ᠮᠡᠳᠦ ᠪᠠᠷ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ | ᠴᠢᠬᠤᠯᠠ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠪᠡᠯᠡ ᠮᠥᠩᠭᠦ ᠶᠢ ᠪᠦᠲᠦᠮᠵᠢᠲᠡᠶ ᠠᠰᠢᠭᠯᠠᠨ᠂ ᠭᠠᠵᠠᠷ | ᠣᠷᠣᠨ ᠤ ᠪᠠᠶᠢᠳᠠᠯ ᠳᠠᠭᠠᠨ ᠵᠤᠬᠢᠴᠠᠭᠤᠯᠵᠤ᠂ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠤᠭᠤᠮᠢ ᠶᠢ | ᠰᠢᠢᠳᠪᠦᠷᠢᠯᠡᠬᠦ ᠰᠢᠨ᠎ᠡ ᠠᠷᠭ᠎ᠠ ᠵᠠᠮ ᠶᠢ ᠬᠠᠶᠢᠵᠤ᠂ ᠲᠠᠷᠢᠶᠠᠴᠢᠳ ᠤᠨ ᠠᠰᠢᠭ ᠤᠷᠤᠯᠭ᠎ᠠ ᠶᠢ ᠨᠡᠮᠡᠭᠳᠡᠬᠦᠯᠦᠬᠡᠳ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠰᠠᠭᠤᠷᠢ ᠲᠠᠯᠪᠢᠵᠠᠢ᠃ |