ᠪᠤᠤᠴᠠᠩ ᠪᠠᠯᠭᠠᠰᠤᠨ ᠤ ᠬᠢᠨ ᠨᠡᠶᠢᠬᠡᠮ ᠲᠤᠭᠤᠷᠢᠭ ᠲᠤ ᠬᠦᠨᠵᠡᠬᠡᠶᠢᠷᠡᠨ ᠲᠠᠷᠢᠯᠭ᠎ᠠ ᠶᠢᠨ ᠠᠵᠢᠯ ᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/8/27
ᠨᠠᠰᠤᠲᠠᠶᠢᠴᠤᠳ ᠤᠨ ᠰᠡᠷᠭᠡᠶᠢᠯᠡᠯᠳᠡ ᠶᠢᠨ ᠲᠠᠷᠢᠯᠭ᠎ᠠ  ᠲᠠᠷᠢᠭᠤᠯᠬᠤ ᠳᠤ ᠲᠥᠬᠦᠮ  ᠦᠵᠡᠬᠦᠯᠦᠨ᠂ ᠲᠠᠷᠢᠯᠭ᠎ᠠ ᠶᠢᠨ ᠠᠵᠢᠯ ᠤᠨ ᠠᠮᠤᠷ ᠲᠦᠪᠰᠢᠨ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂  ᠪᠦᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠣᠭᠴᠠᠯᠠᠬᠤ ᠶᠢᠨ ᠲᠥᠯᠥᠭᠡ᠂ 8 ᠰᠠᠷ᠎ᠠ ᠶᠢᠨ 26 ᠤ ᠡᠳᠦᠷ  ᠪᠣᠤᠴᠠᠩ ᠪᠠᠯᠭᠠᠰᠤᠨ ᠤ ᠡᠯ᠎ᠡ ᠨᠡᠶᠢᠭᠡᠮ ᠲᠣᠭᠤᠷᠢᠭ   ᠨᠢ《 ᠣᠯᠠᠨ ᠲᠦᠮᠡᠨ ᠳᠤ ᠪᠤᠳᠠᠳᠠᠢ ᠠᠵᠢᠯ ᠬᠢᠬᠦ 》 ᠠᠵᠢᠯᠯᠠᠭ᠎ᠠ ᠲᠠᠢ ᠤᠶᠠᠯᠳᠤᠭᠤᠯᠵᠤ᠂ ᠰᠠᠭᠤᠭᠠᠯᠢ  ᠲᠣᠭᠤᠷᠢᠭ ᠲᠤ ᠭᠦᠨᠵᠡᠭᠡᠶᠢᠷᠡᠨ ᠨᠠᠰᠤᠳᠠᠶᠢᠴᠤᠳ ᠲᠤ ᠲᠠᠷᠢᠯᠭ᠎ᠠ ᠬᠢᠵᠦ ᠦᠭᠴᠡᠢ᠃  ᠠᠬᠤᠶ ᠲᠠᠯᠠᠪᠠᠶ ᠳᠤ᠂  ᠬᠤᠰᠢᠭᠤ ᠡᠮᠨᠡᠯᠬᠡ ᠶᠢᠨ ᠬᠤᠷᠢᠶᠠᠨ ᠤ ᠡᠮᠴᠢ ᠰᠤᠪᠢᠯᠠᠭᠴᠢᠳ   ᠢᠶᠠᠷ ᠪᠦᠷᠢᠯᠳᠦᠭᠰᠡᠨ《 ᠲᠠᠷᠢᠯᠭ᠎ᠠ ᠶᠢᠨ ᠰᠠᠯᠪᠤᠷᠢ ᠠᠩᠭᠢ 》 ᠶᠢᠨ ᠬᠢᠨ ᠨᠢᠭᠡ ᠲᠠᠯ᠎ᠠ ᠪᠠᠷ ᠨᠠᠰᠤᠲᠠᠶᠢᠴᠤᠳ ᠤᠨ ᠡᠷᠡᠭᠦᠯ ᠮᠡᠨᠳᠦ ᠶᠢᠨ ᠪᠠᠶᠢᠳᠠᠯ ᠢ  ᠠᠰᠠᠭᠤᠨ ᠯᠠᠪᠯᠠᠵᠤ᠂ ᠨᠥᠭᠦᠭᠡ ᠲᠠᠯ᠎ᠠ ᠪᠠᠷ ᠴᠢᠰᠤᠨ ᠳᠠᠷᠤᠯᠲᠠ ᠶᠢ ᠬᠡᠮᠵᠢᠨ᠂  ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠡᠰᠡᠬᠦ ᠶᠢ ᠪᠠᠶᠢᠴᠠᠭᠠᠨ ᠰᠢᠯᠭᠠᠵᠤ᠂  ᠰᠡᠷᠭᠡᠶᠢᠯᠡᠯᠳᠡ ᠶᠢᠨ ᠲᠠᠷᠢᠯᠭ᠎ᠠ ᠶᠢ ᠡᠮᠬᠢ ᠵᠢᠷᠤᠮ ᠲᠠᠢ ᠪᠠᠷ ᠬᠢᠵᠦ ᠪᠠᠶᠢᠯ᠎ᠠ᠃ 《 ᠬᠡᠷᠪᠡ ᠬᠠᠯᠠᠭᠤᠷᠠᠬᠤ ᠪᠤᠶᠤ ᠡᠪ ᠥᠬᠡᠶ ᠰᠠᠨᠠᠭᠳᠠᠵᠤ ᠪᠠᠶᠢᠪᠠᠯ  ᠲᠦᠷᠭᠡᠨ  ᠪᠢᠳᠡᠨ ᠳᠤ ᠬᠡᠯᠡᠭᠡᠷᠡᠢ᠂  ᠦᠨᠦᠳᠦᠷ ᠲᠡᠭᠡᠨ ᠪᠡᠶ᠎ᠡ ᠪᠠᠨ ᠤᠬᠢᠶᠠᠵᠤ ᠪᠣᠯᠬᠤ ᠥᠬᠡᠶ᠂ ᠮᠢᠬ᠎ᠠ ᠲᠤᠰᠤ ᠲᠠᠢ ᠵᠦᠢᠯ ᠪᠠᠭ᠎ᠠ ᠢᠳᠡᠬᠦ ᠬᠡᠷᠡᠭᠲᠡᠶ︾  ᠬᠡᠮᠡᠨ ᠡᠮᠴᠢ ᠰᠤᠪᠢᠯᠠᠭᠴᠢᠳ   ᠠᠴᠠ ᠲᠠᠷᠢᠯᠭ᠎ᠠ  ᠬᠢᠭᠰᠡᠨ ᠤ ᠳᠠᠷᠠᠭ᠎ᠠ  ᠨᠠᠰᠤᠳᠠᠶᠢᠴᠤᠳ ᠪᠠ ᠲᠡᠳᠡᠨ ᠤ ᠬᠡᠷ ᠪᠦᠯᠢ ᠶᠢᠨ ᠬᠢᠨ ᠳᠤ ᠠᠩᠬᠠᠷᠬᠤ ᠵᠦᠶᠯᠡᠰ ᠢ ᠳᠠᠬᠢᠨ ᠳᠠᠪᠲᠠᠨ ᠰᠠᠨᠠᠭᠤᠯᠵᠤ  ᠪᠠᠶᠢᠪᠠ᠃ ᠠᠵᠢᠯᠲᠠᠨ ᠤ ᠨᠠᠷᠢᠨ ᠨᠢᠮᠪᠠᠶ ᠲᠣᠬᠢᠷᠠᠭᠤᠯᠤᠯᠲᠠ ᠪᠣᠯᠤᠨ ᠬᠠᠯᠠᠭᠤᠨ ᠳᠣᠲᠣᠨᠣ ᠦᠶᠯᠡᠴᠢᠯᠡᠭᠡ ᠨᠢ ᠨᠠᠰᠤᠲᠠᠶᠢᠴᠤᠳ ᠲᠤ ᠲᠤᠩ ᠲᠠᠭᠠᠯᠠᠭᠳᠠᠵᠠᠢ᠃ ︽ ᠥᠨᠥᠳᠦᠷ ᠡᠮᠴᠢᠯᠡᠭᠡᠨ ᠤ ᠠᠩᠭᠢ ᠶᠢᠨ ᠬᠢᠨ ᠲᠤᠰᠬᠠᠶᠢᠯᠠᠨ ᠮᠠᠨ ᠤ ᠨᠡᠶᠢᠭᠡᠮ ᠲᠣᠭᠤᠷᠢᠭ ᠲᠤ ᠢᠷᠡᠵᠦ ᠪᠢᠳᠡᠨ ᠳᠤ ᠲᠠᠷᠢᠯᠭ᠎ᠠ ᠬᠢᠵᠦ ᠥᠭᠴᠡᠶ᠂ ᠡᠨᠡ ᠨᠢ ᠮᠠᠨ ᠤ ᠰᠠᠭᠤᠭᠠᠯᠢ ᠠᠷᠠᠳ ᠲᠤ ᠲᠤᠶᠢᠯ ᠤᠨ ᠶᠡᠭᠡ ᠲᠥᠬᠦᠮ ᠦᠵᠡᠭᠦᠯᠵᠡᠶ᠂ ᠡᠮᠴᠢ ᠰᠤᠪᠢᠯᠠᠭᠴᠢᠳ  ᠪᠠ ᠨᠡᠶᠢᠭᠡᠮ ᠲᠣᠭᠤᠷᠢᠭ ᠤᠨ ᠠᠵᠢᠯᠲᠠᠳ ᠪᠢᠳᠡᠨ ᠤ ᠡᠷᠡᠭᠦᠯ ᠮᠡᠨᠳᠦ ᠶᠢᠨ ᠲᠥᠯᠥᠭᠡ ᠡᠶᠢᠮᠦ ᠶᠡᠭᠡ ᠴᠢᠷᠮᠠᠶᠢᠯᠭ᠎ᠠ ᠭᠠᠷᠭᠠᠵᠤ ᠪᠠᠶᠢᠨ᠎ᠠ᠂ ᠪᠢᠳᠡ ᠪᠠᠰᠠ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠡᠷᠭᠡᠶᠢᠯᠡᠯᠳᠡ ᠶᠢᠨ ᠰᠡᠷᠭᠡᠶᠢᠯᠡᠯᠲᠡ ᠶᠢᠨ ᠱᠤᠭᠤᠮ ᠢ  ᠬᠠᠮᠳᠤ ᠪᠠᠷ ᠴᠣᠭᠴᠠᠯᠠᠬᠤ   ᠨᠢ  ᠲᠠᠭᠠᠷᠠᠨ᠎ᠠ︾ ᠬᠡᠵᠦ  67 ᠨᠠᠰᠤᠲᠠᠶ ᠨᠢᠦ ᠵᠢᠶᠠᠨ ᠬᠤᠩ ᠨᠠᠰᠤᠳᠠᠨ ᠶᠠᠷᠢᠨᠠᠮ  ᠃ ᠣᠶᠢᠯᠠᠭᠠᠭᠰᠠᠨ ᠢᠶᠠᠷ᠂  ᠪᠦᠬᠦ ᠬᠤᠰᠢᠭᠤᠨ ᠤ ᠡᠯ᠎ᠡ ᠰᠤᠮᠤ ᠰᠢᠶᠠᠩ  ᠪᠠᠯᠭᠠᠰᠤᠨ ᠤ ᠬᠢᠨ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂   ᠰᠡᠷᠭᠡᠶᠢᠯᠡᠯᠳᠡ ᠶᠢᠨ ᠲᠠᠷᠢᠯᠭ᠎ᠠ  ᠶᠢᠨ ᠠᠵᠢᠯ ᠢ ᠠᠮᠤᠷ ᠲᠦᠪᠰᠢᠨ ᠡᠮᠬᠢ ᠵᠢᠷᠤᠮ ᠲᠠᠢ ᠠᠬᠢᠭᠤᠯᠵᠤ᠂ 《 ᠳᠠᠷᠢᠬᠤ ᠵᠤᠬᠢᠰᠳᠠᠢ ᠬᠦᠮᠦᠨ ᠪᠤᠯᠭᠠᠨ ᠳᠤ ᠳᠠᠷᠢᠬᠤ 》 ᠶᠢ  ᠪᠡᠶᠡᠯᠡᠬᠦᠯᠬᠦ ᠪᠠᠷ ᠴᠢᠷᠮᠠᠶᠢᠵᠤ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号