ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠳᠤ ᠦᠭᠬᠦ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/6
ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠬᠦᠳ ᠲᠤᠷ᠄     ᠣᠳᠣᠬᠠᠨ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ   ᠴᠤ《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ 》 ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂  ᠬᠢᠵᠢᠭ ᠲᠠᠢ ᠲᠡᠮᠡᠴᠡᠬᠦ《 ᠳᠠᠶᠢᠯᠠᠯᠳᠤᠭᠠᠨ 》 ᠬᠠᠷᠠᠬᠠᠨ ᠳᠠᠭᠤᠰᠤᠭ᠎ᠠ ᠦᠭᠡᠢ ᠪᠠᠶᠢᠭᠰᠠᠭᠠᠷ ᠪᠢᠯᠡ᠃     7 ᠰᠠᠷ᠎ᠠ ᠠᠴᠠ ᠨᠠᠰᠢ᠂ ᠵᠢᠶᠠᠩᠰᠦ ᠮᠤᠵᠢ ᠶᠢᠨ ᠨᠠᠨᠵᠢᠩ ᠬᠤᠲᠠ ᠳᠤ  ᠭᠠᠳᠠᠨ᠎ᠠ ᠠᠴᠠ ᠣᠷᠣᠵᠤ ᠢᠷᠡᠭᠰᠡᠨ ᠪᠠ ᠳᠣᠲᠣᠭᠠᠳᠤ   ᠳᠠᠭᠠᠨ ᠡᠬᠦᠰᠦᠭᠰᠡᠨ ᠡᠪᠡᠳᠴᠢᠨ ᠤ ᠵᠢᠱᠢᠶ᠎ᠡ  ᠵᠠᠯᠭᠠᠪᠠᠷ ᠭᠠᠷᠴᠤ᠂ ᠬᠢᠵᠢᠭ ᠤᠨ ᠪᠠᠶᠢᠳᠠᠯ ᠴᠠᠭ ᠢᠮᠠᠭᠲᠠ ᠳᠠᠬᠢᠨ ᠡᠬᠦᠰᠬᠦ ᠠᠶᠤᠯ ᠲᠠᠢ ᠪᠠᠶᠢᠵᠤ᠂ ᠰᠣᠨᠣᠷ ᠰᠡᠷᠡᠮᠵᠢ ᠪᠠᠨ ᠥᠴᠦᠬᠡᠨ ᠴᠦ  ᠰᠤᠯᠠᠷᠠᠭᠤᠯᠵᠤ ᠪᠣᠯᠬᠤ ᠥᠬᠡᠶ ᠬᠡᠮᠡᠨ ᠪᠢᠳᠡᠨ ᠳᠤ ᠳᠠᠬᠢᠨᠲᠠ ᠰᠡᠷᠡᠮᠵᠢᠯᠡᠬᠦᠯᠦᠯ᠎ᠡ᠃ ᠣᠳᠣᠬᠠᠨ ᠶᠠᠭ ᠰᠠᠶᠢᠬᠠᠨ ᠵᠢᠭᠤᠯᠴᠢᠯᠠᠯ ᠤᠨ ᠢᠳᠡ ᠤᠯᠠᠷᠢᠯ ᠪᠣᠯᠵᠣ᠂ ᠬᠥᠮᠦᠰ ᠤᠨ ᠢᠷᠡᠵᠦ ᠶᠠᠪᠤᠬᠤ ᠬᠤᠷᠠᠵᠤ ᠴᠤᠭᠯᠠᠷᠠᠬᠤ ᠨᠢ ᠨᠡᠮᠡᠭᠳᠡᠨ᠂ ᠬᠢᠵᠢᠭ   ᠤᠨ ᠲᠦᠭᠰᠢᠭᠦᠷᠢ  ᠶᠡᠬᠡᠳᠬᠦ ᠠᠶᠤᠯ ᠲᠠᠢ ᠪᠠᠶᠢᠭ᠎ᠠ ᠶᠤᠮ᠃  ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠢᠵᠢᠭ ᠤᠨ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠵᠤ᠂ ᠥᠷᠭᠡᠨ ᠣᠯᠠᠨ ᠨᠠᠮ ᠤᠨ ᠭᠡᠰᠢᠭᠦᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠣᠲᠣ ᠪᠥᠬᠦ ᠬᠤᠰᠢᠭᠤᠨ ᠤ ᠨᠠᠮ ᠤᠨ ᠭᠡᠰᠢᠭᠦᠳ ᠲᠤᠷ  ᠡᠨᠡᠬᠦ ᠤᠷᠢᠶᠠᠯᠠᠭ᠎ᠠ ᠶᠢ ᠲᠠᠯᠪᠢᠵᠤ ᠪᠠᠶᠢᠨᠠᠮ  ᠃     ᠨᠢᠭᠡ᠂  ᠲᠠᠭᠠᠭᠤᠯᠤᠭᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠠᠵᠢᠯ ᠳᠤ ᠢᠳᠡᠪᠬᠢᠳᠡᠢ ᠬᠠᠮᠵᠢᠯᠴᠠᠨ᠎ᠠ᠃  8 ᠰᠠᠷ᠎ᠠ ᠶᠢᠨ 1 ᠤ ᠡᠳᠦᠷ ᠤᠨ 15 ᠴᠠᠭ ᠪᠣᠯᠲᠠᠯ᠎ᠠ᠂ ᠪᠥᠬᠦ ᠤᠯᠤᠰ ᠲᠤ  ᠦᠨᠳᠦᠷ ᠵᠡᠷᠭᠡ ᠶᠢᠨ ᠲᠦᠭᠰᠢᠬᠦᠷᠢᠳᠦ ᠣᠷᠣᠨ 3᠂   ᠲᠤᠮᠳᠠ ᠵᠡᠷᠭᠡ ᠶᠢᠨ ᠲᠦᠭᠰᠢᠬᠦᠷᠢᠳᠦ ᠣᠷᠣᠨ 82 ᠪᠠᠶᠢᠭ᠎ᠠ ᠶᠤᠮ᠃ ᠥᠷᠭᠡᠨ ᠣᠯᠠᠨ ᠨᠠᠮ ᠤᠨ ᠭᠡᠰᠢᠬᠦᠳ ᠲᠦᠭᠰᠢᠬᠦᠷᠢᠳᠦ ᠭᠠᠵᠠᠷ ᠣᠷᠣᠨ ᠤ ᠬᠤᠪᠢᠷᠠᠯᠲᠠ ᠶᠢ ᠨᠢᠭᠲᠠ ᠠᠩᠬᠠᠷᠴᠤ᠂  ᠪᠠᠶᠢᠭᠤᠯᠭ᠎ᠠ ᠨᠢᠬᠡᠴᠡ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ   ᠯᠤᠭ᠎ᠠ ᠤᠬᠠᠮᠰᠠᠷ ᠠᠴᠠ ᠪᠠᠨ ᠬᠠᠮᠵᠢᠯᠴᠠᠨ ᠮᠡᠳᠡᠭᠦᠯᠦᠯᠲᠡ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂  ᠶᠠᠪᠤᠵᠤ ᠰᠠᠭᠤᠭᠰᠠᠨ ᠭᠠᠵᠠᠷ ᠣᠷᠣᠨ᠂ ᠡᠷᠡᠭᠦᠯ ᠮᠡᠨᠳᠦ ᠶᠢᠨ ᠪᠠᠶᠢᠳᠠᠯ ᠵᠡᠷᠭᠡ   ᠪᠠᠨ ᠦᠨᠡᠨ ᠮᠥᠨ ᠢᠶᠠᠷ ᠮᠡᠳᠡᠬᠦᠯᠦᠨ᠂ ᠬᠢᠵᠢᠭ ᠤᠨ ᠪᠠᠶᠢᠳᠠᠯ ᠢ ᠣᠨᠣᠪᠴᠢᠲᠠᠶ ᠡᠵᠡᠮᠰᠢᠬᠦ ᠪᠠ ᠰᠤᠳᠤᠯᠤᠨ ᠮᠠᠭᠠᠳᠯᠠᠬᠤ ᠳᠤ ᠲᠥᠬᠦᠮ ᠦᠵᠡᠭᠦᠯᠬᠦ ᠬᠡᠷᠡᠭᠲᠡᠶ᠃ ᠡᠭᠦᠨ ᠤ ᠬᠠᠮᠲᠤ᠂  ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠯᠤᠭ᠎ᠠ ᠢᠳᠡᠪᠬᠢᠲᠡᠶ ᠬᠠᠮᠵᠢᠯᠴᠠᠨ ᠳᠤᠮᠳᠠ ᠥᠨᠳᠥᠷ ᠵᠡᠷᠭᠡ ᠶᠢᠨ ᠲᠦᠭᠰᠢᠭᠦᠷᠢᠲᠦ ᠣᠷᠣᠨ᠂ ᠭᠤᠤᠯᠳᠠᠯᠭ᠎ᠠ ᠲᠠᠢ ᠭᠠᠵᠠᠷ ᠣᠷᠣᠨ ᠠᠴᠠ ᠲᠠᠶᠢᠹᠤᠰᠧ ᠬᠤᠰᠢᠭᠤᠨ ᠳᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂  ᠪᠠᠶᠢᠳᠠᠯ ᠢ ᠴᠠᠭ ᠲᠤᠬᠠᠶ ᠳᠤᠨᠢ ᠦᠨᠡᠨ ᠮᠥᠨ ᠢᠶᠠᠷ ᠮᠡᠳᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃     ᠬᠤᠶᠠᠷ᠂ ᠬᠤᠪᠢ ᠬᠥᠮᠦᠨ ᠤ ᠰᠡᠷᠭᠡᠶᠢᠯᠡᠯᠳᠡ ᠬᠠᠮᠠᠭᠠᠯᠠᠯᠲᠠ ᠪᠠᠨ ᠰᠠᠶᠢᠨ ᠬᠢᠨ᠎ᠡ᠃ ᠥᠷᠭᠡᠨ ᠣᠯᠠᠨ ᠨᠠᠮ ᠤᠨ ᠭᠡᠰᠢᠬᠦᠳ ᠬᠢᠵᠢᠭ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠲᠣᠰ ᠪᠡᠶ᠎ᠡ ᠵᠢᠴᠢ ᠬᠡᠷ   ᠤᠨ ᠬᠦᠮᠦᠰ ᠤᠨ ᠢᠶᠠᠨ ᠡᠷᠡᠭᠦᠯ ᠮᠡᠨᠳᠦ   ᠶᠢ ᠴᠢᠬᠤᠯᠠᠴᠢᠯᠠᠨ᠂ 《  ᠭᠠᠷ ᠢᠶᠠᠨ ᠤᠬᠢᠶᠠᠬᠤ᠂ ᠠᠮᠠᠪᠴᠢ ᠵᠡᠭᠦᠬᠦ᠂ 1 ᠮᠧᠲᠷ ᠤᠨ ᠵᠠᠢ ᠠᠪᠬᠤ ᠂   ᠰᠠᠯᠬᠢ ᠨᠡᠪᠲᠡᠷᠡᠭᠦᠯᠬᠦ᠂  ᠴᠡᠪᠡᠷᠯᠡᠨ ᠠᠷᠢᠭᠤᠳᠬᠠᠬᠤ 》 ᠵᠡᠷᠭᠡ ᠬᠢᠵᠢᠭ  ᠰᠡᠷᠭᠡᠶᠢᠯᠡᠬᠦ ᠦᠨᠳᠦᠰᠦᠨ  ᠱᠠᠭᠠᠷᠳᠠᠯᠭ᠎ᠠ ᠶᠢ ᠪᠠᠷᠢᠮᠲᠠᠯᠠᠬᠤ ᠬᠡᠷᠡᠭᠲᠡᠶ᠃ ᠰᠡᠷᠭᠡᠶᠢᠯᠡᠯᠳᠡ ᠶᠢᠨ ᠲᠠᠷᠢᠯᠭ᠎ᠠ ᠶᠢ ᠳᠠᠷᠢᠭᠤᠯᠤᠭᠰᠠᠨ ᠴᠤ ᠪᠤᠯᠳᠤᠭᠠᠢ ᠡᠰᠡ ᠲᠠᠷᠢᠭᠤᠯᠤᠭᠰᠠᠨ ᠴᠤ ᠪᠤᠯᠳᠤᠭᠠᠢ ᠬᠥᠮᠦᠨ ᠣᠯᠠᠨᠲᠠᠶ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠡᠷᠡᠭᠦᠯ ᠮᠡᠨᠳᠦ ᠶᠢᠨ ᠪᠠᠶᠢᠳᠠᠯ ᠨᠢ ᠲᠣᠳᠣᠷᠬᠠᠶ ᠥᠬᠡᠶ ᠬᠥᠮᠦᠨ ᠲᠠᠢ ᠣᠶᠢᠷᠠᠳᠬᠤ ᠥᠬᠡᠶ᠂ ᠲᠦᠭᠰᠢᠭᠦᠷᠢᠲᠦ ᠣᠷᠣᠨ ᠠᠴᠠ ᠢᠷᠡᠭᠰᠡᠨ ᠬᠥᠮᠦᠨ ᠲᠠᠢ ᠣᠶᠢᠷᠠᠳᠬᠤ ᠥᠬᠡᠶ ᠪᠠᠶᠢᠬᠤ ᠬᠡᠷᠡᠭᠲᠡᠶ᠃ ᠴᠥᠭᠡᠨ ᠴᠤᠭᠯᠠᠷᠠᠬᠤ᠂ ᠴᠤᠭᠯᠠᠷᠠᠬᠤ ᠥᠬᠡᠶ ᠪᠠᠶᠢᠬᠤ ᠶᠢ ᠰᠠᠨᠠᠭᠠᠴᠢᠯᠠᠵᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠡᠭᠦᠯ ᠮᠡᠨᠳᠦ ᠶᠢᠨ ᠬᠡᠪ ᠪᠣᠯᠪᠠᠰᠤᠷᠠᠯ  ᠢᠶᠠᠨ ᠲᠡᠭᠡᠭᠰᠢᠯᠡᠬᠦᠯᠬᠦ ᠭᠡᠷᠡᠭᠳᠡᠢ᠃ ᠬᠡᠷᠪᠡ ᠬᠠᠯᠠᠭᠤᠷᠠᠬᠤ᠂ ᠬᠤᠭᠤᠯᠠᠶ ᠡᠪᠡᠳᠬᠦ᠂ ᠬᠠᠨᠢᠶᠠᠬᠤ᠂ ᠦᠨᠦᠷᠯᠡᠬᠦ ᠰᠡᠷᠡᠯ ᠪᠠᠭᠤᠷᠠᠬᠤ᠂ ᠴᠢᠴᠠᠭ᠎ᠠ ᠠᠯᠳᠠᠬᠤ ᠵᠡᠷᠭᠡ ᠡᠷᠡᠭᠦᠯ ᠪᠤᠰᠤ ᠢᠯᠡᠷᠡᠯ ᠭᠠᠷᠪᠠᠯ᠂ ᠴᠠᠭ ᠲᠤᠬᠠᠶ ᠳᠤᠨᠢ ᠵᠢᠩᠬᠢᠨᠢ ᠡᠮᠨᠡᠯᠭᠡ  ᠳᠤ ᠬᠦᠷᠴᠦ ᠡᠮᠨᠡᠭᠦᠯᠬᠦ ᠬᠡᠷᠡᠭᠲᠡᠶ᠃     ᠭᠤᠷᠪᠠ᠂ ᠰᠡᠷᠭᠡᠶᠢᠯᠡᠯᠳᠡ ᠶᠢᠨ ᠲᠠᠷᠢᠯᠭ᠎ᠠ ᠶᠢ ᠢᠳᠡᠪᠬᠢᠲᠡᠶ ᠲᠠᠷᠢᠭᠤᠯᠤᠨ᠎ᠠ᠃ ᠥᠷᠭᠡᠨ ᠣᠯᠠᠨ ᠨᠠᠮ ᠤᠨ ᠭᠡᠰᠢᠬᠦᠳ ᠰᠡᠷᠭᠡᠶᠢᠯᠡᠯᠳᠡ ᠶᠢᠨ ᠲᠠᠷᠢᠯᠭ᠎ᠠ ᠬᠢᠬᠦ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠬᠠᠮᠤᠭ ᠤᠨ ᠪᠦᠲᠦᠮᠵᠢᠲᠡᠶ ᠠᠷᠭ᠎ᠠ ᠮᠥᠨ ᠭᠡᠳᠡᠭ ᠢ ᠭᠦᠶᠴᠡᠳ ᠲᠠᠨᠢᠬᠤ ᠭᠡᠷᠡᠭᠳᠡᠢ᠃ ᠰᠡᠷᠭᠡᠶᠢᠯᠡᠯᠳᠡ ᠶᠢᠨ ᠬᠠᠯᠬᠠᠪᠴᠢ ᠶᠢ ᠠᠯᠢ ᠲᠦᠷᠭᠡᠨ ᠢᠶᠠᠷ ᠪᠠᠶᠢᠭᠤᠯᠵᠤ᠂ ᠪᠡᠶ᠎ᠡ ᠮᠠᠬᠠᠪᠣᠳ ᠤᠨ ᠡᠷᠡᠭᠦᠯ ᠮᠡᠨᠳᠦ   ᠪᠠᠨ ᠬᠠᠮᠠᠭᠠᠯᠠᠬᠤ ᠶᠢᠨ ᠲᠥᠯᠥᠭᠡ᠂ ᠨᠥᠬᠦᠴᠡᠯ ᠳᠤ  ᠨᠡᠶᠢᠴᠡᠭᠰᠡᠨ ᠲᠠᠷᠢᠯᠭ᠎ᠠ ᠬᠢᠭᠡᠳᠦᠶ ᠨᠠᠮ ᠤᠨ ᠭᠡᠰᠢᠭᠦᠨ ᠨᠢᠬᠡᠪᠦᠷᠢ ᠦᠪᠡᠷ ᠤᠨ ᠲᠠᠷᠢᠯᠭ᠎ᠠ  ᠪᠠᠨ ᠲᠦᠷᠭᠡᠨ ᠲᠠᠷᠢᠭᠤᠯᠬᠤ ᠪᠠᠷ ᠪᠠᠷᠠᠬᠤ ᠦᠬᠡᠢ ᠬᠡᠷ ᠪᠦᠯᠢ ᠶᠢᠨ ᠢᠶᠠᠨ 12 ᠨᠠᠰᠤᠨ ᠠᠴᠠ 17 ᠨᠠᠰᠤᠨ ᠤ  ᠬᠡᠦᠬᠡᠳ ᠲᠤ ᠲᠠᠷᠢᠯᠭ᠎ᠠ ᠬᠢᠯᠭᠡᠬᠦ   ᠶᠢ ᠠᠯᠢ ᠲᠦᠷᠭᠡᠨ ᠢᠶᠠᠷ ᠪᠡᠶᠡᠯᠡᠭᠦᠯᠵᠦ᠂ ᠪᠦᠬᠦ ᠠᠷᠠᠳ ᠤᠨ ᠰᠡᠷᠭᠡᠶᠢᠯᠡᠯᠳᠡ ᠶᠢᠨ ᠬᠠᠯᠬᠠᠪᠴᠢ ᠶᠢ ᠬᠠᠮᠲᠤ ᠪᠠᠷ ᠴᠤᠭᠴᠠᠯᠠᠬᠤ ᠬᠡᠷᠡᠭᠲᠡᠶ᠃     ᠳᠥᠷᠪᠡ᠂  ᠴᠢᠬᠤᠯᠠ ᠦᠬᠡᠢ ᠪᠤᠯ ᠭᠠᠳᠠᠭᠰᠢ ᠭᠠᠷᠬᠤ ᠶᠢ ᠴᠡᠭᠡᠷᠯᠡᠨ᠎ᠡ᠃ ᠶᠠᠷᠰᠢᠭ ᠲᠦᠪᠡᠭ ᠪᠠ ᠠᠶᠤᠯ ᠲᠦᠭᠰᠢᠭᠦᠷᠢ ᠠᠴᠠ ᠵᠠᠶᠢᠯᠠᠬᠤ ᠶᠢᠨ ᠲᠤᠰᠠᠳᠠ᠂ ᠥᠷᠭᠡᠨ ᠣᠯᠠᠨ ᠨᠠᠮ ᠤᠨ ᠭᠡᠰᠢᠭᠦᠨ ᠪᠤᠯᠬᠤ ᠶᠢᠨ ᠲᠤᠳᠤᠷ᠎ᠠ ᠲᠠᠶᠢᠹᠤᠰᠧ ᠬᠤᠰᠢᠭᠤᠨ ᠠᠴᠠ ᠪᠠᠨ ᠭᠠᠷᠬᠤ ᠦᠭᠡᠢ ᠪᠤᠯ ᠰᠠᠶᠢᠨ᠃ ᠦᠨᠡᠨ ᠬᠦ ᠭᠠᠳᠠᠭᠰᠢ ᠭᠠᠷᠬᠤ ᠴᠢᠬᠤᠯᠠᠲᠠᠶ ᠪᠣᠯ ᠮᠡᠳᠡᠭᠦᠯᠵᠦ ᠳᠠᠩᠰᠠᠯᠠᠭᠤᠯᠬᠤ ᠠᠯᠬᠤᠮ ᠳᠠᠷᠠᠭᠠᠯᠠᠯ ᠢ ᠰᠠᠶᠢᠳᠤᠷ ᠭᠦᠶᠴᠡᠳᠬᠡᠵᠦ᠂ ᠵᠣᠷᠢᠭᠰᠠᠨ ᠭᠠᠵᠠᠷ ᠤᠨ ᠬᠢᠵᠢᠭ  ᠤᠨ ᠪᠠᠶᠢᠳᠠᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠷᠢᠳᠴᠢᠯᠠᠨ ᠠᠩᠬᠠᠷᠴᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠬᠦ ᠭᠡᠷᠡᠭᠳᠡᠢ᠂ ᠬᠢᠯᠢ ᠠᠴᠠ ᠭᠠᠷᠬᠤ ᠪᠤᠶᠤ ᠳᠤᠮᠳᠠ ᠥᠨᠳᠥᠷ ᠲᠡᠰ ᠤᠨ ᠲᠦᠭᠰᠢᠭᠦᠷᠢᠲᠡᠶ ᠭᠠᠵᠠᠷ ᠣᠷᠣᠨ ᠳᠤ ᠣᠴᠢᠬᠤ ᠶᠢ ᠡᠷᠡᠰ ᠴᠡᠭᠡᠷᠯᠡᠨ᠎ᠡ᠃ ᠬᠢᠵᠢᠭ ᠤᠨ ᠪᠠᠶᠢᠳᠠᠯ ᠤᠨ ᠳᠤᠮᠳᠠ ᠥᠨᠳᠥᠷ ᠲᠡᠰ ᠤᠨ ᠲᠦᠭᠰᠢᠭᠦᠷᠢ ᠲᠠᠢ ᠭᠠᠵᠠᠷ ᠣᠷᠣᠨ᠂ ᠬᠢᠵᠢᠭ ᠤᠨ ᠪᠠᠶᠢᠳᠠᠯ ᠤᠨ ᠭᠤᠤᠯᠳᠠᠯᠭ᠎ᠠ ᠲᠠᠢ ᠭᠠᠵᠠᠷ ᠣᠷᠣᠨ ᠠᠴᠠ ᠲᠠᠶᠢᠹᠤᠰᠧ ᠳᠤ ᠢᠷᠡᠬᠦ ᠬᠥᠮᠦᠰ ᠡᠷᠬᠡᠪᠰᠢ  ᠵᠠᠰᠠᠭ ᠤᠨ ᠣᠷᠳᠣᠨ᠂ ᠨᠡᠶᠢᠭᠡᠮ ᠲᠣᠭᠤᠷᠢᠭ  ᠂ ᠭᠠᠴᠠᠭ᠎ᠠ ᠲᠣᠰᠬᠤᠨ   ᠳᠠᠭᠠᠨ ᠬᠠᠮᠢᠶ᠎ᠠ ᠪᠥᠬᠦᠶ ᠪᠠᠶᠢᠳᠠᠯ ᠢᠶᠠᠨ ᠮᠡᠳᠡᠭᠦᠯᠦᠨ ᠲᠠᠩᠰᠠᠯᠠᠭᠤᠯᠵᠤ ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ ᠤᠨ ᠪᠠᠶᠢᠴᠠᠭᠠᠯᠲᠡ ᠬᠢᠯᠬᠡᠬᠦ ᠶᠢᠨ ᠬᠠᠮᠳᠤ᠂ ᠠᠨᠠᠭᠠᠬᠤ ᠤᠬᠠᠭᠠᠨ ᠤ ᠡᠷᠡᠭᠦᠯ ᠮᠡᠨᠳᠦ ᠶᠢᠨ ᠠᠵᠢᠭᠯᠠᠯᠲᠠ ( 14 ᠡᠳᠦᠷ ᠬᠡᠷ ᠲᠡᠭᠡᠨ ᠲᠤᠰᠠᠭᠠᠷᠯᠠᠬᠤ  + 2 ᠤᠳᠠᠭ᠎ᠠ ᠪᠥᠭᠡᠮ ᠬᠦᠴᠢᠯ  ᠤᠨ ᠪᠠᠶᠢᠴᠠᠭᠠᠯᠲᠡ ᠬᠢᠬᠦ ) ᠬᠢᠵᠦ᠂  ᠨᠡᠶᠢᠭᠡᠮ ᠲᠣᠭᠤᠷᠢᠭ ᠭᠠᠴᠠᠭ᠎ᠠ ᠲᠣᠰᠬᠤᠨ ᠳᠤ ᠤᠬᠠᠮᠰᠠᠷ ᠠᠴᠠ ᠪᠠᠨ ᠬᠠᠮᠵᠢᠯᠴᠠᠨ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃     ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ ᠡᠪ ᠬᠠᠮᠲᠤ ᠨᠠᠮ ᠤᠨ ᠭᠡᠰᠢᠬᠦᠳ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠡᠮᠡᠭᠳᠡᠬᠦᠯᠦᠨ᠂ ᠲᠠᠷᠤᠢ ᠲᠦᠷᠭᠡᠨ ᠲᠠᠶᠢᠴᠢᠯᠠᠨ ᠬᠥᠳᠡᠯᠦᠯᠴᠡᠵᠦ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ  ᠲᠡᠪᠴᠢᠨ᠂ 《 ᠲᠦᠷᠪᠡᠨ ᠡᠷᠲᠡ 》 ᠶᠢᠨ ᠱᠠᠭᠠᠷᠳᠠᠯᠭ᠎ᠠ ᠪᠣᠯᠤᠨ 《 ᠲᠦᠷᠪᠡᠨ ᠲᠠᠯ᠎ᠠ ᠶᠢᠨ ᠬᠠᠷᠢᠭᠤᠴᠠᠯᠭ᠎ᠠ 》 ᠶᠢ ᠨᠠᠶᠢᠳᠠᠪᠤᠷᠢᠵᠢᠭᠤᠯᠵᠤ᠂ ᠡᠯ᠎ᠡ  ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ  ᠭᠡᠷᠡᠭᠵᠢᠬᠦᠯᠦᠨ᠂ ᠬᠢᠵᠢᠭ ᠤᠨ ᠪᠠᠶᠢᠳᠠᠯ ᠤᠨ ᠦᠷᠪᠢᠰᠦᠨ ᠳᠡᠯᠭᠡᠷᠡᠬᠦ ᠶᠢ ᠡᠷᠡᠰ ᠬᠤᠷᠢᠭᠯᠠᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠰᠡᠷᠭᠡᠶᠢᠯᠡᠯᠳᠡ ᠶᠢᠨ ᠦᠷ᠎ᠡ ᠪᠦᠲᠦᠭᠡᠯ ᠢ ᠡᠷᠡᠰ ᠬᠠᠮᠠᠭᠠᠯᠠᠬᠤ  ᠬᠡᠷᠡᠭᠲᠡᠢ᠃      ᠲᠠᠶᠢᠹᠤᠰᠧ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ                 20 21 ᠤᠨ ᠤ 8 ᠰᠠᠷ᠎ᠠ ᠶᠢᠨ 5 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号