ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ  ᠤᠨ ᠪᠢᠴᠢᠭ
ᠨᠡᠶᠢᠲᠡᠯᠡᠭᠰᠡᠨ ᠴᠠᠭ᠄
2021/8/9
ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ᠄     ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠭᠠᠳᠬᠠᠨ᠂  ᠠᠷᠢᠭᠤᠨ ᠴᠢᠬᠡᠴᠢ ᠲᠥᠪ ᠭᠤᠤᠯᠴᠢ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠣᠶ ᠪᠣᠯᠭᠠᠵᠤ᠂ ᠮᠠᠨ ᠤ ᠬᠤᠰᠢᠭᠤᠨ ᠤ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠥᠬᠦ ᠬᠤᠰᠢᠭᠤᠨ  ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠪᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠡᠷᠬᠡᠪᠰᠢ ᠳᠣᠤᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠶ᠄     ᠨᠢᠭᠡ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠭᠠᠳᠬᠠᠵᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ  ᠲᠤᠤᠱᠯᠠᠭᠤᠯᠤᠨ ᠨᠠᠶᠢᠳᠠᠪᠤᠷᠢᠵᠢᠭᠤᠯᠵᠤ᠂ 《 ᠠᠷᠪᠠ ᠶᠢ ᠴᠠᠭᠠᠵᠠᠯᠠᠵᠤ᠂ ᠠᠷᠪᠠ ᠶᠢ ᠴᠡᠭᠡᠷᠯᠡᠬᠦ 》 ᠱᠠᠭᠠᠷᠳᠠᠯᠭ᠎ᠠ ᠶᠢ ᠴᠢᠩᠭ᠎ᠠ  ᠭᠡᠷᠡᠭᠵᠢᠬᠦᠯᠦᠨ᠂ ᠬᠤᠭᠤᠴᠠᠭ᠎ᠠ ᠰᠣᠯᠢᠬᠤ ᠠᠵᠢᠯ ᠤᠨ ᠲᠥᠪ ᠴᠢᠩᠭ᠎ᠠ ᠴᠢᠨᠠᠷ ᠢ ᠡᠷᠡᠰ ᠬᠠᠮᠠᠭᠠᠯᠠᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠶ᠃      ᠬᠤᠶᠠᠷ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ ᠪᠡᠶ᠎ᠡ ᠪᠠᠷ  ᠢᠶᠠᠨ ᠬᠡᠪ ᠲᠠᠭᠤᠷᠢᠶᠠᠯ ᠪᠤᠯᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠢᠷᠤᠮᠯᠠᠨ᠂ ᠤᠯᠤᠰ ᠲᠦᠷᠦ ᠶᠢᠨ ᠰᠠᠬᠢᠯᠭ᠎ᠠ ᠪᠠᠲᠤ᠂ ᠤᠯᠤᠰ ᠲᠦᠷᠦ ᠶᠢᠨ ᠶᠣᠰᠣ ᠲᠦᠷᠢᠮ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠵᠥᠪ ᠰᠢᠢᠳᠪᠦᠷᠢᠯᠡᠨ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠳᠠ ᠶᠢ ᠤᠬᠠᠮᠰᠠᠷ ᠠᠴᠠ ᠪᠠᠨ ᠬᠦᠯᠢᠶᠠᠨ  ᠲᠠᠭᠠᠵᠤ᠂ ᠠᠷᠠᠳᠴᠢᠯᠠᠯ  ᠤᠨ ᠡᠷᠬᠡ ᠪᠠᠨ ᠵᠥᠪ   ᠢᠶᠠᠷ ᠭᠡᠷᠡᠭᠵᠢᠬᠦᠯᠦᠨ᠂   ᠬᠠᠤᠯᠢ ᠰᠠᠬᠢᠯᠭ᠎ᠠ ᠲᠦᠷᠢᠮ ᠲᠤᠭᠳᠠᠭᠠᠯ ᠶᠣᠰᠣᠭᠠᠷ ᠬᠤᠭᠤᠴᠠᠭ᠎ᠠ ᠰᠣᠯᠢᠬᠤ ᠰᠣᠩᠭᠤᠭᠤᠯᠢ ᠳᠤ ᠣᠷᠣᠯᠴᠠᠬᠤ ᠬᠡᠷᠡᠭᠲᠡᠢ᠃     ᠭᠤᠷᠪᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠢᠨᠠᠯᠲᠠ ᠲᠠᠯᠪᠢᠬᠤ ᠡᠬᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠰᠠᠭᠤᠳᠠᠯ ᠳᠤ ᠠᠩᠬᠠᠷᠤᠯ  ᠢᠶᠠᠨ ᠲᠥᠪᠯᠡᠷᠡᠭᠦᠯᠦᠨ᠂  ᠰᠠᠬᠢᠯᠭ᠎ᠠ ᠪᠠᠲᠤ ᠶᠢ ᠡᠷᠡᠰ ᠭᠡᠷᠡᠭᠵᠢᠬᠦᠯᠵᠦ᠂  ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠡᠷᠬᠡ ᠰᠦᠷ ᠢ ᠬᠠᠮᠠᠭᠠᠯᠠᠬᠤ ᠬᠡᠷᠡᠭᠲᠡᠢ᠃     ᠳᠥᠷᠪᠡ᠂ ᠬᠤᠭᠤᠴᠠᠭ᠎ᠠ ᠰᠣᠯᠢᠬᠤ ᠬᠤᠷᠠᠯ ᠤᠨ ᠬᠤᠭᠤᠴᠠᠭᠠᠨ ᠳᠤ᠂ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠣᠷᠣᠶᠢᠲᠠᠵᠤ ᠢᠷᠡᠬᠦ  ᠂ ᠡᠷᠲᠡ ᠶᠠᠪᠤᠬᠤ᠂ ᠤᠴᠢᠷ ᠰᠢᠯᠲᠠᠭᠠᠨ ᠥᠬᠡᠶ ᠰᠠᠭᠠᠲᠠᠬᠤ  ᠂  ᠪᠤᠰᠤᠳ ᠢᠶᠠᠷ ᠤᠷᠤᠯᠠᠭᠤᠯᠬᠤ ᠵᠢᠴᠢ ᠬᠤᠷᠠᠯ ᠤᠨ ᠲᠠᠯᠠᠪᠠᠢ ᠳᠤ ᠶᠠᠪᠤᠵᠤ ᠬᠦᠶᠦᠯᠳᠦᠬᠦ᠂  ᠶᠠᠷᠢᠵᠤ ᠰᠢᠪᠡᠨᠡᠯᠳᠦᠬᠦ᠂ ᠭᠠᠷ ᠤᠲᠠᠰᠤ ᠨᠠᠭᠠᠳᠬᠤ᠂  ᠭᠠᠳᠠᠨ᠎ᠠ ᠭᠠᠷᠴᠤ ᠰᠠᠭᠤᠬᠤ ᠶᠢ ᠴᠡᠭᠡᠷᠯᠡᠨ᠎ᠡ᠃     ᠲᠠᠪᠤ᠂ ᠬᠤᠭᠤᠴᠠᠭ᠎ᠠ ᠰᠣᠯᠢᠬᠤ ᠬᠤᠭᠤᠴᠠᠭᠠᠨ ᠳᠤ ᠲᠦᠯᠦᠭᠡᠯᠡᠭᠴᠢᠳ ᠪᠠ ᠭᠡᠰᠢᠬᠦᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠣᠷᠣᠨ᠂ ᠠᠶᠢᠮᠠᠭ᠂  ᠬᠤᠰᠢᠭᠤᠨ ᠤ ᠬᠠᠮᠢᠶ᠎ᠠ ᠪᠦᠬᠦᠢ ᠲᠦᠷᠢᠮ ᠲᠣᠭᠲᠠᠭᠠᠯ  ᠢ ᠴᠢᠩᠭ᠎ᠠ ᠵᠢᠷᠤᠮᠯᠠᠬᠤ ᠬᠡᠷᠡᠭᠲᠡᠢ  ᠂ ᠵᠤᠭ᠎ᠠ ᠴᠡᠩᠭᠡᠯ ᠤᠨ ᠭᠠᠵᠠᠷ ᠢᠶᠠᠷ ᠣᠷᠣᠵᠤ ᠭᠠᠷᠴᠤ ᠪᠣᠯᠬᠤ ᠦᠭᠡᠢ᠂  ᠨᠡᠶᠢᠯᠡᠯᠳᠦᠨ ᠴᠤᠭᠯᠠᠷᠠᠵᠤ ᠢᠳᠡᠵᠦ ᠤᠤᠭᠤᠬᠤ ᠨᠠᠭᠠᠳᠴᠤ ᠮᠦᠷᠦᠶᠢᠴᠡᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠵᠤ ᠪᠣᠯᠬᠤ ᠦᠭᠡᠶ᠃     ᠬᠤᠭᠤᠴᠠᠭ᠎ᠠ ᠰᠣᠯᠢᠬᠤ ᠬᠤᠭᠤᠴᠠᠭᠠᠨ ᠳᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠳᠤᠭᠤᠶᠢᠯᠠᠩ ᠪᠠᠶᠢᠭᠤᠯᠵᠤ᠂  ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ᠡᠭᠦᠨ ᠤ ᠬᠠᠮᠲᠤ᠂  ᠪᠢᠯᠧᠲ ᠲᠠᠳᠠᠬᠤ᠂  ᠬᠠᠭ᠋ᠤᠤᠯᠢᠳᠠᠵᠤ ᠰᠤᠩᠭᠤᠭᠤᠯᠬᠤ᠂  ᠲᠠᠷᠤᠭ᠎ᠠ ᠨᠤᠶᠠᠳ   ᠢ ᠡᠷᠢᠬᠦ᠂   ᠵᠡᠷᠭᠡ ᠲᠤᠰᠢᠶᠠᠯ ᠬᠦᠭᠡᠭᠡᠴᠡᠯᠳᠦᠬᠦ᠂ ᠨᠠᠶᠢᠷ ᠲᠠᠯ᠎ᠠ ᠬᠠᠷᠠᠬᠤ᠂ ᠭᠦᠳᠬᠡᠨ ᠬᠦᠵᠢᠷᠯᠡᠵᠦ ᠵᠠᠭᠠᠯᠳᠤᠬᠤ  ᠵᠡᠷᠭᠡ  ᠰᠠᠬᠢᠯᠭ᠎ᠠ ᠲᠦᠷᠢᠮ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃  ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠠᠴᠠ ᠵᠥᠷᠢᠴᠡᠭᠰᠡᠨ ᠠᠰᠠᠭᠤᠳᠠᠯ ᠢ ᠢᠯᠡᠴᠢᠯᠡᠨ ᠮᠡᠳᠡᠬᠦᠯᠪᠡᠯ ᠴᠠᠭ ᠲᠤᠬᠠᠶ  ᠳᠤᠨᠢ ᠬᠦᠯᠢᠶᠡᠨ ᠠᠪᠴᠤ  ᠂ ᠰᠠᠬᠢᠯᠭ᠎ᠠ ᠪᠠᠲᠤ ᠬᠠᠤᠯᠢ ᠲᠦᠷᠢᠮ ᠠᠴᠠ ᠵᠥᠷᠢᠴᠡᠭᠰᠡᠳ ᠢ ᠴᠢᠩᠭ᠎ᠠ ᠰᠢᠢᠳᠪᠦᠷᠢᠯᠡᠨ᠂ ᠨᠡᠶᠢᠲᠡᠯᠢᠭ ᠬᠡᠷᠡᠭ ᠢ  ᠢᠯᠡᠴᠢᠯᠡᠨ ᠨᠡᠶᠢᠳᠡᠯᠡᠵᠦ  ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠨᠠᠮ  ᠤᠨ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ ᠪᠦᠬᠦᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃     ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠂  ᠬᠡᠷᠪᠡ ᠲᠠ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠴᠠᠭ ᠲᠤᠬᠠᠶ ᠳᠤᠨᠢ ᠲᠤᠰᠬᠠᠭᠠᠷᠠᠶ᠃ ᠢᠯᠡᠴᠢᠯᠡᠨ ᠮᠡᠳᠡᠬᠦᠯᠦᠭᠰᠡᠨ ᠬᠦᠮᠦᠨ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃     ᠢᠯᠡᠴᠢᠯᠡᠨ ᠮᠡᠳᠡᠭᠦᠯᠬᠦ ᠰᠦᠯᠵᠢᠶᠡᠨ ᠤ ᠥᠷᠲᠡᠭᠡ http://neimeng.12388.gov.cn/xlglm/taipusiqi/     ᠢᠯᠡᠴᠢᠯᠡᠨ ᠮᠡᠳᠡᠭᠦᠯᠬᠦ ᠤᠲᠠᠰᠤ᠄ 0479—5238133     ᠬᠦᠯᠢᠶᠡᠨ ᠠᠪᠬᠤ ᠭᠠᠵᠠᠷ᠄  ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠯᠪᠠᠨ ᠠᠰᠠᠷ ᠤᠨ ᠨᠢᠭᠡᠳᠦᠭᠡᠷ ᠳᠠᠪᠬᠤᠷᠯᠢᠭ ᠤᠨ ᠵᠠᠬᠢᠳᠠᠯ ᠰᠤᠷᠪᠤᠯᠵᠢᠯᠠᠭ᠎ᠠ ᠬᠦᠯᠢᠶᠡᠨ ᠠᠪᠬᠤ ᠭᠡᠷ       ᠬᠦᠯᠢᠶᠡᠨ ᠠᠪᠬᠤ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 8᠄ 30 —12᠄ 00᠂ ᠦᠳᠡ ᠶᠢᠨ ᠬᠤᠶᠢᠨ᠎ᠠ ᠶᠢᠨ 14᠄ 30 —17᠄ 30                                                                                                                           ᠲᠠᠶᠢᠹᠤᠰᠧ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ                                                                                                       ᠲᠠᠶᠢᠹᠤᠰᠧ   ᠬᠤᠰᠢᠭᠤᠨ   ᠤ   ᠬᠢᠨᠠᠨ   ᠪᠠᠶᠢᠴᠠᠭᠠᠬᠤ  ᠵᠥᠪᠯᠡᠯ                                                                                                            2021 ᠣᠨ ᠤ 8 ᠰᠠᠷ᠎ᠠ ᠶᠢᠨ 6 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号