ᠬᠦᠨᠪᠤᠯᠠᠭ ᠰᠤᠮᠤᠨ ᠤ ᠰᠢᠪᠠᠷᠳᠤ ᠭᠠᠴᠠᠭ᠎ᠠ ᠮᠠᠯᠴᠢᠳ ᠲᠠᠭᠠᠨ ᠨᠤᠭᠤᠭᠠᠨ ᠪᠤᠷᠳᠤᠭ᠎ᠠ ᠬᠤᠪᠢᠶᠠᠪᠠ
ᠨᠡᠶᠢᠲᠡᠯᠡᠭᠰᠡᠨ ᠴᠠᠭ᠄
2021/9/1
 ᠶᠢᠰᠦᠨ ᠰᠠᠷ᠎ᠠ ᠪᠣᠯ ᠡᠯᠪᠡᠭ ᠬᠤᠷᠢᠶᠠᠯᠲᠠ ᠶᠢᠨ ᠤᠯᠠᠷᠢᠯ᠂ ᠮᠥᠨ ᠴᠦ  ᠮᠠᠯᠵᠢᠬᠤ ᠤᠷᠤᠨ ᠤ ᠬᠠᠮᠤᠭ ᠤᠨ ᠶᠠᠭᠠᠷᠠᠯᠲᠠᠶ ᠤᠯᠠᠷᠢᠯ ᠪᠣᠯᠤᠨ᠎ᠠ  ᠃  ᠬᠦᠨᠪᠤᠯᠠᠭ ᠰᠤᠮᠤᠨ ᠤ ᠱᠢᠪᠠᠷᠳᠤ ᠭᠠᠴᠠᠭᠠᠨ ᠤ ᠨᠤᠭᠤᠭᠠᠨ  ᠪᠤᠷᠳᠤᠭᠠᠨ ᠤ ᠲᠠᠯᠠᠪᠠᠶ ᠳᠤ  ᠬᠠᠳᠤᠵᠤ ᠵᠦᠬᠡᠬᠡᠪᠦᠷᠢᠯᠡᠬᠦ ᠮᠠᠰᠢᠨ ᠬᠦᠰᠭᠡ ᠰᠦᠯᠵᠢᠯᠳᠦᠵᠦ᠂    ᠴᠡᠯ ᠨᠤᠭᠤᠭᠠᠨ ᠡᠷᠳᠡᠨᠢ ᠰᠢᠰᠢ ᠶᠢ  ᠴᠢᠨᠡᠭᠡ ᠮᠡᠳᠡᠨ ᠲᠡᠭᠡᠭᠡᠭᠰᠡᠨ ᠲᠣᠮᠣ ᠠᠴᠢᠶᠠᠨ ᠤ ᠮᠠᠰᠢᠨ ᠨᠠᠰᠢ ᠴᠠᠰᠢ ᠰᠦᠯᠵᠢᠯᠳᠦᠵᠦ᠂  ᠡᠯᠪᠡᠭ ᠬᠤᠷᠢᠶᠠᠯᠲᠠ  ᠶᠢᠨ ᠦᠵᠡᠮᠵᠢ ᠪᠠᠶᠢᠳᠠᠯ  ᠬᠠᠷᠠᠭ᠎ᠠ ᠪᠠᠶᠠᠰᠬᠠᠨ᠎ᠠ᠃      ᠱᠢᠪᠠᠷᠳᠤ ᠭᠠᠴᠠᠭᠠᠨ ᠤ ᠨᠤᠳᠤᠭ ᠪᠡᠯᠴᠢᠭᠡᠷ ᠨᠢ 69000 ᠮᠥ᠂ ᠡᠭᠦᠨ ᠳᠤ ᠬᠠᠳᠤᠯᠠᠩ ᠤᠨ ᠲᠠᠯᠠᠪᠠᠶ ᠨᠢ ᠵᠥᠪᠬᠡᠨ 25000 ᠮᠥ ᠪᠠᠶᠢᠵᠤ᠂ ᠡᠷᠦᠬᠡ ᠪᠦᠷᠢ ᠶᠢᠨ ᠬᠠᠳᠤᠯᠠᠩ ᠤᠨ ᠲᠠᠯᠠᠪᠠᠶ ᠨᠢ 400 ᠮᠥ ᠳᠤ   ᠬᠦᠷᠬᠦ ᠦᠬᠡᠢ ᠪᠤᠯᠬᠤᠷ  ᠂ ᠡᠪᠡᠰᠦ  ᠪᠤᠷᠳᠤᠭᠠᠨ ᠤ ᠬᠠᠩᠭᠠᠯᠭ᠎ᠠ  ᠶᠡᠷᠦ ᠨᠢ ᠬᠡᠷᠡᠭᠴᠡᠭᠡ ᠳᠡᠭᠡᠨ ᠬᠥᠷᠬᠦ ᠥᠬᠡᠶ ᠪᠠᠶᠢᠳᠠᠭ᠃ ᠢᠯᠠᠩᠭᠤᠶ᠎ᠠ ᠬᠠᠪᠤᠷ ᠤᠨ ᠭᠠᠴᠢᠭ ᠢᠶᠠᠷ ᠮᠠᠯᠴᠢᠳ ᠪᠦᠷ ᠭᠠᠳᠠᠨ᠎ᠠ ᠠᠴᠠ ᠡᠪᠡᠰᠦ ᠪᠣᠷᠳᠤᠭ᠎ᠠ ᠬᠤᠳᠠᠯᠳᠤᠨ ᠠᠪᠴᠤ  ᠬᠤᠨᠢ ᠮᠠᠯ ᠢᠶᠠᠨ ᠲᠡᠵᠢᠬᠡᠬᠦ ᠪᠤᠯᠬᠤᠷ  ᠂  ᠡᠪᠡᠰᠦ ᠪᠤᠷᠳᠤᠭᠠᠨ ᠤ ᠠᠰᠠᠭᠤᠳᠠᠯ ᠨᠢ ᠮᠠᠯ ᠠᠵᠤ ᠠᠬᠤᠶ ᠶᠢᠨ ᠬᠥᠭᠵᠢᠯᠲᠡ ᠶᠢ ᠬᠠᠷᠰᠢᠯᠠᠬᠤ  ᠪᠣᠭᠤᠮᠢ ᠶᠢᠨ ᠠᠰᠠᠭᠤᠳᠠᠯ ᠪᠣᠯᠤᠭᠰᠠᠨ  ᠪᠠᠶᠢᠯ᠎ᠠ  ᠃     2020 ᠣᠨ ᠳᠤ᠂  ᠭᠠᠳᠠᠭᠰᠢ  ᠲᠦᠷᠢᠶᠡᠰᠦᠯᠡᠬᠦᠯᠵᠦ ᠪᠠᠶᠢᠭᠰᠠᠨ 1400 ᠮᠥ ᠥᠨᠳᠥᠷ ᠤᠨᠠᠯᠳᠠᠳᠤ ᠪᠣᠷᠳᠣᠭᠠᠨ ᠲᠠᠷᠢᠶᠠᠨ ᠤ ᠲᠦᠷᠢᠶᠡᠰᠦᠯᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂  ᠭᠠᠴᠠᠭᠠᠨ ᠤ ᠨᠠᠮ ᠤᠨ ᠡᠭᠦᠷ ᠨᠢ ᠮᠠᠯᠴᠢᠳ ᠤᠨ ᠶᠡᠭᠡ ᠬᠤᠷᠠᠯ ᠢᠶᠠᠷ   ᠶᠠᠷᠢᠯᠴᠠᠨ ᠵᠦᠪᠳᠡᠭᠡᠳ᠂  ᠡᠨᠡ  ᠭᠡᠰᠡᠭ ᠭᠠᠵᠠᠷ ᠲᠠᠭᠠᠨ  ᠨᠤᠭᠤᠭᠠᠨ ᠳᠠᠷᠤᠰᠢ ᠶᠢᠨ ᠡᠷᠳᠡᠨᠢ ᠰᠢᠰᠢ ᠳᠠᠷᠢᠵᠤ᠂  ᠮᠠᠯᠴᠢᠨ ᠡᠷᠦᠬᠡ ᠳᠡᠭᠡᠨ ᠬᠤᠪᠢᠶᠠᠬᠤ ᠪᠠᠷ ᠲᠤᠭᠳᠠᠵᠠᠢ᠃ ᠡᠨᠡ ᠬᠦ ᠠᠷᠭ᠎ᠠ ᠨᠢ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ  ᠪᠦᠳᠦᠮᠵᠢᠳᠡᠢ ᠰᠢᠶᠳᠪᠦᠷᠢᠯᠡᠭᠰᠡᠨ ᠮᠥᠷᠲᠡᠭᠡᠨ ᠪᠠᠰᠠ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠤᠵᠠᠭᠠᠶᠢᠷᠠᠭᠤᠯᠤᠭᠰᠠᠨ ᠪᠠᠶᠢᠨ᠎ᠠ  ᠃     ᠱᠢᠪᠠᠷᠳᠤ ᠭᠠᠴᠠᠭᠠᠨ ᠤ ᠨᠠᠮ ᠤᠨ ᠡᠭᠦᠷ ᠤᠨ ᠱᠦᠵᠢ  ᠪᠦᠷᠬᠦᠳ  ᠄ ︽ᠡᠨᠡ ᠵᠢᠯ ᠡᠷᠳᠡᠨᠢ ᠰᠢᠰᠢ ᠶᠢᠨ ᠤᠷᠭᠤᠴᠠ ᠮᠠᠰᠢ ᠰᠠᠶᠢᠨ᠂ ᠮᠥ ᠪᠦᠷᠢ ᠶᠢᠨ ᠤᠨᠠᠯᠲᠠ ᠪᠠᠷᠤᠭ 4 . 5 ᠲᠣᠨ ᠲᠠᠪᠠᠵᠠᠢ᠂   ᠮᠠᠨ ᠤᠨ ᠭᠠᠴᠠᠭ᠎ᠠ ᠨᠢ ᠬᠥᠮᠦᠨ ᠪᠦᠷᠢ   ᠳᠤ 35000 ᠵᠢᠩ  ᠨᠤᠭᠳᠠᠭᠤᠯᠬᠤ ᠪᠠᠷᠢᠮᠵᠢᠶ᠎ᠠ ᠪᠠᠷ 140 ᠨᠡᠷ᠎ᠡ ᠮᠠᠯᠴᠢᠳ ᠲᠤ 3500 ᠲᠥᠭᠦᠷᠢᠭ ᠤᠨ ᠦᠷᠳᠡᠭ ᠪᠦᠬᠦᠢ  ᠨᠤᠭᠤᠭᠠᠨ ᠳᠠᠷᠤᠰᠢ ᠶᠢᠨ ᠡᠷᠳᠡᠨᠢ ᠰᠢᠰᠢ ᠶᠢ ᠦᠨ᠎ᠡ ᠲᠥᠯᠥᠪᠦᠷᠢ ᠥᠬᠡᠶ  ᠬᠤᠪᠢᠶᠠᠪᠠ᠃ ᠦᠯᠡᠳᠡᠭᠰᠡᠨ 700 ᠲᠦᠮᠡᠨ ᠵᠢᠩ ᠡᠷᠳᠡᠨᠢ ᠰᠢᠰᠢ ᠶᠢ ᠪᠢᠳᠡ  ᠵᠠᠬ᠎ᠠ ᠳᠡᠯᠭᠡᠭᠦᠷ ᠤᠨ ᠬᠠᠮᠤᠭ ᠤᠨ ᠲᠤᠤᠷ᠎ᠠ ᠦᠨ᠎ᠡ ᠪᠠᠷ  ᠲᠤᠰ  ᠭᠠᠴᠠᠭ᠎ᠠ ᠪᠠ  ᠪᠤᠰᠤᠳ ᠭᠠᠴᠠᠭᠠᠨ ᠤ ᠮᠠᠯᠴᠢᠳ ᠲᠤ ᠬᠤᠳᠠᠯᠳᠤᠨ ᠥᠭᠬᠦ ᠪᠠᠷ ᠪᠣᠶ᠃ ᠡᠨᠡ ᠨᠢ ᠮᠠᠯᠴᠢᠳ ᠤᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠨᠥᠭᠡᠴᠡᠯᠡᠬᠦ ᠵᠠᠷᠤᠯᠭ᠎ᠠ ᠶᠢ ᠪᠠᠭᠠᠰᠬᠠᠬᠤ ᠮᠥᠷᠲᠡᠭᠡᠨ ᠢᠷᠡᠬᠦ  ᠵᠢᠯ ᠤᠨ  ᠬᠠᠪᠤᠷ ᠤᠨ ᠤᠯᠠᠷᠢᠯ ᠤᠨ  ᠪᠡᠯᠴᠢᠭᠡᠷ ᠰᠡᠷᠬᠦᠬᠡᠬᠦ ᠳᠤ ᠪᠠᠲᠤᠯᠠᠭ᠎ᠠ   ᠲᠠᠢ ᠪᠤᠯᠤᠨ᠎ᠠ᠃ ᠡᠭᠦᠨ ᠤ ᠬᠠᠮᠲᠤ᠂  ᠭᠠᠴᠠᠭᠠᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠴᠤ 50 ᠲᠦᠮᠡ ᠰᠢᠬᠠᠮ ᠲᠥᠭᠦᠷᠢᠭ ᠨᠡᠮᠡᠭᠳᠡᠨ᠎ᠡ  ︾᠃    ᠱᠢᠪᠠᠷᠳᠤ ᠭᠠᠴᠠᠭᠠᠨ ᠤ ᠮᠠᠯᠴᠢᠨ ᠸᠠᠩ ᠽᠧᠩ ᠶᠠᠨ᠄ ︽ ᠬᠠᠳᠤᠯᠠᠩ   ᠠᠴᠠ ᠤᠷᠤᠭᠤᠯᠤᠭᠰᠠᠨ ᠬᠠᠭᠤᠷᠠᠢ  ᠡᠪᠡᠰᠦᠨ ᠳᠡᠭᠡᠷ᠎ᠡ ᠪᠠᠨ  ᠭᠠᠴᠠᠭᠠᠨ ᠠᠴᠠ ᠬᠤᠪᠢᠶᠠᠭᠰᠠᠨ ᠡᠷᠳᠡᠨᠢ ᠰᠢᠰᠢ ᠶᠢ ᠨᠡᠮᠡᠪᠡᠯ᠂  ᠮᠠᠨ ᠤ 100 ᠭᠠᠷᠤᠢ ᠬᠤᠨᠢ᠂ 20 ᠭᠠᠷᠤᠢ ᠦᠬᠡᠷ ᠢᠶᠠᠨ ᠡᠪᠦᠯᠵᠢᠬᠦᠯᠬᠦ ᠳᠤ ᠭᠠᠶᠢᠭᠤᠢ ᠬᠦᠷᠴᠢᠬᠡᠨ᠎ᠡ᠂   ᠡᠨᠡ  ᠵᠢᠯ ᠮᠠᠨ ᠤ ᠬᠢᠨ 5 ᠲᠡᠷᠭᠡ ᠡᠷᠳᠡᠨᠢ ᠰᠢᠰᠢ ᠬᠤᠪᠢᠶᠠᠵᠤ ᠤᠯᠵᠠᠢ᠂ ᠡᠪᠡᠰᠦ ᠪᠣᠷᠳᠤᠭ᠎ᠠ ᠳᠤᠲᠠᠭᠳᠠᠬᠤ ᠳᠤ ᠰᠠᠨᠠᠭ᠎ᠠ ᠵᠣᠪᠠᠭ᠋ᠤ ᠦᠬᠡᠢ᠂ ᠮᠠᠯ ᠣᠨᠤᠭ᠎ᠠ ᠡᠪᠦᠯᠵᠢᠬᠦ ᠳᠤ ᠪᠠᠲᠤᠯᠠᠭ᠎ᠠ ᠲᠠᠢ  ᠪᠤᠯᠤᠯ᠎ᠠ᠂  ᠮᠠᠨ ᠤ ᠠᠵᠤ ᠠᠬᠤᠶ ᠶᠢᠨ ᠳᠠᠷᠤᠭᠠᠰᠤ ᠴᠤ ᠴᠤ ᠪᠠᠭ᠎ᠠ ᠪᠤᠰᠤ ᠬᠦᠩᠭᠡᠷᠡᠯ᠎ᠡ︾  ᠃    ᠣᠶᠢᠷ᠎ᠠ ᠶᠢᠨ ᠵᠢᠯ   ᠳᠤ᠂ ᠭᠦᠨᠪᠤᠯᠠᠭ ᠰᠤᠮᠤ ᠨᠢ ᠨᠤᠲᠤᠭ ᠪᠡᠯᠴᠢᠭᠡᠷ ᠤᠨ ᠲᠠᠯᠠᠪᠠᠶ ᠪᠠᠭ᠎ᠠ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠠᠷᠢᠵᠤ ᠮᠠᠯᠵᠢᠬᠤ ᠦᠷ᠎ᠡ ᠠᠰᠢᠭ ᠢ  ᠨᠡᠮᠡᠭᠳᠡᠬᠦᠯᠦᠨ᠂ 《 ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠬᠡᠷᠡᠭᠯᠡᠬᠦ 》 ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ 《 ᠳᠠᠷᠢᠬᠤ ᠪᠠᠷ ᠮᠠᠯᠵᠢᠬᠤ ᠶᠢ ᠠᠬᠢᠭᠤᠯᠬᠤ 》 ᠰᠡᠳᠬᠢᠴᠡ ᠶᠢ ᠪᠠᠷᠢᠮᠲᠠᠯᠠᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠮᠡᠳᠦ ᠡᠪᠡᠰᠦ ᠪᠤᠷᠳᠤᠭᠠᠨ ᠤ ᠠᠵᠤ ᠦᠶᠯᠡᠰ ᠢ ᠬᠦᠭᠵᠢᠬᠦᠯᠦᠬᠡᠳ᠂ ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠮ ᠢ  ᠨᠡᠬᠡᠬᠡᠵᠦ᠂ ᠮᠠᠯᠴᠢᠨ ᠲᠦᠮᠡᠨ ᠤ ᠪᠠᠨ ᠠᠰᠢᠭ ᠤᠷᠤᠯᠭ᠎ᠠ ᠶᠢ ᠨᠡᠮᠡᠭᠳᠡᠬᠦᠯᠦᠨ᠂ ᠬᠠᠮᠳᠤ ᠶᠢᠨ ᠠᠵᠤ ᠠᠬᠤᠢ ᠪᠠᠨ ᠬᠦᠭᠵᠢᠬᠦᠯᠦᠨ ᠪᠤᠵᠠᠭᠠᠶᠢᠷᠠᠭᠤᠯᠵᠤ  ᠪᠠᠶᠢᠨᠠᠮ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号