ᠭᠤᠴᠢᠨ ᠲᠤᠯᠤᠲᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ 9 ᠰᠠᠷ᠎ᠠ ᠶᠢᠨ 8 ᠤ ᠡᠳᠦᠷ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ | ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢᠳ ᠲᠤ ᠬᠠᠷᠢᠭᠤ ᠵᠠᠬᠢᠳᠠᠯ ᠢᠯᠡᠭᠡᠵᠦ᠂ ᠲᠡᠳᠡᠨ ᠳᠤ | ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠭᠰᠠᠨ ᠪᠥᠭᠡᠳ ᠪᠦᠬᠦ ᠤᠯᠤᠰ ᠤᠨ ᠥᠷᠭᠡᠨ ᠤᠯᠠᠨ ᠪᠠᠭᠰᠢ ᠨᠠᠷ ᠲᠤ | ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠤᠸᠠᠩ ᠳ᠋ᠠ ᠨᠢᠶᠠᠨ ᠨᠥᠬᠦᠷ ᠢᠶᠠᠷ ᠳᠠᠭᠤᠷᠢᠶᠠᠯ | ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠪᠦᠯᠬᠦᠮ ᠤᠨ ᠬᠦᠴᠦᠨ ᠢ ᠨᠢᠭᠲᠠᠷᠠᠭᠤᠯᠵᠤ᠂ | ᠪᠢᠴᠢᠭ ᠵᠢᠭᠠᠵᠤ ᠬᠥᠮᠦᠨ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ | ᠲᠠᠯ᠎ᠠ ᠪᠠᠷ ᠪᠠᠶᠠᠷᠯᠠᠭᠤᠰᠢᠲᠠᠢ ᠠᠮᠵᠢᠯᠲᠠ ᠣᠯᠤᠭᠰᠠᠨ ᠳᠤ ᠪᠢ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠭᠡᠪᠡ᠃ | ᠰᠢ ᠶᠢᠨ ᠫᠢᠩ᠂ ᠰᠠᠶᠢᠨ ᠪᠠᠭᠰᠢ ᠡᠷᠲᠡᠮ ᠮᠡᠲᠡᠯᠭᠡ ᠪᠠᠨ ᠲᠡᠭᠡᠭᠰᠢᠯᠡᠭᠦᠯᠤᠨ ᠬᠦᠮᠦᠨ ᠢ ᠰᠤᠷᠭᠠᠵᠦ᠂ ᠦᠢᠯᠡ | ᠠᠵᠢᠯᠯᠠᠭ᠎ᠠ ᠪᠠᠷ ᠢᠶᠠᠨ ᠬᠦᠮᠦᠰ ᠲᠤ ᠬᠡᠪ ᠳᠠᠭᠤᠷᠢᠶᠠᠯ ᠪᠤᠯᠬᠤ ᠭᠡᠷᠡᠭᠲᠡᠢ᠃ ᠲᠠ ᠨᠠᠷ ᠬᠤᠸᠠᠩ ᠳ᠋ᠠ ᠨᠢᠶᠠᠨ ᠨᠥᠬᠦᠷ | ᠵᠡᠷᠭᠡ ᠰᠢᠯᠢᠳᠡᠭ ᠪᠠᠭᠰᠢ ᠶᠢᠨ ᠡᠷᠬᠢᠮ ᠳᠡᠭᠡᠳᠦ ᠵᠣᠷᠢᠭ ᠰᠠᠨᠠᠭ᠎ᠠ ᠶᠢ ᠦᠷᠭᠦᠯᠵᠢᠯᠡᠨ ᠰᠤᠷᠤᠯᠴᠠᠨ ᠪᠠᠳᠠᠷᠠᠭᠤᠯᠵᠤ᠂ | ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠥᠷᠭᠡᠨ ᠤᠯᠠᠨ ᠪᠠᠭᠰᠢ ᠨᠠᠷ ᠲᠠᠢ ᠬᠠᠮᠲᠤ ᠪᠠᠷ ᠶᠣᠰᠣ | ᠰᠤᠷᠲᠠᠬᠤᠨ ᠢᠶᠠᠷ ᠪᠡᠶ᠎ᠡ ᠪᠠᠨ ᠵᠠᠰᠠᠵᠤ᠂ ᠨᠢᠬᠡᠨ ᠰᠡᠳᠬᠢᠯ ᠢᠶᠠᠷ ᠡᠷᠳᠡᠮ ᠰᠢᠨᠵᠢᠯᠡᠭᠡᠨ ᠬᠢᠵᠦ᠂ ᠵᠠᠮ ᠨᠡᠭᠡᠭᠡᠨ | ᠰᠢᠨ᠎ᠡ ᠶᠢ ᠡᠭᠦᠳᠴᠦ᠂ ᠡᠷᠲᠡᠮ ᠰᠢᠨᠵᠢᠯᠡᠬᠡᠨ ᠬᠢᠬᠦ ᠤᠢᠢᠯᠡᠰ ᠪᠥᠲᠥᠬᠡᠬᠦ ᠬᠥᠮᠥᠨ ᠪᠤᠯᠬᠤ ᠶᠢ ᠨᠢᠭᠡᠳᠬᠡᠵᠦ᠂ | ᠰᠤᠷᠤᠭᠴᠢᠳ ᠤᠨ ᠦᠰᠦᠨ ᠪᠤᠶᠢᠵᠢᠯᠳᠠ ᠶᠢᠨ ᠵᠠᠮᠴᠢ ᠪᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠵᠦ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠠᠰᠤᠷᠠᠯᠳᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ | ᠪᠠᠶᠢᠨ᠎ᠠ ᠭᠡᠵᠦ ᠴᠢᠬᠤᠯᠠᠴᠢᠯᠠᠪᠠ᠃ | 2017 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠢᠷᠢᠨ ᠶᠡᠭᠡ ᠰᠤᠷᠭᠠᠭᠤᠯᠢ ᠶᠢᠨ ᠳᠡᠯᠡᠬᠡᠢ ᠶᠢᠨ | ᠪᠥᠮᠪᠥᠷᠴᠡᠭ ᠢ ᠬᠠᠶᠢᠨ ᠬᠡᠮᠵᠢᠬᠦ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠫᠷᠤᠹᠧᠰᠰᠤᠷ ᠬᠤᠸᠠᠩ ᠳ᠋ᠠ ᠨᠢᠶᠠᠨ ᠤ ᠲᠡᠷᠢᠭᠦᠨ ᠤ ᠦᠢᠯᠡ ᠠᠵᠢᠯᠯᠠᠭ᠎ᠠ ᠳᠤ ᠴᠢᠬᠤᠯᠠ ᠵᠢᠭᠠᠪᠤᠷᠢ ᠥᠭᠪᠡ᠃ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ 2017 ᠣᠨ ᠳᠤ ᠪᠥᠬᠦ ᠤᠯᠤᠰ ᠤᠨ | ᠶᠡᠭᠡ ᠳᠡᠭᠡᠳᠦ ᠰᠤᠷᠭᠠᠭᠤᠯᠢ ᠶᠢᠨ ᠬᠤᠸᠠᠩ ᠳ᠋ᠠ ᠨᠢᠶᠠᠠ ᠮᠠᠶ᠋ᠢᠭ ᠤᠨ ᠪᠠᠭᠰᠢ ᠶᠢᠨ ᠪᠦᠯᠬᠦᠮ ᠢ ᠡᠭᠦᠲᠦᠨ ᠪᠠᠶᠢᠭᠤᠯᠬᠤ | ᠠᠵᠢᠯᠯᠠᠭ᠎ᠠ ᠶᠢ ᠡᠬᠢᠯᠡᠭᠦᠯᠵᠦ᠂ ᠲᠦᠷᠦᠭᠦᠦ ᠪᠦᠯᠦᠭ ᠤᠨ ᠬᠢᠨᠡᠨ ᠲᠣᠭᠲᠠᠭᠠᠭᠰᠠᠨ 201 ᠪᠠᠭᠰᠢ ᠶᠢᠨ ᠪᠦᠯᠬᠦᠮ ᠨᠢ | ᠪᠥᠬᠦ ᠤᠯᠤᠰ ᠤᠨ 200 ᠶᠡᠭᠡ ᠳᠡᠭᠡᠳᠦ ᠰᠤᠷᠭᠠᠭᠤᠯᠢ ᠪᠠᠷ ᠲᠥᠬᠡᠵᠥ᠂ ᠡᠯ᠎ᠡ ᠰᠢᠨᠵᠢᠯᠡᠭᠡᠨ ᠤ ᠰᠠᠯᠠᠭ᠎ᠠ ᠶᠢᠨ | ᠲᠥᠷᠥᠯ ᠵᠦᠢᠯ ᠪᠠ ᠵᠡᠭᠦᠨ ᠳᠤᠮᠳᠠ ᠪᠠᠷᠠᠭᠤᠨ ᠤᠷᠤᠨ ᠤ ᠡᠯ᠎ᠡ ᠮᠤᠵᠢ ᠶᠢ ᠬᠠᠮᠤᠷᠤᠭᠰᠠᠨ ᠪᠠᠶᠢᠨ᠎ᠠ᠃ ᠣᠶᠢᠷ᠎ᠠ ᠳᠤ᠂ | ᠲᠦᠷᠦᠭᠦᠦ ᠪᠦᠯᠦᠭ ᠤᠨ ᠪᠠᠭᠰᠢ ᠶᠢᠨ ᠪᠦᠯᠬᠦᠮ ᠤᠨ ᠲᠥᠯᠥᠭᠡᠯᠡᠭᠴᠢ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ | ᠪᠢᠴᠢᠵᠦ᠂ ᠵᠢᠭᠠᠨ ᠰᠤᠷᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠠᠵᠢᠯ ᠤᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠰᠤᠷᠭᠠᠨ ᠬᠥᠮᠦᠵᠢᠯ ᠢᠶᠠᠷ ᠤᠯᠤᠰ ᠲᠠᠭᠠᠨ ᠵᠢᠳᠬᠦᠬᠦ ᠬᠦᠰᠡᠯᠡᠩ ᠢᠶᠠᠨ ᠪᠠᠲᠤ ᠰᠠᠬᠢᠵᠤ᠂ | ᠦᠨᠳᠦᠰᠦᠲᠡᠨ ᠤ ᠰᠡᠷᠭᠦᠨ ᠮᠠᠨᠳᠤᠯᠲᠠ ᠳᠤ ᠬᠦᠴᠦᠨ ᠴᠢᠳᠠᠯ ᠢᠶᠠᠨ ᠡᠷᠭᠦᠬᠦ ᠡᠷᠴᠢ ᠵᠣᠷᠢᠭ ᠢᠶᠠᠨ ᠢᠯᠡᠳᠬᠡᠭᠰᠡᠨ | ᠪᠠᠶᠢᠨ᠎ᠠ᠃ | |