ᠬᠠᠯᠠᠭᠤᠨ ᠰᠡᠳᠬᠢᠯᠳᠦ ᠠᠵᠤ ᠠᠬᠤᠶᠢᠯᠠᠯᠳᠠᠨ ᠬᠦᠴᠢᠷᠳᠡᠯᠲᠡᠶ ᠰᠣᠷᠣᠭᠴᠢ ᠳᠤ ᠲᠤᠰᠠᠯᠠᠮᠵᠢ ᠬᠦᠷᠭᠡᠭᠰᠡᠨ
ᠨᠡᠶᠢᠲᠡᠯᠡᠭᠰᠡᠨ ᠴᠠᠭ᠄
2021/9/13
  ᠶᠦᠩ ᠹᠧᠩ ᠪᠠᠯᠭᠠᠰᠤᠨ ᠤ ᠮᠠᠨ ᠳᠧᠦ ᠭᠸᠦ ᠲᠣᠰᠬᠤᠨ ᠤ ᠵᠠᠩ ᠪᠥᠸᠧ  ᠪᠤᠯ ᠲᠠᠶᠢᠹᠤᠰᠧ ᠬᠤᠰᠢᠭᠤᠨ ᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠠᠪᠤᠳᠤᠭᠠᠷ ᠣᠨ ᠤ ᠰᠤᠷᠤᠭᠴᠢ ᠶᠤᠮ᠃ ᠪᠠᠭ᠎ᠠ ᠠᠴᠠ ᠪᠠᠨ ᠡᠮᠡᠭᠡ ᠲᠠᠢ  ᠪᠠᠨ ᠬᠠᠮᠲᠤ ᠠᠮᠢᠳᠤᠷᠠᠵᠤ ᠢᠷᠡᠵᠡᠢ᠃  ᠡᠮᠡᠭᠡ ᠨᠢ ᠨᠠᠰᠤ ᠠᠬᠢᠭᠰᠠᠨ ᠲᠡᠭᠡᠷ᠎ᠡ ᠪᠠᠨ ᠵᠢᠷᠦᠬᠡᠨ ᠤ ᠡᠪᠡᠳᠴᠢᠨ᠂ ᠦᠶ᠎ᠡ ᠭᠡᠰᠢᠭᠦᠨ ᠤ ᠦᠷᠪᠢᠰᠦᠯ ᠲᠠᠢ ᠪᠤᠯᠬᠤᠷ ᠭᠡᠷ   ᠤᠨ ᠠᠮᠢᠳᠤᠷᠠᠯ ᠨᠢ ᠨᠡᠯᠢᠶᠡᠳ ᠬᠦᠴᠢᠷᠲᠡᠢ ᠪᠠᠶᠢᠳᠠᠭ᠃ ᠲᠠᠶᠢᠹᠤᠰᠧ ᠬᠤᠰᠢᠭᠤᠨ ᠤ ᠹᠧᠩ ᠲᠠᠢ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠢᠨ ᠵᠠᠩ ᠪᠥᠸᠧ ᠶᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂  9 ᠰᠠᠷ᠎ᠠ ᠶᠢᠨ 9 ᠤ ᠡᠳᠦᠷ ᠲᠤᠰᠬᠠᠶᠢᠯᠠᠨ ᠵᠠᠩ ᠪᠥᠸᠧ ᠶᠢᠨ ᠳᠤ ᠬᠦᠷᠴᠦ᠂  2000 ᠲᠥᠭᠦᠷᠢᠭ ᠤᠨ ᠲᠤᠰᠠᠯᠠᠮᠵᠢ ᠶᠢᠨ ᠮᠥᠩᠭᠦ ᠪᠠ ᠭᠤᠯᠢᠷ ᠪᠤᠳᠠᠭ᠎ᠠ ᠲᠣᠰᠣ ᠵᠡᠷᠭᠡ ᠠᠮᠢᠳᠤᠷᠠᠯ  ᠤᠨ ᠬᠡᠷᠡᠭᠰᠡᠯ ᠢ ᠬᠦᠷᠭᠡᠭᠰᠡᠨ ᠪᠦᠬᠡᠳ ᠵᠠᠩ ᠪᠦᠸᠧ ᠶᠢ ᠪᠠᠶᠠᠰᠤᠩᠭᠤᠢ ᠠᠪᠤᠷ ᠢᠶᠠᠷ  ᠰᠠᠶᠢᠨ ᠰᠤᠷᠤᠯᠴᠠᠵᠤ᠂ ᠬᠦᠴᠢᠷ ᠪᠡᠷᠬᠡᠰᠢᠶᠡᠯ ᠢ ᠲᠤᠭᠤᠯᠵᠤ ᠭᠠᠷᠳᠤᠭᠠᠢ  ᠭᠡᠵᠦ  ᠵᠤᠷᠢᠬᠵᠢᠭᠤᠯᠤᠭᠰᠠᠨ ᠪᠠᠶᠢᠨ᠎ᠠ᠃   ᠹᠧᠩ ᠲᠠᠢ ᠠᠭᠤᠷᠬᠠᠢ  ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠡᠨᠡ ᠤᠳᠠᠭᠠᠨ ᠤ ᠬᠠᠶᠢᠷ᠎ᠠ ᠬᠠᠯᠠᠮᠵᠢ ᠶᠢᠨ ᠲᠤᠰᠠᠯᠠᠮᠵᠢ ᠨᠢ ᠵᠠᠩ ᠪᠦᠸᠧ ᠳᠤ ᠠᠪᠴᠤ ᠬᠡᠯᠡᠪᠡᠯ ᠨᠢᠭᠡ ᠤᠳᠠᠭᠠᠨ ᠤ ᠡᠳ᠋ ᠪᠣᠳᠠᠰ ᠤᠨ ᠳᠡᠮᠵᠢᠯᠭᠡ  ᠲᠡᠳᠦᠢ ᠯᠡ ᠪᠢᠰᠢ᠂ ᠨᠡᠩ ᠴᠢᠬᠤᠯᠠ  ᠨᠢ ᠨᠢᠭᠡ ᠵᠦᠢᠯ ᠤᠨ ᠣᠶᠤᠨ ᠰᠠᠨᠠᠭᠠᠨ ᠤ ᠲᠠᠯ᠎ᠠ ᠶᠢᠨ ᠵᠣᠷᠢᠭᠵᠢᠭᠤᠯᠤᠯ  ᠪᠤᠯᠵᠠᠢ᠃ ᠬᠤᠶᠢᠰᠢᠳᠠ᠂ ᠲᠤᠰ ᠺᠣᠮᠫᠠᠨᠢ  ᠶᠢᠨ ᠬᠢᠨ ᠨᠡᠶᠢᠭᠡᠮ ᠤᠨ ᠬᠠᠷᠢᠭᠤᠴᠠᠯᠭ᠎ᠠ ᠪᠠᠨ ᠦᠷᠭᠦᠯᠵᠢᠯᠡᠨ ᠢᠳᠡᠪᠬᠢᠲᠡᠢ ᠦᠢᠯᠡᠳᠦᠯᠭᠡᠵᠢᠭᠦᠯᠵᠦ᠂ ᠲᠤᠰ ᠪᠡᠶ᠎ᠡ ᠶᠢᠨ ᠳᠠᠪᠠᠭᠤᠯᠢᠭ ᠢᠶᠠᠨ  ᠪᠠᠳᠠᠷᠠᠭᠤᠯᠤᠨ᠂ ᠠᠵᠤ ᠠᠬᠤᠶᠢᠯᠠᠯ ᠪᠠ  ᠭᠠᠵᠠᠷ ᠤᠷᠤᠨ᠂ ᠠᠵᠤ ᠠᠬᠤᠶᠢᠯᠠᠯ ᠪᠠ ᠤᠯᠠᠨ ᠲᠦᠮᠡᠨ ᠤ ᠠᠭᠤᠰᠤᠯᠴᠠᠯ ᠵᠤᠬᠢᠴᠠᠯ ᠢ ᠠᠬᠢᠭᠤᠯᠬᠤ ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号