ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 10 ᠤ ᠴᠠᠬᠢᠯᠭᠠᠨ ᠮᠡᠳᠡᠭᠡ 9 ᠰᠠᠷ᠎ᠠ ᠶᠢᠨ 10 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ | — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ | ᠳᠤᠮᠳᠠᠳᠤ ᠤᠯᠤᠰ— ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ | ᠶᠠᠪᠤᠳᠠᠯ ᠬᠢᠭᠡᠳ ᠪᠡᠯᠡ ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ | ᠶᠡᠷᠢᠯᠴᠠᠭ᠎ᠠ ᠬᠢᠬᠦ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠲᠤᠷᠰᠢ᠂ ᠬᠤᠶᠠᠷ ᠲᠠᠯ᠎ᠠ ᠶᠢᠨ ᠪᠥᠬᠦ ᠲᠠᠯ᠎ᠠ ᠶᠢᠨ | ᠬᠠᠮᠲᠤᠷᠠᠯᠴᠠᠭ᠎ᠠ ᠲᠠᠰᠤᠷᠠᠯᠲᠠ ᠥᠬᠡᠶ ᠭᠦᠨᠵᠡᠭᠡᠶᠢᠷᠡᠵᠦ᠂ ᠬᠠᠷᠢᠯᠴᠠᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ | ᠪᠣᠯᠵᠣ᠂ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠪᠦᠰᠡ ᠶᠢᠨ ᠬᠠᠮᠤᠭ ᠤᠨ ᠠᠮᠢᠵᠢᠷᠠᠯ ᠤᠨ ᠬᠦᠴᠦᠨ ᠲᠠᠢ | ᠬᠠᠮᠲᠤᠷᠠᠯᠴᠠᠭ᠎ᠠ ᠪᠣᠯᠵᠠᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠡᠬᠦᠰᠦᠭᠰᠡᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠢᠵᠢᠭ ᠲᠠᠢ ᠲᠡᠮᠡᠴᠡᠵᠦ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠰᠠᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠴᠣᠭᠴᠠ ᠶᠢᠨ ᠵᠣᠷᠢᠭ | ᠰᠠᠨᠠᠭ᠎ᠠ ᠶᠢ ᠬᠠᠷᠠᠭᠤᠯᠤᠬᠰᠡᠨ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ᠂ ᠠᠷᠪᠠᠨ ᠲᠤᠯᠤᠳᠤᠭᠠᠷ ᠬᠤᠭᠤᠴᠠᠭᠠᠨ ᠤ ᠳᠤᠮᠳᠠᠳᠤ | ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ | ᠪᠣᠯᠤᠨ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠬᠤᠳᠠᠯᠳᠤᠭᠠᠨ ᠤ ᠶᠠᠪᠤᠳᠠᠯ ᠬᠢᠭᠡᠳ ᠪᠡᠯᠡ ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠤᠨ ᠡᠬᠢᠯᠡᠯᠲᠡ ᠶᠢᠨ | ᠶᠣᠰᠣᠯᠠᠯ ᠳᠡᠭᠡᠷ᠎ᠡ᠂ ᠪᠢ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠨᠡᠩ ᠨᠢᠭᠲᠠ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠲᠤᠬᠠᠢ 4 ᠲᠠᠯ᠎ᠠ ᠶᠢᠨ | ᠰᠠᠨᠠᠭᠠᠴᠢᠯᠠᠭ᠎ᠠ ᠳᠤᠷᠠᠳᠴᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ | ᠢᠳᠡᠪᠬᠢᠲᠡᠢ ᠲᠤᠰᠬᠠᠯ ᠢ ᠣᠯᠵᠤ᠂ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭ᠎ᠠ ᠶᠠᠭ ᠦᠷᠭᠦᠯᠵᠢᠯᠡᠨ ᠠᠬᠢᠵᠤ | ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠤᠯᠤᠰ ᠳᠤᠷᠠᠲᠠᠶ᠎ᠠ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠲᠠᠢ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠬᠢᠵᠢᠭ ᠲᠠᠢ | ᠲᠡᠮᠡᠴᠡᠬᠦ᠂ ᠠᠵᠤ ᠠᠬᠤᠢ ᠠᠷᠠᠯᠵᠢᠶ᠎ᠠ ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ | ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠡᠷᠲᠡ ᠡᠳᠤᠷ | ᠬᠦᠴᠦᠨ ᠲᠠᠢ ᠪᠣᠯᠭᠠᠨ ᠬᠡᠷᠡᠭᠵᠢᠭᠦᠯᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ | ᠰᠠᠶᠢᠲᠠᠢ ᠪᠦᠳᠦᠭᠡᠨ ᠪᠠᠶᠢᠭᠤᠯᠵᠤ᠂ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠪᠠᠶᠢᠭᠤᠯᠵᠤ᠂ ᠲᠤᠰ ᠭᠠᠵᠠᠷ ᠣᠷᠣᠨ ᠤ ᠪᠠᠨ ᠴᠡᠴᠡᠭᠯᠡᠨ ᠬᠦᠭᠵᠢᠬᠦ ᠰᠠᠶᠢᠨ ᠰᠠᠶᠢᠬᠠᠨ ᠪᠠᠶᠢᠳᠠᠯ ᠢ | ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠠᠷᠪᠠᠨ ᠨᠠᠢᠮᠠᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠦᠵᠡᠰᠬᠦᠯᠡᠩ ᠤᠨ ᠴᠤᠭᠯᠠᠭᠠᠨ ᠪᠣᠯᠤᠨ ᠳᠤᠮᠳᠠᠳᠤ ᠤᠯᠤᠰ — ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠳᠠᠯᠳᠤᠭᠠᠨ ᠤ ᠶᠠᠪᠤᠳᠠᠯ ᠬᠢᠭᠡᠳ ᠪᠡᠯᠡ | ᠣᠷᠣᠭᠤᠯᠤᠯᠲᠠ ᠶᠢᠨ ᠲᠦᠷᠦᠭᠦᠴᠦᠳ ᠤᠨ ᠬᠤᠷᠠᠯ ᠲᠤᠰ ᠡᠳᠦᠷ ᠭᠤᠸᠠᠩᠰᠢ ᠶᠢᠨ ᠨᠠᠨᠨᠢᠩ ᠳᠤ ᠡᠬᠢᠯᠡᠵᠤ᠂ ︽ᠡᠬᠡ | ᠬᠠᠭᠤᠷᠠᠢ ᠪᠠ ᠲᠠᠯᠠᠢ ᠲᠠᠩᠬᠢᠰ ᠤᠨ ᠰᠢᠨ᠎ᠡ ᠵᠠᠮ ᠰᠢᠨ᠎ᠡ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠳᠤᠮᠳᠠᠳᠤ | ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠪᠢ ᠵᠠᠶᠠᠭᠠᠨ ᠤ ᠬᠠᠮᠲᠤ | ᠴᠣᠭᠴᠠ ᠶᠢ ᠬᠠᠮᠲᠤ ᠪᠠᠷ ᠪᠠᠶᠢᠭᠤᠯᠤᠶ᠎ᠠ︾ ᠪᠠᠷ ᠭᠤᠣᠯ ᠰᠡᠳᠦᠪ ᠪᠤᠯᠭᠠᠵᠤ᠂ ᠳᠤᠮᠳᠠᠳᠤ ᠤᠯᠤᠰ ᠤᠨ | ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | 10 ᠤᠯᠤᠰ ᠤᠨ ᠵᠠᠰᠠᠭ ᠤᠨ ᠣᠷᠳᠣᠨ ᠤ ᠠᠵᠤ ᠠᠬᠤᠢ ᠠᠷᠠᠯᠵᠢᠶᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠵᠢᠴᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠠᠷᠢᠨ ᠪᠢᠴᠢᠭ ᠤᠨ ᠭᠠᠵᠠᠷ ᠠᠴᠠ | ᠬᠠᠮᠲᠤ ᠪᠠᠷ ᠭᠤᠣᠯᠯᠠᠨ ᠡᠷᠬᠢᠯᠡᠪᠡ᠃ | |