ᠮᠠ ᠷᠦᠢ ᠮᠠᠨ ᠪᠣᠤᠴᠠᠩ ᠪᠠᠯᠭᠠᠰᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/9/15
  ᠣᠶᠢᠷ᠎ᠠ ᠳᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠮᠠ ᠷᠦᠢ ᠮᠠᠨ ᠪᠣᠤᠴᠠᠩ ᠪᠠᠯᠭᠠᠰᠤᠨ ᠳᠤ ᠭᠦᠨᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠶᠠᠷᠢᠯᠴᠠᠬᠤ ᠬᠤᠷᠠᠯ ᠳᠡᠭᠡᠷ᠎ᠡ᠂ ᠮᠠ ᠷᠦᠢ ᠮᠠᠨ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠰᠠᠭᠤᠳᠠᠯ ᠢ ᠪᠠᠶᠢᠴᠠᠭᠠᠬᠤ᠂  ᠲᠠᠩᠰᠠ ᠪᠠᠶᠢᠭᠤᠯᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠠᠯᠠ ᠬᠤᠷᠠᠮᠳᠤᠭᠤᠯᠭ᠎ᠠ᠂  ᠲᠦᠰᠦᠪ ᠲᠦᠯᠦᠪᠯᠡᠭᠡ ᠵᠡᠷᠭᠡ ᠠᠵᠢᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠤᠳᠤᠯᠤᠨ ᠶᠠᠷᠢᠯᠴᠠᠭᠰᠠᠨ ᠪᠠᠶᠢᠨ᠎ᠠ᠃ ᠮᠠ ᠷᠦᠢ ᠮᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡ ᠬᠦ ᠲᠤᠮᠤ ᠶᠠᠪᠤᠳᠠᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ  ᠤᠳᠬ᠎ᠠ ᠠᠭᠤᠯᠭ᠎ᠠ᠂ ᠮᠥᠨ ᠴᠢᠨᠠᠷ᠂ ᠬᠠᠷᠠᠯᠲᠠ ᠡᠭᠦᠷᠭᠡ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠣᠨᠣᠪᠴᠢᠲᠠᠢ ᠡᠵᠡᠮᠳᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ  ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠶᠢ ᠦᠨᠡᠨ ᠬᠦ ᠰᠠᠶᠢᠨ ᠬᠢᠵᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠬᠤ ᠭᠡᠷᠡᠭᠳᠡᠢ ᠬᠡᠵᠦ ᠴᠢᠬᠤᠯᠠᠴᠢᠯᠠᠪᠠ᠃ ᠪᠣᠤᠴᠠᠩ ᠪᠠᠯᠭᠠᠰᠤᠨ ᠤ ᠳ᠋ᠠ ᠱᠠᠨ ᠭᠸᠤ ᠲᠣᠰᠬᠤᠨ ᠳᠤ ᠬᠦᠷᠦᠭᠡᠳ ᠮᠠ ᠷᠦᠢ ᠮᠠᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠢᠯ ᠢᠶᠠᠨ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠤᠶᠢᠯᠠᠭᠠᠭᠰᠠᠨ ᠤ ᠬᠠᠮᠳᠤ᠂ ᠲᠣᠰᠬᠤᠨ ᠤ ᠬᠤᠶᠠᠷ ᠵᠥᠪᠯᠡᠯ  ᠪᠤᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠢ ᠲᠤᠯᠢᠳᠠᠨ ᠰᠤᠷᠤᠯᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠬᠢᠨ ᠬᠡᠷᠡᠭᠵᠢᠭᠦᠯᠬᠦ᠂ ᠬᠡᠷᠬᠢᠨ ᠨᠠᠶᠢᠳᠠᠪᠤᠷᠢᠵᠢᠭᠤᠯᠬᠤ ᠲᠤᠬᠠᠢ ᠨᠠᠷᠢᠨ ᠬᠢᠨᠠᠮᠠᠭᠠᠢ ᠰᠤᠳᠤᠯᠵᠤ ᠰᠦᠪᠡᠭᠴᠢᠯᠡᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠪ ᠳᠠᠭᠤᠷᠢᠶᠠᠯ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠱᠣᠤ ᠯᠢᠨ᠂ ᠪᠠᠶᠢᠴᠠᠭᠠᠬᠤ ᠬᠤᠷᠢᠶᠠᠨ ᠤ  ᠪᠠᠶᠢᠴᠠᠭᠠᠭᠴᠢ ᠳᠠᠷᠤᠭ᠎ᠠ ᠨᠠᠷᠠᠰᠤ ᠶᠠᠷᠢᠯᠴᠠᠬᠤ ᠬᠤᠷᠠᠯ ᠳᠤ ᠣᠷᠣᠯᠴᠠᠵᠤ᠂ ᠪᠣᠤᠴᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号