ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠤᠳᠠᠭᠠᠨ ᠤ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2021/9/15
 9 ᠰᠠᠷ᠎ᠠ ᠶᠢᠨ 14 ᠤ ᠡᠳᠦᠷ᠂  ᠲᠠᠶᠢᠹᠤᠰᠧ ᠬᠤᠰᠢᠭᠤᠨ ᠤ ᠠᠷᠪᠠᠨ ᠨᠢᠭᠡᠳᠦᠭᠡᠷ ᠤᠳᠠᠭᠠᠨ ᠤ ᠡᠮᠡᠭᠲᠡᠶᠢᠴᠦᠳ  ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠵᠤ  ᠂ ᠪᠦᠬᠦ ᠬᠤᠰᠢᠭᠤᠨ ᠤ ᠡᠯ᠎ᠡ ᠠᠵᠢᠯ   ᠤᠨ ᠹᠷᠣᠨᠲ ᠠᠴᠠ ᠢᠷᠡᠭᠰᠡᠨ ᠡᠮᠡᠭᠲᠡᠶᠢᠴᠦᠳ ᠤᠨ ᠲᠥᠯᠥᠭᠡᠯᠡᠭᠴᠢᠳ ᠨᠢᠭᠡ ᠲᠠᠩᠬᠢᠮ ᠳᠤ ᠴᠤᠭᠯᠠᠷᠠᠨ᠂ ᠢᠷᠡᠭᠡᠳᠦᠢ ᠶᠢᠨ ᠲᠠᠪᠤᠨ ᠵᠢᠯ ᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠦᠪᠯᠡᠵᠡᠭᠡᠪᠡ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 134 ᠬᠥᠮᠦᠨ᠂  ᠴᠢᠯᠦᠬᠡ ᠭᠤᠶᠤᠭᠰᠠᠨ 6 ᠬᠥᠮᠦᠨ᠂ ᠪᠣᠳᠠᠲᠠᠢ ᠣᠷᠣᠯᠴᠠᠭᠰᠠᠨ ᠨᠢ 128 ᠬᠥᠮᠦᠨ ᠪᠠᠶᠢᠵᠤ᠂ ᠲᠣᠭᠲᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃  ᠠᠶᠢᠮᠠᠭ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠳᠡᠳ᠋ ᠲᠡᠷᠢᠭᠦᠯᠡᠭᠴᠢ ᠲᠤᠤ ᠯᠢ ᠬᠤᠷᠠᠯ  ᠳᠤ  ᠤᠷᠤᠯᠴᠠᠨ ᠵᠢᠭᠠᠨ ᠵᠢᠯᠤᠭᠤᠳᠴᠤ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠩ ᠶᠢᠨ ᠮᠢᠩ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠵᠠᠨ ᠷᠦᠢ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠤᠶᠤᠨᠴᠡᠴᠡᠭ ᠬᠤᠷᠠᠯ ᠳᠤ  ᠤᠷᠤᠯᠴᠠᠨ᠂   ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠣᠯᠠᠨ  ᠲᠦᠮᠡᠨᠴᠢ ᠡᠪᠯᠡᠯ ᠪᠦᠯᠬᠦᠮ ᠤᠨ ᠬᠠᠷᠢᠭᠤᠴᠠᠯᠭᠠᠲᠠᠨ᠂ ᠡᠮᠡᠭᠲᠡᠶᠢᠴᠦᠳ ᠤᠨ ᠬᠤᠯᠪᠤᠭᠠᠨ ᠤ ᠠᠬᠠᠮᠠᠳ ᠺᠠᠳ᠋ᠷ  ᠂  ︽ᠬᠠᠮᠤᠭ ᠤᠨ ᠭᠤᠶᠣ ᠬᠡᠷ ᠪᠦᠯᠢ︾ ᠶᠢᠨ ᠲᠥᠯᠥᠭᠡᠯᠡᠭᠴᠢ᠂ 《 3.8 》ᠤᠯᠠᠭᠠᠨ ᠲᠤᠭᠴᠢ ᠶᠢᠨ ᠲᠦᠯᠦᠭᠡᠯᠡᠭᠴᠢ᠂ ᠭᠠᠪᠢᠶ᠎ᠠ ᠪᠠᠶᠢᠭᠤᠯᠤᠭᠰᠠᠨ ᠡᠮᠡᠭᠲᠡᠶ ᠵᠢᠱᠢᠶᠡᠴᠢ ᠶᠢᠨ ᠲᠦᠯᠦᠭᠡᠯᠡᠭᠴᠢ᠂ ᠡᠮᠡᠭᠲᠡᠶ ᠠᠵᠢᠯᠴᠢᠨ ᠤ ᠲᠥᠯᠥᠭᠡᠯᠡᠭᠴᠢ ᠨᠠᠷ ᠤᠷᠢᠯᠭ᠎ᠠ ᠪᠠᠷ ᠬᠤᠷᠠᠯ ᠳᠤ ᠣᠷᠣᠯᠴᠠᠪᠠ᠃   ᠬᠤᠷᠠᠯ ᠳᠡᠭᠡᠷ᠎ᠡ᠂  ᠬᠤᠰᠢᠭᠤᠨ ᠤ  ᠡᠪ ᠬᠠᠮᠳᠤ ᠵᠠᠯᠠᠭᠤᠴᠤᠳ ᠤᠨ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ   ᠠᠴᠠ ᠤᠯᠠᠨ ᠲᠦᠮᠡᠨᠴᠢ ᠡᠪᠯᠡᠯ ᠪᠦᠯᠬᠦᠮ ᠢᠶᠠᠨ ᠲᠥᠯᠥᠭᠡᠯᠡᠨ ᠪᠠᠶᠠᠷ ᠤᠨ ᠦᠭᠡ ᠬᠡᠯᠡᠪᠡ᠃ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ᠲᠡᠷᠢᠭᠦᠯᠡᠭᠴᠢ ᠹᠠᠨ ᠴᠦᠨ ᠫᠢᠩ ᠬᠤᠰᠢᠭᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠠᠷᠪᠠᠳᠤᠭᠠᠷ ᠬᠤᠭᠤᠴᠠᠭᠠᠨ ᠤ ᠭᠦᠶᠴᠡᠳᠬᠡᠬᠦ ᠵᠥᠪᠯᠡᠯ ᠢ ᠲᠥᠯᠥᠭᠡᠯᠡᠨ᠂《 ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠶᠯᠡᠴᠢᠯᠡᠵᠦ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ  ᠢ ᠪᠦᠯᠬᠦᠮᠳᠡᠭᠦᠯᠦᠨ ᠳᠠᠭᠠᠭᠤᠯᠵᠤ ᠲᠠᠶᠢᠹᠤᠰᠧ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠬᠡᠶ᠎ᠡ 》 ᠭᠡᠬᠦ ᠰᠡᠳᠦᠪ ᠢᠶᠠᠷ ᠠᠵᠢᠯ ᠤᠨ ᠢᠯᠡᠳᠬᠡᠯ ᠬᠢᠭᠰᠡᠨ ᠪᠠᠶᠢᠨ᠎ᠠ᠃ ᠢᠯᠡᠳᠬᠡᠯ  ᠳᠤ᠂ ᠲᠠᠪᠤᠨ ᠵᠢᠯ ᠤᠨ ᠲᠤᠷᠰᠢ᠂ ᠪᠦᠬᠦ ᠬᠤᠰᠢᠭᠤᠨ ᠤ ᠡᠮᠡᠭᠲᠡᠶᠢᠴᠦᠳ ᠬᠡᠦᠬᠡᠳ ᠪᠠᠭᠠᠴᠤᠳ ᠤᠨ ᠠᠵᠢᠯ   ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠭᠡᠳ ᠳᠡᠭᠡᠳᠦ ᠱᠠᠲᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠲᠦᠷᠭᠡᠨ ᠬᠥᠭᠵᠢᠵᠦ᠂ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ  ᠪᠤᠯᠭᠠᠨ᠂ ᠡᠮᠡᠭᠲᠡᠶᠢᠴᠦᠳ ᠤᠨ ᠬᠤᠯᠪᠤᠭᠠᠳᠤ ᠬᠤᠷᠠᠯ   ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠡᠭᠲᠡᠶᠢᠴᠦᠳ ᠬᠡᠦᠬᠡᠳ ᠪᠠᠭᠠᠴᠤᠳ ᠤᠨ ᠡᠷᠬᠡ ᠠᠰᠢᠭ ᠢ ᠬᠠᠤᠯᠢ ᠶᠣᠰᠣᠭᠠᠷ  ᠬᠠᠮᠠᠭᠠᠯᠠᠨ᠂ ᠡᠮᠡᠭᠲᠡᠶᠢᠴᠦᠳ ᠤᠨ ᠠᠵᠢᠯ ᠪᠦᠬᠦ ᠲᠠᠯ᠎ᠠ ᠪᠠᠷ ᠬᠦᠭᠵᠢᠪᠡ ᠬᠡᠵᠦ ᠳ᠋ᠦᠩᠨᠡᠵᠡᠢ᠃ ᠢᠯᠡᠳᠬᠡᠯ ᠳᠤ᠂ ᠬᠤᠶᠢᠰᠢᠳᠠ ᠶᠢᠨ ᠲᠠᠪᠤᠨ ᠵᠢᠯ ᠤᠨ ᠡᠮᠡᠭᠲᠡᠶᠢᠴᠦᠳ ᠤᠨ ᠦᠢᠯᠡᠰ ᠤᠨ ᠬᠥᠭᠵᠢᠯᠲᠡ  ᠶᠢᠨ ᠶᠡᠷᠦᠩᠬᠡᠢ ᠱᠠᠭᠠᠷᠳᠠᠯᠭ᠎ᠠ ᠪᠣᠯᠤᠨ ᠭᠤᠣᠯ ᠬᠠᠷᠠᠯᠲᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ  ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ  ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ  ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠠᠷᠪᠠᠨ ᠬᠤᠶᠠᠳᠤᠭᠠᠷ ᠶᠡᠭᠡ ᠬᠤᠷᠠᠯ  ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂  ᠵᠢᠯᠤᠭᠤᠳᠬᠤ ᠦᠶᠯᠡᠴᠢᠯᠡᠬᠦ ᠬᠠᠷᠢᠯᠴᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂  ᠡᠮᠡᠭᠲᠡᠶᠢᠴᠦᠳ ᠤᠨ ᠡᠷᠬᠡ ᠠᠰᠢᠭ ᠢ  ᠲᠦᠯᠦᠬᠡᠯᠡᠬᠦ  ᠪᠠ ᠬᠠᠮᠠᠭᠠᠯᠠᠬᠤ᠂ ᠡᠷᠡᠭᠲᠡᠶ ᠡᠮᠡᠭᠲᠡᠶ ᠶᠢᠨ ᠡᠷᠬᠡ ᠲᠡᠭᠰᠢ ᠶᠢ ᠠᠬᠢᠭᠤᠯᠬᠤ ᠪᠠ ᠡᠮᠡᠭᠲᠡᠶᠢᠴᠦᠳ ᠢ ᠪᠦᠬᠦ ᠲᠠᠯ᠎ᠠ   ᠪᠠᠷ ᠬᠦᠭᠵᠢᠬᠦᠯᠬᠦ ᠴᠢᠬᠤᠯᠠ ᠡᠭᠦᠷᠭᠡ ᠶᠢ ᠡᠬᠦᠷᠭᠡᠯᠡᠵᠦ᠂ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠲᠠᠢ ᠵᠡᠷᠭᠡ ᠪᠠᠷ ᠬᠦᠭᠵᠢᠬᠦᠯᠦᠨ᠂  ᠪᠦᠬᠦ ᠬᠤᠰᠢᠭᠤᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠢᠭᠲᠠᠷᠠᠭᠤᠯᠵᠤ ᠨᠠᠮ ᠤᠨ ᠢᠶᠠᠨ ᠦᠭᠡ ᠶᠢ ᠰᠤᠨᠤᠰᠤᠨ ᠨᠠᠮ ᠢᠶᠠᠨ ᠲᠠᠭᠠᠨ ᠶᠠᠪᠤᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠨ  ᠂ ᠰᠢᠨ᠎ᠡ ᠴᠠᠭ ᠦᠶ᠎ᠡ ᠶᠢᠨ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠦᠶᠯᠡᠰ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠡᠢ᠃ ᠬᠤᠷᠠᠯ ᠳᠡᠭᠡᠷ᠎ᠡ᠂  ᠲᠤᠤ ᠯᠢ   ᠠᠴᠠ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠬᠤᠶᠢᠰᠢᠳᠠ ᠶᠢᠨ ᠲᠠᠪᠤᠨ ᠵᠢᠯ ᠳᠤ ᠡᠮᠡᠭᠲᠡᠶᠢᠴᠦᠳ  ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ  ᠲᠤᠷᠠᠳᠴᠤ᠂  ᠸᠠᠩ ᠸᠧᠢ ᠬᠤᠩ  ᠬᠤᠰᠢᠭᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ᠤᠷᠲᠤ ᠬᠤᠭᠤᠴᠠᠭᠠᠨ ᠤ ᠲᠤᠷᠰᠢ ᠪᠦᠬᠦ ᠬᠤᠰᠢᠭᠤᠨ ᠤ ᠡᠮᠡᠭᠲᠡᠶᠢᠴᠦᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠵᠡᠢ ᠃ ᠸᠠᠩ ᠸᠧᠢ ᠬᠤᠩ ᠶᠠᠷᠢᠶᠠᠨ ᠳᠠᠭᠠᠨ᠂ ᠰᠢᠨ᠎ᠡ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠡᠭᠦᠷᠭᠡ ᠶᠢ ᠵᠣᠷᠢᠭᠲᠠᠢ ᠡᠬᠦᠷᠭᠡᠯᠡᠨ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠵᠤ ᠦᠢᠯᠡᠰ ᠪᠦᠳᠦᠬᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ  ᠃ ᠰᠢᠨ᠎ᠡ ᠡᠭᠦᠷᠭᠡ ᠬᠠᠷᠠᠯᠳᠠ ᠶᠢ  ᠲᠤᠳᠤᠷᠬᠠᠶᠢᠯᠠᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ ᠣᠷᠣᠨ ᠪᠦᠰᠡ ᠶᠢᠨ ᠰᠢᠨ᠎ᠡ ᠠᠵᠤ ᠠᠬᠤᠶ ᠶᠢᠨ ᠨᠡᠮᠡᠭᠳᠡᠯ ᠤᠨ ᠲᠤᠶᠢᠯ ᠢ ᠪᠠᠶᠢᠭᠤᠯᠬᠤ ᠳᠤ ᠰᠢᠨ᠎ᠡ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠶ᠃ ᠰᠢᠨ᠎ᠡ ᠭᠠᠷᠤᠭ᠎ᠠ ᠳᠤ ᠰᠠᠭᠤᠷᠢᠯᠠᠨ᠂ ᠰᠢᠨ᠎ᠡ ᠪᠠᠶᠢᠳᠠᠯ ᠢ ᠡᠭᠦᠳᠴᠦ᠂ ᠡᠮᠡᠭᠲᠡᠶᠢᠴᠦᠳ ᠤᠨ ᠠᠵᠢᠯ ᠤᠨ ᠬᠥᠭᠵᠢᠯᠲᠡ  ᠳᠤ ᠰᠢᠨ᠎ᠡ ᠲᠠᠪᠴᠠᠩ ᠪᠠᠶᠢᠭᠤᠯᠵᠤ ᠥᠭᠬᠦ ᠬᠡᠷᠡᠭᠲᠡᠢ᠃ ᠪᠦᠬᠦ ᠬᠤᠰᠢᠭᠤᠨ ᠤ ᠥᠷᠭᠡᠨ ᠤᠯᠠᠨ ᠡᠮᠡᠭᠲᠡᠶᠢᠴᠦᠳ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠯᠠᠪᠳᠠᠭᠤᠨ ᠪᠠᠲᠤᠲᠠᠢ ᠬᠡᠪ ᠰᠤᠷᠲᠠᠯ᠂ ᠨᠡᠩ ᠴᠢᠷᠮᠠᠶᠢᠨ ᠲᠡᠮᠡᠴᠡᠬᠦ ᠵᠣᠷᠢᠭ ᠰᠠᠨᠠᠭ᠎ᠠ ᠪᠠᠷ ᠪᠦᠯᠬᠦᠮᠳᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠪᠠᠶᠢᠭᠤᠯᠤᠯᠲᠠ ᠶᠢᠨ ᠰᠢᠨ᠎ᠡ ᠠᠶᠠᠨ ᠳᠤ ᠳᠠᠬᠢᠨᠲᠠ ᠰᠢᠨ᠎ᠡ ᠭᠠᠪᠢᠶ᠎ᠠ ᠪᠠᠶᠢᠭᠤᠯᠵᠤ᠂ ᠪᠦᠬᠦ ᠬᠤᠰᠢᠭᠤᠨ  ᠤ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠳᠤ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ  ᠬᠡᠵᠦ ᠱᠠᠭᠠᠷᠳᠠᠭᠰᠠᠨ ᠪᠠᠶᠢᠨ᠎ᠠ᠃ ᠶᠡᠭᠡ ᠬᠤᠷᠠᠯ ᠤᠨ ᠪᠠᠶᠢᠷᠢᠯᠠᠭᠤᠯᠤᠯᠳᠠ ᠶᠤᠰᠤᠭᠠᠷ ᠪᠠᠰᠠ ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ᠠᠷᠪᠠᠨ ᠨᠢᠭᠡᠳᠦᠭᠡᠷ ᠬᠤᠭᠤᠴᠠᠭᠠᠨ ᠤ ᠭᠦᠢᠴᠡᠳᠬᠡᠬᠦ  ᠵᠦᠪᠯᠡᠯ ᠢ ᠰᠣᠩᠭᠤᠨ ᠲᠦᠷᠦᠭᠳᠡᠬᠦᠯᠵᠦ᠂ ᠠᠷᠪᠠᠨ ᠨᠢᠭᠡᠳᠦᠭᠡᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠤᠨ᠂  ᠭᠦᠢᠴᠡᠳᠬᠡᠬᠦ ᠵᠥᠪᠯᠡᠯ ᠤᠨ ᠲᠡᠷᠢᠭᠦᠯᠡᠭᠴᠢ 1 ᠬᠥᠮᠦᠨ᠂ ᠲᠤᠰᠬᠠᠢ ᠲᠤᠰᠢᠶᠠᠯᠲᠤ ᠳᠡᠳ᠋ ᠲᠡᠷᠢᠭᠦᠯᠡᠭᠴᠢ 2 ᠬᠥᠮᠦᠨ᠂ ᠲᠤᠰᠢᠶᠠᠯ ᠬᠠᠪᠰᠤᠷᠭᠠᠭᠰᠠᠨ ᠳᠡᠳ᠋ ᠲᠡᠷᠢᠭᠦᠯᠡᠭᠴᠢ 3 ᠬᠥᠮᠦᠨ᠂ ᠪᠠᠶᠢᠩᠭᠤ ᠶᠢᠨ ᠭᠡᠰᠢᠭᠦᠨ 5 ᠬᠥᠮᠦᠨ ᠢ ᠰᠣᠩᠭᠤᠨ ᠭᠠᠷᠭᠠᠵᠤ᠂ 《 ᠲᠠᠶᠢᠹᠤᠰᠧ ᠬᠤᠰᠢᠭᠤᠨ ᠤ ᠡᠮᠡᠭᠲᠡᠶᠢᠴᠦᠳ ᠤᠨ  ᠬᠤᠯᠪᠤᠭᠠᠳᠤ ᠬᠤᠷᠠᠯ ᠤᠨ ᠠᠷᠪᠠᠳᠤᠭᠠᠷ ᠬᠤᠭᠤᠴᠠᠭᠠᠨ ᠤ ᠭᠦᠢᠴᠡᠳᠬᠡᠬᠦ ᠵᠥᠪᠯᠡᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ 》 ᠶᠢ ᠬᠢᠨᠠᠨ ᠵᠥᠪᠯᠡᠵᠦ  ᠪᠠᠳᠤᠯᠠᠭᠰᠠᠨ ᠪᠠᠶᠢᠨ᠎ᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号