ᠲᠠᠶᠢᠹᠤᠰᠧ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/15
 9 ᠰᠠᠷ᠎ᠠ ᠶᠢᠨ 14 ᠤ ᠡᠳᠦᠷ᠂  ᠲᠠᠶᠢᠹᠤᠰᠧ ᠬᠤᠰᠢᠭᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠶ ᠦᠶᠯᠡᠳᠪᠦᠷᠢᠯᠡᠯ ᠤᠨ ᠬᠠᠮᠢᠶ᠎ᠠ ᠪᠥᠬᠦᠶ ᠴᠣᠬᠤᠯᠠᠪᠤᠷᠢ ᠵᠢᠭᠠᠪᠤᠷᠢ  ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠬᠦᠷᠢᠶ᠎ᠡ ᠴᠠᠷᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠡᠷᠡᠭᠵᠢᠭᠦᠯᠬᠦ ᠲᠦᠰᠦᠪ ᠤᠨ ᠲᠤᠬᠠᠢ ᠲᠠᠶᠢᠯᠤᠮᠵᠢ ᠬᠢᠵᠦ᠂ ᠲᠠᠷᠠᠭᠠᠴᠢ ᠶᠢᠨ ᠱᠠᠲᠤᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠲᠣᠳᠣᠷᠬᠠᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢ ᠡᠷᠡᠰ  ᠡᠬᠦᠷᠭᠡᠯᠡᠨ᠂ ᠭᠤᠣᠯᠳᠠᠯᠭ᠎ᠠ ᠶᠢ ᠳᠤᠪᠤᠶᠢᠯᠭᠠᠵᠤ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠰᠠᠶᠢᠨ ᠬᠢᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠦᠨ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠭᠠᠯ ᠰᠡᠷᠭᠡᠶᠢᠯᠡᠬᠦ᠂ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ᠂  ᠦᠢᠯᠡᠳᠪᠦᠷᠢ ᠠᠭᠤᠷᠬᠠᠢ ᠵᠡᠷᠭᠡ ᠠᠵᠢᠯ ᠲᠦᠷᠦᠯ  ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠭᠡᠮ ᠰᠣᠭᠤᠭ ᠢ ᠬᠦᠨᠵᠡᠬᠡᠢ ᠪᠠᠶᠢᠴᠠᠭᠠᠨ ᠬᠦᠢᠴᠡᠳ ᠠᠷᠢᠯᠭᠠᠬᠤ ᠭᠡᠷᠡᠭᠳᠡᠢ  ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠴᠠᠭ ᠲᠤᠬᠠᠢ ᠳᠤᠨᠢ ᠪᠠᠶᠢᠴᠠᠭᠠᠨ᠂ ᠴᠠᠭ ᠲᠤᠬᠠᠢ ᠳᠤᠨᠢ ᠴᠡᠭᠴᠡᠯᠡᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠨᠢᠭᠡᠳᠦᠯᠲᠡᠢ ᠲᠦᠯᠦᠪᠵᠢᠬᠦᠯᠬᠡ ᠵᠤᠬᠢᠴᠠᠭᠤᠯᠭ᠎ᠠ ᠪᠠᠨ ᠴᠢᠩᠭᠠᠳᠬᠠᠵᠤ᠂  ᠬᠦᠨᠳᠦ ᠶᠡᠭᠡ ᠭᠠᠮᠰᠢᠭ ᠤᠨ ᠪᠠᠶᠢᠳᠠᠯ ᠪᠤᠶᠤ ᠤᠰᠤᠯ ᠠᠳᠡᠯ ᠭᠠᠷᠪᠠᠯ᠂  ᠠᠪᠤᠷᠠᠨ ᠲᠤᠰᠠᠯᠠᠬᠤ ᠬᠦᠴᠦᠨ ᠢ ᠳᠠᠷᠤᠢ ᠲᠦᠷᠭᠡᠨ ᠵᠣᠬᠢᠶᠠᠨ ᠪᠠᠶᠢᠭᠤᠯᠵᠤ ᠠᠬᠤᠢ ᠲᠠᠯᠠᠪᠠᠢ ᠳᠤ ᠬᠦᠨᠵᠡᠬᠡᠶᠢᠷᠡᠨ᠂ ᠪᠠᠴᠢᠮ ᠪᠠᠶᠢᠳᠠᠯ ᠢ  ᠠᠷᠭᠠᠴᠠᠵᠤ  ᠠᠪᠤᠷᠠᠨ ᠲᠤᠰᠠᠯᠠᠬᠤ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠥᠷᠨᠢᠭᠦᠯᠵᠦ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠶ᠎ᠡ ᠵᠣᠬᠢᠴᠠᠩᠭᠤᠢ ᠲᠣᠭᠲᠠᠭᠤᠨ  ᠢᠶᠠᠷ ᠶᠠᠪᠤᠭᠳᠠᠬᠤ   ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ   ᠠᠴᠠ《 ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠵᠢᠴᠢ ᠤᠰᠤᠨ ᠳᠡᠭᠡᠷᠡᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠬᠤ ᠠᠵᠢᠯ ᠤᠨ ᠸᠢᠳᠢᠣ᠋ ᠬᠤᠷᠠᠯ ᠳᠡᠭᠡᠷᠡᠬᠢ ᠶᠠᠷᠢᠶ᠎ᠠ 》᠂ 《 ᠪᠦᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠪᠠᠴᠢᠮ ᠸᠢᠳᠢᠣ᠋ ᠬᠤᠷᠠᠯ ᠳᠡᠭᠡᠷᠡᠬᠢ ᠬᠤᠸᠠᠩ ᠮᠢᠩ ᠨᠥᠬᠦᠷ ᠤᠨ ᠶᠠᠷᠢᠶ᠎ᠠ 》 ᠪᠣᠯᠤᠨ 《 ᠤᠢᠢᠷ᠎ᠠ ᠶᠢᠨ ᠬᠤᠭᠤᠴᠠᠭᠠᠨ ᠤ ᠬᠦᠨᠳᠦ ᠶᠡᠭᠡ  ᠭᠡᠷᠡᠭ ᠪᠠ ᠨᠡᠶᠢᠲᠡᠯᠢᠭ ᠭᠡᠷᠡᠭ ᠤᠨ ᠪᠠᠶᠢᠳᠠᠯ ᠤᠨ ᠲᠤᠬᠠᠢ ᠵᠠᠷᠯᠠᠯ 》 ᠢ  ᠤᠯᠠᠮᠵᠢᠯᠠᠵᠤ᠂  ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠤᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠤᠪᠴᠢᠶᠠᠨ ᠤ ᠬᠠᠷᠢᠭᠤᠴᠠᠯᠭᠠᠲᠠᠨ ᠠᠴᠠ ᠲᠤᠰᠪᠤᠷᠢ《  ᠲᠠᠶᠢᠹᠤᠰᠧ ᠬᠤᠰᠢᠭᠤᠨ  ᠤ  ᠪᠠᠷᠢᠯᠭ᠎ᠠ ᠶᠢᠨ ᠠᠵᠢᠯ ᠲᠦᠷᠦᠯ ᠤᠨ ᠠᠶᠤᠯᠬᠦᠢ ᠦᠶᠯᠡᠳᠪᠦᠷᠢᠯᠡᠯ ᠤᠨ ᠬᠡᠮ ᠰᠣᠭᠤᠭ ᠢ  ᠪᠠᠶᠢᠴᠠᠭᠠᠨ ᠴᠡᠭᠴᠡᠯᠡᠬᠦ ᠠᠵᠢᠯ ᠤᠨ ᠲᠦᠰᠦᠪ 》᠂ 《  ᠲᠠᠶᠢᠹᠤᠰᠧ ᠬᠤᠰᠢᠭᠤᠨ ᠤ ᠭᠠᠯ  ᠲᠦᠢᠮᠡᠷ ᠤᠨ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠨ ᠴᠡᠭᠴᠡᠯᠡᠬᠦ ᠠᠵᠢᠯ ᠤᠨ ᠬᠡᠷᠡᠭᠵᠢᠭᠦᠯᠬᠦ  ᠲᠦᠰᠦᠪ 》᠂  《 ᠰᠢᠨ᠎ᠡ ᠪᠠᠷ ᠵᠠᠰᠠᠪᠤᠷᠢ ᠣᠷᠣᠭᠤᠯᠤᠭᠰᠠᠨ 〈 ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠠᠶᠤᠯᠬᠦᠢ ᠦᠶᠯᠡᠳᠪᠦᠷᠢᠯᠡᠯ ᠤᠨ ᠬᠠᠤᠯᠢ 〉 ᠶᠢ ᠤᠬᠠᠭᠤᠯᠤᠨ ᠲᠤᠤᠱᠯᠠᠭᠤᠯᠬᠤ  ᠬᠡᠷᠡᠭᠵᠢᠭᠦᠯᠬᠦ ᠲᠦᠰᠦᠪ 》 ᠲᠤ ᠲᠠᠶᠢᠯᠤᠮᠵᠢ  ᠬᠢᠵᠡᠢ᠃  ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ  ᠳᠤ ᠣᠷᠣᠯᠴᠠᠪᠠ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号