ᠠᠵᠢᠯᠴᠢᠨ ᠤ ᠶᠡᠷᠦᠩᠬᠡᠢ ᠡᠪᠯᠡᠯ ᠬᠦᠯᠦᠰᠦᠨ ᠠᠵᠢᠯᠴᠢᠨ ᠢ ᠬᠠᠯᠠᠮᠵᠢᠯᠠᠨ ᠲᠣᠬᠤᠨᠢᠭᠤᠯᠪᠡ
ᠨᠡᠶᠢᠲᠡᠯᠡᠭᠰᠡᠨ ᠴᠠᠭ᠄
2021/9/2
ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠣᠯᠠᠨ ᠲᠦᠮᠡᠨ ᠳᠤ ᠪᠤᠳᠠᠳᠠᠢ ᠠᠵᠢᠯ ᠬᠢᠵᠦ᠂  ᠤᠯᠠᠨ ᠲᠦᠮᠡᠨ ᠤ ᠬᠦᠴᠢᠷ ᠠᠰᠠᠭᠤᠳᠠᠯ ᠢ ᠰᠢᠶᠳᠪᠦᠷᠢᠯᠡᠬᠦ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ᠂ ᠲᠠᠶᠢᠹᠤᠰᠧ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ   ᠨᠢ ᠮᠠᠯᠴᠢᠨ ᠲᠠᠷᠢᠶᠠᠴᠢᠨ ᠭᠠᠷᠤᠯ ᠲᠠᠢ ᠬᠦᠯᠦᠰᠦᠨ ᠠᠵᠢᠯᠴᠢᠨ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃  ᠲᠣᠬᠤᠨᠢᠭᠤᠯᠬᠤ ᠪᠦᠯᠬᠦᠮ ᠪᠠᠶ ᠬᠤᠶ ᠱᠧᠩ ᠰᠢᠬᠢᠷ ᠤᠨ ᠦᠶᠯᠡᠳᠪᠦᠷᠢ ᠶᠢᠨ 189  ᠬᠦᠯᠦᠰᠦᠨ ᠠᠵᠢᠯᠴᠢᠨ ᠳᠤ ᠲᠣᠬᠤᠨᠢᠭᠤᠯᠬᠤ ᠪᠣᠳᠠᠰ ᠬᠦᠷᠭᠡᠵᠦ᠂  ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠪᠠ ᠬᠢᠵᠢᠭ ᠰᠡᠷᠭᠡᠶᠢᠯᠡᠬᠦ ᠲᠠᠷᠢᠯᠭ᠎ᠠ ᠶᠢᠨ ᠪᠠᠶᠢᠳᠠᠯ ᠢ ᠨᠠᠷᠢᠨ ᠨᠢᠮᠪᠠᠢ ᠠᠰᠠᠭᠤᠵᠤ ᠤᠶᠢᠯᠠᠭᠠᠭᠰᠠᠨ ᠪᠦᠬᠡᠳ ᠲᠡᠳᠡᠨ ᠢ ᠲᠣᠰ ᠪᠡᠶ᠎ᠡ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂  ᠴᠠᠭ ᠢᠮᠠᠭᠲᠠ ᠡᠷᠡᠬᠦᠯ ᠴᠢᠬᠢᠷᠠᠭ ᠪᠡᠶ᠎ᠡ ᠮᠠᠬᠠᠪᠣᠳ ᠪᠠ ᠣᠶᠤᠨ ᠰᠠᠨᠠᠭᠠᠨ ᠤ ᠪᠠᠶᠢᠳᠠᠯ ᠢᠶᠠᠨ ᠬᠠᠳᠠᠭᠠᠯᠠᠭᠠᠷᠠᠢ ᠭᠡᠵᠦ ᠵᠠᠬᠢᠭᠰᠠᠨ ᠪᠦᠬᠡᠳ ᠠᠵᠢᠯᠲᠠᠳ ᠢ ᠨᠠᠩ ᠢᠯᠡᠬᠦᠦ ᠬᠠᠶᠢᠷᠠᠯᠠᠨ ᠬᠠᠯᠠᠮᠵᠢᠯᠠᠵᠤ᠂ ᠠᠵᠢᠯᠲᠠᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠴᠢᠬᠤᠯᠠᠴᠢᠯᠠᠨ᠂  ᠲᠡᠳᠡᠨ ᠳᠤ ᠠᠮᠤᠷ ᠲᠦᠪᠰᠢᠨ᠂ ᠲᠠᠭᠠᠯᠠᠮᠵᠢᠲᠠᠶ ᠰᠠᠶᠢᠬᠠᠨ ᠠᠵᠢᠯ ᠤᠨ ᠣᠷᠴᠢᠨ ᠨᠥᠬᠦᠴᠡᠯ ᠢ  ᠬᠠᠩᠭᠠᠵᠤ᠂ ᠠᠵᠢᠯᠲᠠᠳ ᠤᠨ ᠰᠡᠳᠬᠢᠯ ᠤᠨ ᠲᠠᠭᠤᠨ ᠪᠠ ᠬᠦᠰᠡᠯ ᠱᠠᠭᠠᠷᠳᠠᠯᠭ᠎ᠠ ᠶᠢ ᠰᠣᠨᠣᠰᠤᠨ ᠣᠶᠢᠯᠠᠭᠠᠵᠤ᠂ ᠠᠵᠢᠯᠲᠠᠳ ᠢ ᠬᠠᠪᠰᠤᠷᠤᠨ ᠬᠦᠴᠢᠷ ᠵᠣᠪᠠᠭᠤᠷᠢ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠨᠢ ᠴᠠᠭ ᠲᠤᠬᠠᠶ ᠳᠤᠨᠢ ᠰᠢᠶᠳᠪᠦᠷᠢᠯᠡᠵᠦ ᠥᠭᠬᠦ ᠬᠡᠷᠡᠭᠲᠡᠶ ᠭᠡᠵᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠵᠠᠬᠢᠭᠰᠠᠨ ᠪᠠᠶᠢᠯ᠎ᠠ᠃ ᠠᠵᠢᠯᠴᠢᠳ ᠲᠠᠯᠠᠷᠬᠠᠯ ᠤᠨ ᠰᠡᠳᠬᠢᠯ ᠢᠶᠠᠨ ᠢᠯᠡᠳᠭᠡᠬᠦ ᠶᠢᠨ ᠬᠠᠮᠳᠤ᠂ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠨ ᠬᠢᠵᠦ᠂ ᠣᠷᠣᠨ ᠨᠤᠲᠤᠭ ᠤᠨ ᠠᠵᠤ ᠠᠬᠤᠢ ᠶᠢᠨ  ᠪᠠᠶᠢᠭᠤᠯᠤᠯᠲᠠ ᠪᠠ ᠬᠥᠭᠵᠢᠯᠲᠡ ᠳᠤ  ᠦᠪᠡᠷ ᠦᠪᠡᠷ ᠤᠨ ᠬᠤᠪᠢ ᠨᠡᠮᠡᠷᠢ  ᠪᠡᠨ‌ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号