ᠭᠦᠨᠪᠤᠯᠠᠭ ᠰᠤᠮᠤ ᠨᠠᠮᠤᠷ ᠤᠨ ᠠᠵᠢᠯ ᠤᠨ ᠪᠠᠶᠢᠷᠢᠯᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2021/9/3
8 ᠰᠠᠷ᠎ᠠ ᠶᠢᠨ 30 ᠤ ᠡᠳᠦᠷ  ᠂ ᠭᠦᠨᠪᠤᠯᠠᠭ ᠰᠤᠮᠤ ᠨᠠᠮᠤᠷ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂  ᠰᠤᠮᠤᠨ ᠤ ᠤᠳᠤᠷᠢᠳᠬᠤ ᠪᠠᠭ ᠤᠨ ᠭᠡᠰᠢᠬᠦᠳ᠂ ᠪᠥᠬᠦ ᠺᠠᠳ᠋ᠷ ᠠᠵᠢᠯᠲᠠᠨ ᠵᠢᠴᠢ ᠭᠠᠴᠠᠭᠠᠨ ᠤ 《 ᠬᠤᠶᠠᠷ ᠵᠥᠪᠯᠡᠯ 》 ᠤᠨ ᠭᠡᠰᠢᠬᠦᠳ ᠤᠷᠤᠯᠴᠠᠨ  ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠰᠤᠮᠤᠨ ᠤ ᠨᠠᠮ ᠤᠨ ᠬᠤᠷᠢᠶᠠᠨ ᠤ ᠱᠦᠵᠢ ᠰᠡᠴᠡᠨᠴᠣᠭᠲᠤ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂  ᠰᠡᠴᠡᠨᠴᠣᠭᠲᠤ ᠠᠴᠠ ᠳᠥᠷᠪᠡᠨ ᠲᠠᠯ᠎ᠠ ᠶᠢᠨ ᠱᠠᠭᠠᠷᠳᠠᠯᠭ᠎ᠠ ᠲᠤᠷᠠᠳᠴᠠᠢ᠂ ᠲᠤᠬᠠᠶᠢᠯᠠᠪᠠᠯ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠬᠦᠢᠴᠡᠳᠬᠡᠨ᠂ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠬᠡᠷᠡᠭᠲᠡᠶ᠃ ᠬᠤᠶᠠᠷ ᠲᠤ  ᠠᠶᠤᠯᠬᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠳᠡᠭᠡᠳᠦ ᠱᠠᠲᠤᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂  ᠠᠶᠤᠯᠬᠦᠢ ᠦᠶᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ  ᠰᠠᠶᠢᠨ ᠠᠳᠬᠤᠬᠤ ᠬᠡᠷᠡᠭᠲᠡᠶ᠃ ᠭᠤᠷᠪᠠ ᠳᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠂ ᠰᠦᠯᠵᠢᠶᠡᠨ ᠤ ᠠᠮᠤᠷ ᠲᠦᠪᠰᠢᠨ ᠢ ᠴᠢᠩᠭᠠᠳᠬᠠᠵᠤ᠂ ᠵᠥᠪ ᠲᠠᠯ᠎ᠠ ᠶᠢᠨ ᠤᠬᠠᠭᠤᠯᠭ᠎ᠠ ᠵᠢᠯᠤᠭᠤᠳᠤᠯᠭ᠎ᠠ ᠶᠢ ᠦᠷᠨᠢᠬᠦᠯᠦᠨ᠂ ᠨᠠᠮ ᠤᠨ ᠨᠢᠭᠲᠠᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠳᠥᠷᠪᠡ ᠳᠤ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂  ᠭᠠᠴᠠᠭᠠᠨ ᠤ ᠤᠳᠤᠷᠢᠳᠤᠯᠭ᠎ᠠ ᠨᠠᠷ ᠨᠠᠮᠤᠷ ᠤᠨ ᠤᠯᠠᠷᠢᠯ ᠤᠨ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠰᠠᠶᠢᠲᠤᠷ  ᠤᠯᠠᠮᠵᠢᠯᠠᠨ᠂  ᠨᠠᠷᠢᠨ ᠨᠢᠮᠪᠠᠢ ᠬᠠᠷᠢᠭᠤᠴᠠᠵᠤ ᠪᠠᠶᠢᠭᠠᠳ ᠡᠯ᠎ᠡ ᠲᠦᠷᠦᠯ ᠤᠨ ᠠᠵᠢᠯ ᠢ  ᠰᠠᠶᠢᠨ ᠬᠢᠬᠦ ᠬᠡᠷᠡᠭᠲᠡᠶ ᠭᠡᠵᠦ ᠱᠠᠭᠠᠷᠳᠠᠪᠠ᠃  ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠰᠤᠮᠤᠨ ᠳᠠᠷᠤᠭ᠎ᠠ ᠭᠦᠸᠧ ᠰᠢᠶᠤᠤ ᠮᠧᠩ 2021 ᠣᠨ ᠤ ᠨᠠᠮᠤᠷ ᠤᠨ ᠠᠵᠢᠯ   ᠳᠤ ᠪᠤᠳᠠᠳᠠᠢ ᠪᠠᠶᠢᠷᠢᠯᠠᠭᠤᠯᠤᠯᠲᠠ ᠬᠢᠬᠦ ᠳᠡᠭᠡᠨ᠂  ᠨᠢᠭᠡ ᠳᠤ ᠠᠮᠢ ᠠᠬᠤᠢ ᠶᠢ ᠤᠷᠢᠳ ᠢᠶᠠᠷ ᠪᠤᠳᠤᠯᠬᠢᠯᠠᠭᠰᠠᠨ ᠪᠣᠬᠢᠷᠲᠤᠯ ᠦᠭᠡᠢ ᠬᠦᠭᠵᠢᠯᠳᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠪᠡᠰᠦ ᠬᠠᠳᠤᠵᠤ ᠨᠥᠭᠡᠴᠡᠯᠡᠬᠦ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ  ᠭᠡᠷᠡᠭᠵᠢᠬᠦᠯᠦᠨ᠂  ᠬᠠᠳᠤᠯᠠᠩ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠪᠦᠯᠵᠢᠬᠦ  ᠮᠠᠯ ᠤᠨ ᠡᠪᠡᠰᠦ ᠪᠣᠷᠳᠤᠭ᠎ᠠ ᠶᠢ ᠭᠦᠢᠴᠡᠳ ᠨᠦᠬᠡᠴᠡᠯᠡᠨ᠂ ᠡᠨᠡ ᠡᠪᠦᠯ ᠢᠷᠡᠬᠦ ᠬᠠᠪᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ  ᠴᠢᠳᠠᠪᠤᠷᠢ ᠶᠢ  ᠴᠢᠩᠭᠠᠷᠠᠭᠤᠯᠬᠤ ᠭᠡᠷᠡᠭᠳᠡᠢ᠃ ᠬᠤᠶᠠᠷ ᠲᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠠᠢ ᠤᠶᠠᠯᠳᠤᠭᠤᠯᠤᠨ᠂ ᠪᠥᠬᠦ ᠠᠶᠢᠮᠠᠭ ᠤᠨ 《 ᠬᠤᠨᠢ ᠶᠢ ᠴᠥᠭᠡᠳᠬᠡᠵᠦ ᠦᠬᠡᠷ ᠢ ᠦᠰᠭᠡᠬᠦ 》 ᠬᠦᠭᠵᠢᠬᠦᠯᠦᠯᠳᠡ ᠶᠢᠨ ᠭᠤᠤᠯ ᠱᠤᠭᠤᠮ ᠤᠨ ᠳᠠᠭᠠᠤ᠂ ᠰᠠᠶᠢᠨ ᠡᠭᠦᠯᠳᠡᠷ ᠢ ᠦᠷᠡᠵᠢᠬᠦᠯᠬᠦ᠂  ᠡᠬᠡ ᠮᠠᠯ ᠢ ᠬᠠᠮᠠᠭᠠᠯᠠᠬᠤ᠂ ᠦᠬᠡᠷ ᠤᠨ ᠡᠭᠦᠯᠳᠡᠷ ᠢ ᠰᠠᠶᠢᠵᠢᠷᠠᠭᠤᠯᠬᠤ ᠵᠡᠷᠭᠡ ᠠᠵᠢᠯ ᠤᠨ ᠲᠣᠭᠤᠷᠢᠨ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠲᠣ ᠦᠶ᠎ᠡ ᠶᠢᠨ ᠮᠠᠯ ᠠᠵᠤ ᠠᠬᠤᠶ ᠶᠢ ᠬᠥᠭᠵᠢᠭᠦᠯᠵᠦ᠂ ᠨᠠᠮᠤᠷ ᠡᠪᠦᠯ ᠤᠨ ᠮᠠᠯ  ᠤᠨ ᠵᠠᠷᠤᠴᠠᠭᠤᠯᠤᠯᠳᠠ ᠶᠢᠨ ᠡᠷᠴᠢᠮ ᠢ  ᠴᠢᠩᠭᠠᠷᠠᠭᠤᠯᠬᠤ ᠭᠡᠷᠡᠭᠳᠡᠢ᠃ ᠭᠤᠷᠪᠠ ᠳᠤ  ᠲᠠᠯ᠎ᠠ ᠨᠤᠲᠤᠭ ᠤᠨ ᠠᠮᠢ ᠠᠬᠤᠢ ᠶᠢ  ᠰᠠᠶᠢᠳᠤᠷ ᠬᠠᠮᠠᠭᠠᠯᠠᠵᠤ᠂ ᠭᠠᠳᠠᠨ᠎ᠠ ᠶᠢᠨ ᠮᠠᠯ   ᠢ   ᠡᠷᠡᠰ ᠬᠤᠷᠢᠭᠯᠠᠨ᠂ ᠡᠮ ᠤᠨ ᠮᠠᠲ᠋ᠧᠷᠢᠶᠠᠯ ᠮᠠᠯᠲᠠᠬᠤ ᠶᠢ ᠴᠠᠭᠠᠵᠠᠯᠠᠵᠤ᠂  ᠠᠮᠢ ᠠᠬᠤᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠭᠡᠷᠡᠭᠳᠡᠢ᠃ ᠲᠦᠷᠪᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ  ᠵᠠᠷᠯᠢᠭ ᠵᠠᠬᠢᠶ᠎ᠠ ᠶᠢ ᠴᠢᠩᠭ᠎ᠠ ᠵᠢᠷᠤᠮᠯᠠᠨ᠂ ᠮᠠᠯᠴᠢᠳ ᠤᠨ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠳᠬᠠᠬᠤ ᠬᠡᠷᠡᠭᠲᠡᠢ᠃ ᠲᠠᠪᠤ ᠳᠤ ᠮᠠᠯ   ᠤᠨ ᠡᠪᠡᠳᠴᠢᠨ ᠬᠢᠵᠢᠭ ᠰᠡᠷᠭᠡᠶᠢᠯᠡᠬᠦ ᠠᠵᠢᠯ ᠢ ᠰᠠᠶᠢᠨ ᠬᠢᠵᠦ᠂  ᠨᠠᠮᠤᠷ ᠤᠨ ᠤᠯᠠᠷᠢᠯ ᠤᠨ  ᠭᠤᠤᠯᠳᠠᠯᠭᠠᠳᠠᠢ ᠡᠪᠡᠳᠴᠢᠨ ᠬᠢᠵᠢᠭ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠭᠠᠳᠠᠷ ᠣᠷᠣᠨ ᠠᠴᠠ ᠮᠠᠯ ᠤᠨᠤᠭ᠎ᠠ ᠣᠷᠣᠭᠤᠯᠵᠤ ᠠᠪᠴᠢᠷᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠢᠷᠭᠤᠭ᠎ᠠ ᠳᠤ ᠡᠪᠡᠰᠦ ᠪᠣᠷᠳᠤᠭ᠎ᠠ ᠲᠡᠭᠡᠭᠡᠪᠦᠷᠢᠯᠡᠬᠦ ᠶᠠᠪᠤᠴᠠ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠴᠢᠩᠭᠠᠳᠬᠠᠵᠤ᠂  ᠵᠠᠮ ᠬᠠᠷᠢᠯᠴᠠᠭᠠᠨ ᠤ ᠬᠠᠮᠢᠶ᠎ᠠ ᠪᠥᠬᠦᠶ ᠲᠦᠷᠢᠮ ᠲᠤᠭᠳᠠᠭᠠᠯ ᠢ ᠤᠬᠠᠭᠤᠯᠤᠨ᠂ ᠠᠮᠤᠷ ᠲᠦᠪᠰᠢᠨ  ᠤ ᠦᠵᠡᠯ ᠤᠬᠠᠮᠰᠠᠷ ᠢ ᠳᠡᠭᠡᠭᠰᠢᠯᠡᠭᠦᠯᠵᠦ᠂   ᠲᠡᠷᠭᠡ ᠬᠦᠰᠭᠡᠨ ᠤ ᠬᠡᠲᠦ ᠥᠨᠳᠥᠷ ᠬᠡᠲᠦ ᠥᠷᠭᠡᠨ ᠲᠡᠭᠡᠭᠡᠪᠦᠷᠢᠯᠡᠬᠦ  ᠶᠢ ᠴᠠᠭᠠᠵᠠᠯᠠᠬᠤ ᠭᠡᠷᠡᠭᠳᠡᠢ᠃  ᠬᠤᠷᠠᠯ ᠲᠡᠭᠡᠷ᠎ᠡ᠂  ᠰᠤᠮᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ  ᠨᠠᠷ  ᠲᠤᠰᠪᠤᠷᠢ ᠨᠡᠶᠢᠭᠡᠮ ᠤᠨ ᠠᠮᠤᠷ ᠲᠣᠭᠲᠠᠭᠤᠨ᠂ ᠵᠠᠬᠢᠳᠠᠯ ᠰᠤᠷᠪᠤᠯᠵᠢᠯᠠᠭ᠎ᠠ᠂  ᠠᠶᠤᠯᠬᠦᠢ ᠦᠶᠯᠡᠳᠪᠦᠷᠢᠯᠡᠯ᠂ ᠭᠠᠵᠠᠷ ᠰᠢᠷᠣᠶ ᠶᠢᠨ ᠬᠠᠮᠢᠶᠠᠷᠤᠯᠲᠠ᠂ ᠨᠠᠮ ᠤᠨ ᠭᠡᠰᠢᠭᠦᠨ ᠤ ᠬᠠᠮᠢᠶᠠᠷᠤᠯᠲᠠ᠂ ᠦᠵᠡᠯ ᠤᠬᠠᠮᠰᠠᠷ ᠤᠨ ᠬᠡᠯᠪᠡᠷᠢ᠂ ᠰᠦᠯᠵᠢᠶᠡᠨ ᠤ ᠠᠮᠤᠷ ᠲᠦᠪᠰᠢᠨ᠂ ᠨᠠᠮ ᠤᠨ ᠠᠵᠢᠯ ᠤᠨ ᠲᠠᠩᠰᠠ ᠡᠪᠬᠡᠮᠡᠯ᠂ ᠨᠠᠮ ᠤᠨ ᠭᠡᠰᠢᠭᠦᠨ ᠤ  ᠬᠦᠳᠡᠯᠪᠦᠷᠢ  ᠶᠢᠨ ᠭᠡᠷ   ᠤᠨ ᠬᠠᠮᠢᠶᠠᠷᠤᠯᠲᠠ᠂ ᠪᠡᠯᠡᠳᠬᠡᠯ ᠺᠠᠳ᠋ᠷ ᠬᠥᠮᠦᠵᠢᠭᠦᠯᠬᠦ᠂  ᠡᠳ᠋ ᠤᠨ ᠶᠠᠪᠤᠳᠠᠯ ᠤᠨ ᠬᠢᠨᠠᠨ ᠪᠤᠳᠤᠯᠲᠠ᠂ 《 ᠭᠤᠷᠪᠠᠨ ᠶᠠᠪᠤᠳᠠᠯ ᠢ ᠢᠯᠡ ᠪᠣᠯᠭᠠᠬᠤ 》᠂ ᠵᠣᠷᠯᠣᠩ ᠤᠨ ᠥᠭᠡᠷᠡᠴᠢᠯᠡᠯᠲᠡ ᠵᠡᠷᠭᠡ ᠬᠠᠮᠢᠶ᠎ᠠ ᠪᠦᠬᠦᠢ ᠠᠵᠢᠯ  ᠳᠤ ᠨᠠᠷᠢᠨ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃  
 
ᠢᠷᠡᠯᠲᠡ᠄ ᠬᠦᠨᠪᠤᠯᠠᠭ ᠰᠤᠮᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号