ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠢᠲᠡᠭᠡᠯ ᠪᠢᠰᠢᠷᠡᠯ ᠢᠶᠠᠨ ᠪᠠᠲᠤᠳᠬᠠᠵᠤ ᠨᠠᠮ ᠳᠠᠭᠠᠨ ᠦᠨᠡᠨᠴᠢ ᠰᠢᠳᠤᠷᠭᠤ ᠦᠨᠡᠨ ᠠᠴᠠ ᠵᠥᠪ ᠢ ᠡᠷᠢᠵᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠦ ᠶᠡᠭᠡ ᠬᠡᠷᠡᠭᠴᠡᠭᠡ ᠲᠠᠢ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠴᠢᠳᠠᠪᠤᠷᠢᠲᠠᠨ ᠪᠣᠯᠬᠤ ᠪᠠᠷ ᠴᠢᠷᠮᠠᠶᠢᠬᠤ ᠬᠡᠷᠡᠭᠲᠡᠢ  ᠸᠠᠩ ᠬᠤ᠋ ᠨᠢᠩ ᠣᠷᠣᠯᠴᠠᠵᠠᠢ
ᠨᠡᠶᠢᠲᠡᠯᠡᠭᠰᠡᠨ ᠴᠠᠭ᠄
2021/9/6
     9 ᠰᠠᠷ᠎ᠠ ᠶᠢᠨ 1 ᠤ ᠦᠳᠡ ᠶᠢᠨ ᠡᠮᠦᠨ᠎ᠡ᠂ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠲᠥᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃      ᠰᠢᠨᠬᠤᠧᠠ ᠬᠤᠷᠢᠶᠠᠨ ᠤ ᠰᠤᠷᠪᠤᠯᠵᠢᠯᠠᠭᠴᠢ ᠱᠧᠨ ᠬᠤᠩ ᠰᠡᠬᠦᠳᠡᠷᠯᠡᠪᠠ      ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 1 ᠤ ᠴᠠᠬᠢᠯᠭᠠᠨ ᠮᠡᠳᠡᠭᠡ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ 9 ᠰᠠᠷ᠎ᠠ ᠶᠢᠨ 1 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠢᠴᠢᠶᠡᠯ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠵᠠᠯᠠᠭᠤ ᠺᠠᠳ᠋ᠷᠴᠤᠳ ᠠᠭᠤᠤ ᠶᠡᠭᠡ ᠴᠠᠭ ᠦᠶ᠎ᠡ ᠳᠤ ᠠᠮᠢᠳᠤᠷᠠᠵᠤ ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠡᠯᠡᠳᠬᠡᠯ ᠬᠦᠴᠦᠨ ᠮᠥᠨ᠂ ᠡᠷᠬᠡᠪᠰᠢ ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠭᠤᠯᠵᠤ᠂ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠪᠣᠳᠠᠲᠠᠢ ᠶᠢ ᠴᠢᠬᠤᠯᠠᠴᠢᠯᠠᠵᠤ᠂ ᠦᠨᠡᠨ ᠠᠴᠠ ᠵᠥᠪ ᠢ ᠡᠷᠢᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ ᠳᠠᠭᠠᠨ ᠴᠢᠳᠠᠮᠠᠭᠠᠢ ᠪᠠᠶᠢᠵᠤ᠂ ᠵᠠᠷᠴᠢᠮ ᠢ ᠪᠠᠷᠢᠮᠲᠠᠯᠠᠵᠤ᠂ ᠵᠣᠷᠢᠭᠲᠠᠢ ᠪᠠᠷ ᠲᠡᠮᠡᠴᠡᠵᠦ᠂ ᠶᠣᠰᠣ ᠲᠦᠷᠢᠮ ᠢ ᠴᠢᠩᠭ᠎ᠠ ᠰᠠᠬᠢᠵᠤ᠂ ᠬᠤᠷᠢᠭ᠎ᠠ ᠱᠤᠭᠤᠮ ᠢ ᠳᠠᠪᠠᠵᠤ ᠪᠣᠯᠬᠤ ᠦᠭᠡᠢ᠂ ᠰᠢᠷᠭᠠᠭᠤ ᠰᠤᠷᠤᠯᠴᠠᠵᠤ ᠬᠠᠲᠠᠭᠤᠵᠢᠯᠲᠠᠢ ᠪᠣᠯᠪᠠᠰᠤᠷᠠᠵᠤ᠂ ᠴᠢᠳᠠᠪᠤᠷᠢ ᠪᠠᠨ ᠳᠡᠭᠡᠭᠰᠢᠯᠡᠭᠦᠯᠵᠦ᠂ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠴᠢᠳᠠᠪᠤᠷᠢᠲᠠᠨ ᠪᠣᠯᠬᠤ ᠪᠠᠷ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠤᠷᠰᠢ᠂ ᠢᠮᠠᠭᠲᠠ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠵᠣᠷᠢᠭ ᠢ ᠪᠠᠷᠢᠮᠳᠠᠯᠠᠭᠰᠠᠭᠠᠷ ᠢᠷᠡᠵᠠᠢ᠃ ᠡᠨᠡ ᠬᠦ ᠬᠦᠰᠡᠯᠡᠩ ᠢᠲᠡᠭᠡᠯ ᠪᠢᠰᠢᠷᠡᠯ ᠪᠣᠯ ᠳᠠᠷᠤᠢ ᠮᠠᠷᠺᠰ ᠤᠨ ᠦᠵᠡᠯ ᠤᠨ ᠢᠲᠡᠭᠡᠯ ᠪᠢᠰᠢᠷᠡᠯ᠂ ᠡᠪ ᠬᠠᠮᠲᠤ ᠶᠣᠰᠣᠨ ᠤ ᠠᠯᠤᠰ ᠤᠨ ᠬᠦᠰᠡᠯᠡᠩ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠪᠣᠯᠤᠨ᠎ᠠ᠃ ᠬᠦᠰᠡᠯᠡᠩ ᠢᠲᠡᠭᠡᠯ ᠪᠢᠰᠢᠷᠡᠯ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠤᠶᠤᠨ ᠰᠠᠨᠠᠭᠠᠨ ᠤ ᠲᠦᠰᠢᠭ ᠲᠤᠯᠭᠠᠭᠤᠷᠢ ᠪᠠ ᠤᠯᠤᠰ ᠲᠦᠷᠦ ᠶᠢᠨ ᠰᠦᠭ ᠰᠦᠨᠡᠰᠦ ᠮᠥᠨ᠂ ᠪᠠᠰᠠ ᠴᠤ ᠨᠠᠮ ᠤᠨ ᠪᠦᠯᠬᠦᠮᠳᠡᠯ ᠨᠢᠭᠡᠳᠦᠯ ᠢ ᠪᠠᠲᠤᠯᠠᠬᠤ ᠦᠵᠡᠯ ᠰᠠᠨᠠᠭᠠᠨ ᠤ ᠰᠠᠭᠤᠷᠢ ᠮᠥᠨ᠃ ᠨᠠᠮ ᠤᠨ ᠭᠡᠰᠢᠭᠦᠨ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠪᠠᠯ ᠰᠠᠶ᠋ᠢ ᠡᠯ᠎ᠡ ᠵᠦᠢᠯ ᠤᠨ ᠰᠢᠯᠭᠠᠯᠲᠠ ᠶᠢ ᠳᠠᠭᠠᠭᠠᠵᠤ᠂ ᠯᠠᠪᠳᠠᠭᠤᠨ ᠢᠶᠠᠷ ᠤᠷᠤᠭᠰᠢᠯᠠᠵᠤ᠂ ᠬᠤᠯᠠ ᠠᠶᠠᠯᠠᠵᠤ ᠴᠢᠳᠠᠨ᠎ᠠ︔ ᠬᠦᠰᠡᠯᠡᠩ ᠢᠲᠡᠭᠡᠯ ᠪᠢᠰᠢᠷᠡᠯ ᠦᠭᠡᠢ᠂ ᠡᠰᠡᠬᠦᠯ᠎ᠡ ᠬᠦᠰᠡᠯᠡᠩ ᠢᠲᠡᠭᠡᠯ ᠪᠢᠰᠢᠷᠡᠯ ᠨᠢ ᠡᠷᠡᠰ ᠪᠠᠲᠤ ᠪᠢᠰᠢ ᠪᠣᠯ ᠰᠠᠯᠬᠢ ᠳᠠᠪᠠᠯᠭᠠᠨ ᠤ ᠴᠣᠬᠢᠯᠲᠠ ᠶᠢ ᠳᠠᠭᠠᠭᠠᠵᠤ ᠳᠡᠶᠢᠯᠬᠦ ᠦᠭᠡᠢ᠂ ᠵᠠᠩᠭᠢᠯᠠᠭ᠎ᠠ ᠶᠢᠨ ᠴᠠᠭ ᠮᠥᠴᠡ ᠳᠤ ᠠᠮᠢᠨᠴᠢᠷ ᠰᠠᠨᠠᠭ᠎ᠠ ᠬᠤᠪᠢᠨᠴᠢᠷ ᠪᠤᠳᠤᠯ ᠡᠭᠦᠰᠴᠦ᠂ ᠴᠢᠨᠠᠭᠰᠢᠯᠠᠪᠠᠯ ᠵᠠᠶᠢᠯᠠᠨ ᠳᠤᠲᠠᠭᠠᠬᠤ ᠪᠣᠯᠤᠨ᠎ᠠ᠃ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢ ᠪᠤᠢ ᠪᠣᠯᠭᠠᠬᠤ ᠨᠢ ᠨᠢᠭᠡ ᠯᠡ ᠳᠡᠭᠡᠷ᠎ᠡ ᠪᠦᠲᠦᠴᠢᠬᠡᠬᠦ ᠶᠠᠪᠤᠳᠠᠯ ᠪᠢᠰᠢ ᠪᠥᠭᠡᠳ ᠨᠢᠭᠡ ᠯᠡ ᠳᠡᠭᠡᠷ᠎ᠡ ᠰᠢᠢᠳᠪᠦᠷᠢᠯᠡᠭᠡᠳ ᠨᠢᠭᠡᠮᠦᠰᠦᠨ ᠰᠠᠨᠠᠭ᠎ᠠ ᠠᠮᠠᠷᠠᠴᠢᠬᠠᠬᠤ ᠶᠠᠪᠤᠳᠠᠯ ᠴᠤ ᠪᠢᠰᠢ ᠶᠤᠮ᠂ ᠬᠠᠷᠢᠨ ᠲᠡᠮᠡᠴᠡᠯ ᠤᠨ ᠦᠢᠯᠡᠳᠦᠯᠭᠡ ᠳᠤᠮᠳᠠ ᠲᠠᠰᠤᠷᠠᠯᠲᠠ ᠦᠭᠡᠢ ᠬᠠᠲᠠᠭᠤᠵᠢᠨ ᠪᠣᠯᠪᠠᠰᠤᠷᠠᠵᠤ᠂ ᠰᠢᠯᠭᠠᠯᠲᠠ ᠶᠢ ᠳᠠᠭᠠᠭᠠᠬᠤ ᠬᠡᠷᠡᠭᠲᠡᠢ᠃ ᠵᠠᠯᠠᠭᠤ ᠺᠠᠳ᠋ᠷᠴᠤᠳ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠪᠣᠯ ᠨᠠᠰᠤᠨ ᠲᠤᠷᠰᠢᠳᠠ ᠶᠢᠨ ᠰᠡᠳᠦᠪ ᠮᠥᠨ᠂ ᠪᠠᠶᠢᠩᠭᠤ ᠪᠣᠯᠪᠠᠰᠤᠷᠠᠵᠤ᠂ ᠨᠠᠰᠤᠨ ᠲᠤᠷᠰᠢᠳᠠ ᠢᠲᠡᠭᠡᠵᠦ᠂ ᠨᠠᠰᠤᠨ ᠲᠤᠷᠰᠢᠳᠠ ᠰᠠᠬᠢᠬᠤ ᠬᠡᠷᠡᠭᠲᠡᠢ ᠭᠡᠳᠡᠭ ᠢ ᠪᠠᠲᠤ ᠴᠡᠭᠡᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶᠢᠬᠤ ᠪᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠣᠯ ᠨᠢᠭᠲᠠ ᠬᠤᠯᠪᠣᠭ᠎ᠠ ᠲᠠᠢ ᠶᠤᠮ᠃ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶᠢᠪᠠᠯ ᠰᠠᠶ᠋ᠢ ᠨᠠᠮ ᠳᠠᠭᠠᠨ ᠦᠨᠡᠨᠴᠢ ᠰᠢᠳᠤᠷᠭᠤ ᠪᠠᠶᠢᠵᠤ ᠴᠢᠳᠠᠨ᠎ᠠ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠪᠣᠯ ᠬᠦᠰᠡᠯᠡᠩ ᠢᠲᠡᠭᠡᠯ ᠪᠢᠰᠢᠷᠡᠯ ᠡᠷᠡᠰ ᠪᠠᠲᠤ ᠪᠠᠶᠢᠬᠤ ᠶᠢᠨ ᠬᠠᠮᠤᠭ ᠤᠨ ᠰᠠᠶᠢᠨ ᠲᠠᠶᠢᠯᠪᠤᠷᠢᠯᠠᠯᠲᠠ ᠮᠥᠨ᠃ ᠨᠠᠮ ᠤᠨ ᠭᠡᠰᠢᠭᠦᠨ ᠺᠠᠳ᠋ᠷᠴᠤᠳ ᠤᠨ ᠨᠠᠮ ᠳᠠᠭᠠᠨ ᠦᠨᠡᠨᠴᠢ ᠰᠢᠳᠤᠷᠭᠤ ᠪᠠᠶᠢᠬᠤ ᠡᠰᠡᠬᠦ ᠶᠢ ᠰᠢᠯᠭᠠᠬᠤ ᠳᠤ᠂ ᠬᠤᠪᠢᠰᠬᠠᠯ ᠤᠨ ᠤᠨ ᠵᠢᠯ ᠤᠳ ᠲᠤ ᠪᠤᠯ ᠨᠠᠮ ᠪᠠ ᠠᠷᠠᠳ ᠲᠦᠮᠡᠨ ᠤ ᠦᠢᠯᠡᠰ ᠤᠨ ᠲᠥᠯᠥᠭᠡ ᠭᠠᠪᠰᠢᠭᠠᠶᠢᠯᠠᠨ ᠲᠡᠮᠡᠴᠡᠵᠦ᠂ ᠦᠬᠦᠵᠦ ᠰᠡᠬᠡᠬᠦ ᠶᠢ ᠦᠯᠦ ᠬᠠᠶᠢᠬᠤᠷᠬᠤ ᠶᠢ ᠦᠵᠡᠨ᠎ᠠ᠂ ᠡᠩᠬᠡ ᠲᠠᠶᠢᠪᠤᠩ ᠴᠠᠭ ᠦᠶ᠎ᠡ ᠳᠤ ᠴᠦ ᠲᠣᠳᠣᠷᠬᠠᠢ ᠰᠢᠯᠭᠠᠬᠤ ᠪᠠᠷᠢᠮᠵᠢᠶ᠎ᠠ ᠲᠠᠢ ᠪᠠᠶᠢᠳᠠᠭ᠃ ᠵᠢᠱᠢᠶᠡᠯᠡᠪᠡᠯ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ ᠴᠢᠳᠠᠬᠤ ᠡᠰᠡᠬᠦ︔ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ ᠴᠢᠳᠠᠬᠤ ᠡᠰᠡᠬᠦ︔ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠲᠠᠯ᠎ᠠ ᠪᠠᠷ ᠮᠡᠷᠭᠡᠨ ᠬᠥᠮᠦᠨ᠂ ᠰᠢᠳᠤᠷᠭᠤ ᠬᠥᠮᠦᠨ ᠪᠤᠯᠵᠤ ᠴᠢᠳᠠᠬᠤ ᠡᠰᠡᠬᠦ︔ ᠨᠠᠮ ᠪᠠ ᠠᠷᠠᠳ ᠲᠦᠮᠡᠨ ᠤ ᠦᠢᠯᠡᠰ ᠢ ᠠᠯᠢᠪᠠ ᠠᠴᠠ ᠡᠷᠬᠢᠮ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠲᠣᠭᠲᠠᠭᠠᠯ ᠢ ᠤᠬᠠᠮᠰᠠᠷ ᠠᠴᠠ ᠪᠠᠨ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠡ ᠶᠢ ᠲᠠᠭᠠᠵᠤ ᠴᠢᠳᠠᠬᠤ ᠡᠰᠡᠬᠦ ᠵᠡᠷᠭᠡ ᠪᠣᠯ ᠴᠥᠮ ᠨᠠᠮ ᠳᠠᠭᠠᠨ ᠦᠨᠡᠨᠴᠢ ᠪᠠᠶᠢᠬᠤ ᠶᠢᠨ ᠰᠢᠭᠤᠳ ᠰᠢᠯᠭᠠᠯᠲᠠ ᠮᠥᠨ᠃ ᠵᠣᠬᠢᠶᠠᠨ ᠪᠠᠶᠢᠭᠤᠯᠤᠯᠲᠠ ᠠᠴᠠ ᠵᠠᠯᠠᠭᠤ ᠺᠠᠳ᠋ᠷᠴᠤᠳ ᠢ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠳᠤ ᠠᠵᠢᠯᠯᠠᠭᠤᠯᠬᠤ ᠪᠠᠷ ᠲᠤᠭᠢᠷᠡᠭᠤᠯᠬᠤ ᠨᠢ ᠢᠲᠡᠭᠡᠯ ᠮᠥᠨ ᠪᠥᠭᠡᠳ ᠨᠡᠩ ᠴᠤ ᠬᠥᠮᠦᠵᠢᠯ ᠪᠣᠯᠬᠤ ᠶᠤᠮ᠂ ᠵᠠᠯᠠᠭᠤ ᠺᠠᠳ᠋ᠷᠴᠤᠳ ᠡᠭᠦᠨ ᠢᠶᠠᠷ ᠢᠷᠠᠭᠤ ᠠᠯᠳᠠᠷ ᠪᠣᠯᠭᠠᠵᠤ᠂ ᠬᠦᠮᠦᠨ ᠠᠴᠠ ᠲᠡᠷᠢᠭᠦᠯᠡᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠬᠢᠲᠤᠭ᠎ᠠ ᠶᠢ ᠴᠢᠯᠠᠭᠤᠨ ᠳᠡᠭᠡᠷ᠎ᠡ ᠪᠢᠯᠡᠭᠦᠳᠡᠵᠦ᠂ ᠬᠥᠮᠦᠨ ᠢ ᠶᠠᠪᠤᠳᠠᠯ ᠲᠤᠮᠳᠠ ᠪᠣᠯᠪᠠᠰᠤᠷᠠᠭᠤᠯᠤᠨ᠎ᠠ᠂ ᠰᠠᠯᠬᠢ ᠪᠣᠷᠣᠭᠠᠨ ᠢ ᠳᠠᠭᠠᠭᠠᠬᠤ ᠦᠭᠡᠢ᠂ ᠶᠢᠷᠲᠢᠨᠴᠦ ᠶᠢ ᠲᠠᠨᠢᠵᠤ ᠤᠢᠢᠯᠠᠭᠠᠬᠤ ᠦᠭᠡᠢ ᠪᠣᠯ ᠴᠢᠳᠠᠪᠤᠷᠢᠲᠠᠨ ᠪᠣᠯᠵᠤ ᠴᠢᠳᠠᠬᠤ ᠦᠭᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠬᠤ ᠪᠣᠯ ᠪᠢᠳᠡᠨ ᠤ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠵᠢᠯ ᠶᠠᠪᠤᠳᠠᠯ ᠬᠢᠬᠦ ᠶᠢᠨ ᠵᠣᠷᠢᠯᠲᠠ ᠪᠠ ᠲᠤᠰᠤᠯᠳᠠ ᠮᠥᠨ᠃ ᠪᠣᠳᠠᠲᠠᠢ ᠠᠴᠠ ᠡᠭᠦᠰᠬᠦ ᠶᠢ ᠪᠠᠷᠢᠮᠲᠠᠯᠠᠬᠤ ᠶᠢᠨ ᠤᠷᠢᠲᠠᠯ ᠪᠣᠯ ᠪᠣᠳᠠᠲᠤ ᠪᠠᠶᠢᠳᠠᠯ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠣᠶᠢᠯᠠᠭᠠᠬᠤ ᠶᠠᠪᠤᠳᠠᠯ ᠪᠣᠯᠤᠨ᠎ᠠ᠂ ᠭᠠᠭᠴᠠ ᠬᠦ ᠢᠩᠭᠢᠪᠡᠯ ᠰᠠᠶ᠋ᠢ ᠦᠨᠡᠨ ᠠᠴᠠ ᠵᠥᠪ ᠢ ᠡᠷᠢᠬᠦ ᠶᠢ ᠪᠡᠶᠡᠯᠡᠭᠦᠯᠵᠦ ᠴᠢᠳᠠᠨ᠎ᠠ᠃ ᠪᠣᠳᠠᠲᠤ ᠪᠠᠶᠢᠳᠠᠯ ᠢ ᠣᠶᠢᠯᠠᠭᠠᠶ᠎ᠠ ᠭᠡᠪᠡᠯ ᠪᠠᠶᠢᠴᠠᠭᠠᠨ ᠰᠤᠳᠤᠯᠤᠯᠲᠠ ᠬᠢᠬᠦ ᠡᠨᠡ ᠬᠦ ᠦᠨᠳᠦᠰᠦᠨ ᠴᠢᠳᠠᠪᠤᠷᠢ ᠶᠢ ᠡᠵᠡᠮᠰᠢᠬᠦ ᠬᠡᠷᠡᠭᠲᠡᠢ᠃ ᠠᠷᠠᠳ ᠲᠦᠮᠡᠨ ᠢ ᠢᠯᠡᠭᠦᠬᠡᠨ ᠪᠤᠳᠤᠵᠤ᠂ ᠠᠷᠠᠳ ᠲᠦᠮᠡᠨ ᠤ ᠲᠤᠮᠳᠠ ᠭᠦᠨᠵᠡᠭᠡᠶᠢᠷᠡᠵᠦ᠂ ᠦᠷᠭᠦᠯᠵᠢ ᠠᠷᠠᠳ ᠲᠦᠮᠡᠨ ᠳᠤ ᠦᠢᠯᠡᠴᠢᠯᠡᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠤᠯᠠ ᠤᠢᠢᠷ᠎ᠠ ᠭᠡᠰᠡᠨ ᠦᠭᠡᠢ ᠴᠥᠮ ᠬᠦᠷᠬᠦ ᠬᠡᠷᠡᠭᠲᠡᠢ᠂ ᠰᠠᠶᠢᠨ ᠮᠠᠭᠤ ᠭᠡᠰᠡᠨ ᠦᠭᠡᠢ ᠴᠥᠮ ᠦᠵᠡᠬᠦ ᠬᠡᠷᠡᠭᠲᠡᠢ᠂ ᠺᠠᠳ᠋ᠷ ᠤᠯᠠᠨ ᠲᠦᠮᠡᠨ ᠤ ᠰᠠᠶᠢᠰᠢᠶᠠᠯ ᠰᠢᠭᠦᠮᠵᠢᠯᠡᠯ ᠢ ᠴᠥᠮ ᠰᠣᠨᠣᠰᠬᠤ ᠬᠡᠷᠡᠭᠲᠡᠢ᠂ ᠪᠠᠶᠢᠳᠠᠯ ᠢ ᠦᠨᠡᠨ ᠬᠦ ᠨᠠᠷᠢᠨ ᠣᠶᠢᠯᠠᠭᠠᠵᠤ ᠲᠤᠭᠤᠷᠠᠳᠠᠯ᠎ᠠ ᠮᠡᠳᠡᠬᠦ ᠬᠡᠷᠡᠭᠲᠡᠢ᠃ ᠦᠨᠳᠦᠰᠦᠨ ᠱᠠᠲᠤᠨ ᠳᠤ ︽ᠭᠦᠨᠵᠡᠭᠡᠶᠢᠷᠡᠬᠦ︾ ᠮᠥᠷᠲᠡᠭᠡᠨ ᠨᠡᠩ ᠴᠤ ᠦᠨᠳᠦᠰᠦᠨ ᠱᠠᠲᠤᠨ ᠳᠤ ︽ᠰᠡᠳᠬᠢᠯ ᠰᠢᠭᠤᠳᠬᠤ︾ ᠬᠡᠷᠡᠭᠲᠡᠢ᠂ ᠦᠨᠡᠨ ᠦᠭᠡ ᠶᠢ ᠰᠣᠨᠣᠰᠬᠤ᠂ ᠦᠨᠡᠨ ᠪᠠᠶᠢᠳᠠᠯ ᠢ ᠪᠠᠶᠢᠴᠠᠭᠠᠬᠤ᠂ ᠠᠰᠠᠭᠤᠳᠠᠯ ᠢ ᠦᠨᠡᠨ ᠰᠤᠳᠤᠯᠬᠤ᠂ ᠦᠨᠡᠨ ᠠᠰᠠᠭᠤᠳᠠᠯ ᠢ ᠰᠤᠳᠤᠯᠬᠤ ᠬᠡᠷᠡᠭᠲᠡᠢ᠂ ᠦᠵᠡᠭᠦᠯᠭᠡ ᠶᠢᠨ ᠮᠠᠶ᠋ᠢᠭ ᠤᠨ ᠪᠠᠶᠢᠴᠠᠭᠠᠨ ᠰᠤᠳᠤᠯᠤᠯᠲᠠ᠂ ᠫᠧᠩᠰᠡᠲᠦ ᠦᠵᠡᠮᠵᠢ ᠶᠢᠨ ᠮᠠᠶ᠋ᠢᠭ ᠤᠨ ᠪᠠᠶᠢᠴᠠᠭᠠᠨ ᠰᠤᠳᠤᠯᠤᠯᠲᠠ᠂ ᠦᠩᠭᠡᠨ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠵᠦ ᠪᠣᠯᠬᠤ ᠦᠭᠡᠢ᠃ ᠭᠦᠨᠵᠡᠭᠡᠢ ᠵᠠᠳᠠᠯᠤᠨ ᠪᠣᠳᠣᠯᠬᠢᠯᠠᠬᠤ ᠳᠡᠭᠡᠷ᠎ᠡ ᠬᠦᠴᠦ ᠲᠠᠯᠪᠢᠵᠤ᠂ ᠰᠢᠭᠠᠷᠤ ᠶᠢ ᠨᠢ ᠤᠷᠬᠢᠵᠤ ᠰᠣᠳᠣ ᠶᠢ ᠨᠢ ᠠᠪᠴᠤ᠂ ᠬᠤᠳᠠᠯ ᠢ ᠨᠢ ᠬᠠᠶᠠᠵᠤ ᠦᠨᠡᠨ ᠢ ᠨᠢ ᠦᠯᠡᠳᠡᠭᠡᠵᠦ᠂ ᠡᠭᠦᠨ ᠠᠴᠠ ᠲᠡᠭᠦᠨ ᠳᠤ ᠬᠦᠷᠴᠦ᠂ ᠭᠠᠳᠠᠷ ᠠᠴᠠ ᠳᠣᠲᠣᠷ ᠲᠤ ᠨᠡᠪᠳᠡᠷᠡᠵᠦ᠂ ᠬᠡᠷᠡᠭ ᠪᠣᠳᠠᠰ ᠤᠨ ᠮᠥᠨ ᠴᠢᠨᠠᠷ ᠪᠠ ᠵᠢᠮ᠎ᠡ ᠶᠣᠰᠣ ᠶᠢ ᠡᠷᠢᠨ ᠣᠯᠵᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠡᠷᠢᠵᠦ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ ᠪᠣᠯ ᠦᠵᠡᠯ ᠰᠠᠨᠠᠭ᠎ᠠ ᠠᠷᠭ᠎ᠠ ᠶᠢᠨ ᠠᠰᠠᠭᠤᠳᠠᠯ ᠲᠡᠳᠦᠢ ᠪᠢᠰᠢ᠂ ᠪᠠᠰᠠ ᠴᠤ ᠨᠠᠮᠴᠢ ᠴᠢᠨᠠᠷ ᠢᠶᠠᠷ ᠴᠢᠩᠭ᠎ᠠ ᠪᠠᠶᠢᠬᠤ ᠡᠰᠡᠬᠦ ᠶᠢᠨ ᠠᠰᠠᠭᠤᠳᠠᠯ ᠪᠣᠯᠤᠨ᠎ᠠ᠃ ᠣᠳᠣᠬᠠᠨ ᠤ ᠺᠠᠳ᠋ᠷ ᠤᠨ ᠡᠩᠨᠡᠭᠡᠨ ᠤ ᠪᠣᠳᠠᠲᠤ ᠪᠠᠶᠢᠳᠠᠯ ᠠᠴᠠ ᠦᠵᠡᠪᠡᠯ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠬᠤ ᠳᠤ ᠬᠠᠮᠤᠭ ᠠᠴᠠ ᠰᠢᠢᠳᠪᠦᠷᠢᠯᠡᠬᠦ ᠴᠢᠬᠤᠯᠠᠲᠠᠢ ᠨᠢ ᠨᠠᠮᠴᠢ ᠴᠢᠨᠠᠷ ᠤᠨ ᠠᠰᠠᠭᠤᠳᠠᠯ ᠪᠣᠯᠤᠨ᠎ᠠ᠃ ᠺᠠᠳ᠋ᠷᠴᠤᠳ ᠦᠨᠡᠨ ᠠᠴᠠ ᠵᠥᠪ ᠢ ᠡᠷᠢᠬᠦ ᠡᠰᠡᠬᠦ ᠶᠢ ᠤᠯᠠᠨ ᠲᠠᠯ᠎ᠠ ᠠᠴᠠ ᠦᠵᠡᠵᠦ ᠪᠣᠯᠤᠨ᠎ᠠ᠂ ᠬᠠᠮᠤᠭ ᠤᠨ ᠦᠨᠳᠦᠰᠦᠨ ᠵᠦᠢᠯ ᠨᠢ ᠦᠨᠡᠨ ᠦᠭᠡ ᠬᠡᠯᠡᠵᠦ ᠪᠠᠶᠢᠬᠤ ᠡᠰᠡᠬᠦ᠂ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠬᠥᠭᠡᠭᠡᠴᠡᠯᠳᠦᠵᠦ ᠪᠠᠶᠢᠬᠤ ᠡᠰᠡᠬᠦ ᠶᠢ ᠦᠵᠡᠬᠦ ᠬᠡᠷᠡᠭᠲᠡᠢ᠃ ᠵᠠᠯᠠᠭᠤ ᠺᠠᠳ᠋ᠷᠴᠤᠳ ᠨᠠᠮᠴᠢ ᠴᠢᠨᠠᠷ ᠢᠶᠠᠷ ᠠᠵᠤ ᠲᠦᠷᠦᠵᠦ ᠠᠵᠢᠯ ᠬᠢᠬᠦ ᠶᠢ ᠪᠠᠷᠢᠮᠲᠠᠯᠠᠨ᠂ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠬᠢᠬᠦ᠂ ᠰᠢᠳᠤᠷᠭᠤ ᠬᠥᠮᠦᠨ ᠪᠣᠯᠬᠤ ᠶᠢ ᠨᠠᠮᠴᠢ ᠴᠢᠨᠠᠷ ᠤᠨ ᠪᠣᠯᠪᠠᠰᠤᠷᠠᠯ ᠪᠠ ᠬᠠᠲᠠᠭᠤᠵᠢᠯ ᠤᠨ ᠴᠢᠬᠤᠯᠠ ᠠᠭᠤᠯᠭ᠎ᠠ ᠪᠣᠯᠭᠠᠵᠤ᠂ ᠦᠨᠡᠨ ᠶᠣᠰᠣ ᠶᠢ ᠵᠣᠷᠢᠭᠲᠠᠢ ᠪᠠᠷ ᠪᠠᠷᠢᠮᠲᠠᠯᠠᠨ᠂ ᠪᠡᠶ᠎ᠡ ᠪᠠᠨ ᠳᠠᠭᠠᠭᠠᠵᠤ ᠰᠡᠳᠬᠢᠬᠦ ᠳᠡᠭᠡᠨ ᠴᠢᠳᠠᠮᠠᠭᠠᠢ ᠪᠠᠶᠢᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠠᠵᠢᠯ ᠬᠢᠵᠦ ᠬᠠᠷᠢᠭᠤᠴᠠᠯᠭ᠎ᠠ ᠡᠭᠦᠷᠭᠡᠯᠡᠬᠦ ᠪᠣᠯ ᠺᠠᠳ᠋ᠷ ᠤᠨ ᠡᠭᠦᠷᠭᠡ ᠬᠠᠷᠢᠭᠤᠴᠠᠯᠭ᠎ᠠ ᠪᠣᠯᠬᠤ ᠮᠦᠷᠲᠡᠭᠡᠨ ᠦᠨ᠎ᠡ ᠦᠷᠳᠡᠭ ᠪᠣᠯᠤᠨ᠎ᠠ᠃ ᠨᠠᠮ ᠠᠴᠠ ᠺᠠᠳ᠋ᠷ ᠢ ᠡᠯ᠎ᠡ ᠠᠵᠢᠯ ᠤᠨ ᠪᠠᠶᠢᠷᠢ ᠳᠡᠭᠡᠷ᠎ᠡ ᠲᠠᠯᠪᠢᠭᠰᠠᠨ ᠨᠢ ᠤᠯᠡᠠ ᠢᠶᠠᠷ ᠬᠠᠷᠢᠭᠤᠴᠠᠯᠭ᠎ᠠ ᠡᠭᠦᠷᠭᠡᠯᠡᠭᠦᠯᠦᠨ ᠠᠵᠢᠯ ᠬᠢᠯᠭᠡᠬᠦ ᠬᠡᠵᠡᠢ᠂ ᠬᠠᠷᠢᠨ ᠨᠣᠶᠠᠨ ᠰᠠᠭᠤᠯᠭᠠᠵᠤ ᠵᠢᠷᠭᠠᠯ ᠡᠳ᠋ᠯᠡᠬᠦᠯᠬᠦ ᠭᠡᠰᠡᠨ ᠪᠢᠰᠢ᠃ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠵᠢᠯ ᠲᠡᠶᠢᠮᠦ ᠤᠯᠠᠨ᠂ ᠠᠵᠢᠯ ᠢᠶᠠᠨ ᠰᠠᠶᠢᠲᠤᠷ ᠬᠢᠬᠦ ᠳᠤ ᠴᠥᠮ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠪᠠ ᠵᠢᠳᠬᠦᠯ ᠴᠢᠷᠮᠠᠶᠢᠯᠭ᠎ᠠ ᠭᠠᠷᠭᠠᠬᠤ ᠪᠣᠯ ᠨᠢᠭᠡ ᠴᠣᠭᠴᠠ ᠶᠤᠮ᠂ ᠵᠢᠳᠭᠦᠯ ᠴᠢᠷᠮᠠᠶᠢᠯᠭ᠎ᠠ ᠦᠭᠡᠢ ᠪᠣᠯ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶᠢᠯᠭ᠎ᠠ ᠲᠠᠢ ᠪᠤᠯ ᠬᠠᠷᠢᠭᠤᠴᠠᠯᠭ᠎ᠠ ᠡᠭᠦᠷᠭᠡᠯᠡᠨ᠎ᠠ᠃ ᠠᠵᠢᠯ ᠬᠢᠬᠦ ᠳᠤ ᠬᠡᠵᠢᠶᠡᠳᠡ ᠠᠶᠤᠯ ᠲᠦᠭᠰᠢᠭᠦᠷᠢ ᠤᠷᠤᠰᠢᠲᠠᠭ᠃ ᠠᠶᠤᠯ ᠲᠦᠭᠰᠢᠭᠦᠷᠢ ᠪᠠᠶᠢᠬᠤ ᠤᠴᠢᠷ ᠠᠴᠠ ᠰᠠᠶ᠋ᠢ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ᠃ ᠨᠠᠮ ᠪᠠ ᠠᠷᠠᠳ ᠲᠦᠮᠡᠨ ᠳᠤ ᠠᠰᠢᠭᠲᠠᠢ ᠶᠠᠪᠤᠳᠠᠯ ᠪᠦᠬᠦᠨ ᠢ ᠪᠢᠳᠡ ᠵᠠᠪᠠᠯ ᠬᠦᠴᠢᠷ ᠪᠡᠷᠬᠡᠰᠢᠶᠡᠯ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠠᠴᠠ ᠵᠠᠶᠢᠯᠠᠬᠤ ᠦᠭᠡᠢ᠂ ᠵᠣᠷᠢᠭᠲᠠᠢ ᠪᠠᠷ ᠬᠢᠵᠦ᠂ ᠡᠷᠡᠰ ᠢᠶᠠᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠵᠠᠷᠴᠢᠮ ᠢ ᠪᠠᠷᠢᠮᠲᠠᠯᠠᠬᠤ ᠪᠣᠯ ᠡᠪ ᠬᠠᠮᠲᠤᠴᠤᠳ ᠤᠨ ᠴᠢᠬᠤᠯᠠ ᠵᠠᠩ ᠰᠤᠷᠲᠠᠯ ᠮᠥᠨ᠂ ᠨᠢᠭᠡ ᠺᠠᠳ᠋ᠷ ᠤᠨ ᠲᠤᠰᠢᠶᠠᠯ ᠳᠠᠭᠠᠨ ᠲᠡᠩᠴᠡᠬᠦ ᠡᠰᠡᠬᠦ ᠶᠢ ᠬᠡᠮᠵᠢᠬᠦ ᠴᠢᠬᠤᠯᠠ ᠪᠠᠷᠢᠮᠵᠢᠶ᠎ᠠ ᠮᠥᠨ᠃ ᠡᠪ ᠬᠠᠮᠲᠤᠴᠤᠳ ᠲᠤ ᠠᠪᠴᠤ ᠬᠡᠯᠡᠪᠡᠯ᠂ ︽ᠰᠠᠶᠢᠨ ᠠᠪᠤᠭᠠᠢ︾ ᠪᠣᠯ ᠲᠠᠷᠤᠢ ᠵᠢᠩᠬᠢᠨᠢ ᠰᠠᠶᠢᠨ ᠬᠥᠮᠦᠨ ᠭᠡᠰᠡᠨ ᠪᠢᠰᠢ᠃ ᠰᠠᠶᠢᠮᠰᠤᠷᠠᠬᠤ ᠦᠵᠡᠯ ᠢ ᠡᠷᠬᠢᠮᠯᠡᠳᠡᠭ ᠬᠥᠮᠦᠨ ᠤᠯᠠᠨ ᠨᠡᠶᠢᠲᠡ ᠶᠢ ᠪᠤᠳᠤᠬᠤ ᠦᠭᠡᠢ᠂ ᠵᠦᠪᠬᠡᠨ ᠬᠤᠪᠢᠨᠴᠢᠷ ᠪᠤᠳᠤᠯ ᠲᠠᠢ᠂ ᠲᠥᠪ ᠰᠤᠷᠲᠠᠯ ᠦᠭᠡᠢ᠂ ᠵᠦᠪᠬᠡᠨ ᠪᠣᠯᠬᠢ ᠰᠤᠷᠲᠠᠯ ᠲᠠᠢ᠂ ᠥᠪᠡᠷ ᠤᠨ ᠪᠠᠶ᠎ᠠ ᠨᠢ ᠰᠠᠶᠢᠨ ᠭᠡᠪ ᠰᠤᠷᠳᠠᠯ᠂ ᠠᠵᠢᠯ ᠤᠢᠢᠯᠡᠰ ᠮᠠᠭᠤ ᠭᠡᠯᠴᠡᠳᠡᠭ᠃ ᠡᠪ ᠬᠠᠮᠲᠤᠴᠤᠳ ᠨᠠᠮᠴᠢ ᠴᠢᠨᠠᠷ ᠢ ᠡᠷᠬᠢᠮᠯᠡᠵᠦ᠂ ᠵᠠᠷᠴᠢᠮ ᠢ ᠡᠷᠬᠢᠮᠯᠡᠬᠦ ᠳᠡᠭᠡᠨ ᠲᠡᠮᠡᠴᠡᠯ ᠬᠢᠬᠦ ᠶᠢ ᠡᠷᠬᠢᠮᠯᠡᠬᠦ ᠬᠡᠷᠡᠭᠲᠡᠢ᠃ ᠵᠠᠷᠴᠢᠮ ᠤᠨ ᠠᠰᠠᠭᠤᠳᠠᠯ ᠳᠡᠭᠡᠷ᠎ᠡ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ ᠦᠭᠡᠢ᠂ ᠶᠠᠭᠠᠬᠢᠭᠰᠠᠨ ᠴᠤ ᠨᠠᠶᠢᠷ ᠲᠠᠯᠪᠢᠵᠤ ᠪᠣᠯᠬᠤ ᠦᠭᠡᠢ᠂ ᠡᠰᠡ ᠲᠡᠭᠡᠪᠡᠯ ᠨᠠᠮ ᠪᠠ ᠠᠷᠠᠳ ᠲᠦᠮᠡᠨ ᠳᠤ ᠬᠠᠷᠢᠭᠤᠴᠠᠭᠰᠠᠨ ᠦᠭᠡᠢ᠂ ᠴᠢᠨᠠᠭᠰᠢᠯᠠᠪᠠᠯ ᠶᠠᠯ᠎ᠠ ᠬᠢᠭᠰᠡᠨ ᠶᠠᠪᠤᠳᠠᠯ ᠪᠣᠯᠤᠨ᠎ᠠ᠃ ᠵᠥᠪ ᠪᠤᠷᠤᠭᠤ ᠶᠢᠨ ᠡᠮᠦᠨ᠎ᠡ ᠵᠠᠷᠴᠢᠮ ᠢ ᠪᠠᠷᠢᠮᠲᠠᠯᠠᠬᠤ ᠬᠡᠷᠡᠭᠲᠡᠢ᠂ ᠪᠠᠭ᠎ᠠ ᠰᠠᠭ᠎ᠠ ᠶᠠᠪᠤᠳᠠᠯ ᠳᠡᠭᠡᠷ᠎ᠡ ᠴᠤ ᠵᠠᠷᠴᠢᠮ ᠢ ᠡᠷᠬᠢᠮᠯᠡᠬᠦ ᠠᠰᠠᠭᠤᠳᠠᠯ ᠣᠷᠣᠰᠢᠳᠠᠭ᠃ ᠨᠠᠮ ᠤᠨ ᠺᠠᠳ᠋ᠷᠴᠤᠳ ᠴᠥᠮ ᠲᠥᠪ ᠭᠤᠣᠯᠴᠢ ᠪᠠᠷ ᠠᠵᠢᠯᠯᠠᠬᠤ᠂ ᠨᠢᠭᠤᠷ ᠲᠠᠯ᠎ᠠ ᠬᠠᠷᠠᠬᠤ ᠦᠭᠡᠢ ᠠᠮᠢ ᠬᠤᠪᠢ ᠪᠠᠨ ᠪᠤᠳᠤᠬᠤ ᠦᠭᠡᠢ ᠵᠣᠷᠢᠭ ᠰᠠᠨᠠᠭ᠎ᠠ ᠲᠠᠢ ᠪᠠᠶᠢᠵᠤ᠂ ᠵᠠᠷᠴᠢᠮ ᠢ ᠡᠷᠬᠢᠮᠯᠡᠬᠦ ᠠᠴᠠ ᠪᠢᠰᠢ ᠨᠢᠭᠤᠷ ᠲᠠᠯ᠎ᠠ ᠬᠠᠷᠠᠬᠤ ᠦᠭᠡᠢ᠂ ᠨᠠᠮᠴᠢ ᠴᠢᠨᠠᠷ ᠢ ᠡᠷᠬᠢᠮᠯᠡᠬᠦ ᠠᠴᠠ ᠪᠢᠰᠢ ᠬᠤᠪᠢ ᠶᠢᠨ ᠨᠠᠶᠢᠷ ᠬᠠᠷᠠᠬᠤ ᠦᠭᠡᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠥᠭᠵᠢᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠪᠢᠳᠡᠨ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠥᠷᠢᠰᠥᠯᠳᠦᠭᠡᠨ ᠢᠯᠡᠳᠲᠡ ᠨᠡᠮᠡᠭᠳᠡᠪᠡ᠂ ᠳᠠᠩᠳᠠ ᠪᠠᠨ ᠠᠮᠤᠷ ᠲᠠᠶᠢᠪᠤᠩ ᠠᠮᠢᠳᠤᠷᠠᠬᠤ ᠶᠢ ᠪᠤᠳᠤᠵᠤ᠂ ᠲᠡᠮᠡᠴᠡᠬᠦ ᠶᠢ ᠪᠤᠳᠤᠬᠤ ᠦᠭᠡᠢ ᠪᠣᠯ ᠪᠣᠳᠠᠲᠤ ᠪᠠᠶᠢᠳᠠᠯ ᠲᠠᠢ ᠨᠡᠶᠢᠴᠡᠬᠦ ᠦᠭᠡᠢ ᠶᠤᠮ᠃ ᠬᠡᠢ ᠬᠦᠰᠡᠯ ᠢᠶᠠᠨ ᠲᠠᠶᠠᠭᠳᠠᠵᠤ᠂ ᠵᠣᠷᠢᠭᠲᠠᠢ ᠲᠡᠮᠡᠴᠡᠵᠦ᠂ ᠵᠠᠷᠴᠢᠮ ᠤᠨ ᠠᠰᠠᠭᠤᠳᠠᠯ ᠳᠡᠭᠡᠷ᠎ᠡ ᠥᠴᠦᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ ᠤᠷᠢᠳ ᠡᠮᠦᠨ᠎ᠡ ᠪᠠᠶᠢᠭ᠎ᠠ ᠦᠭᠡᠢ ᠵᠣᠷᠢᠭ ᠰᠠᠨᠠᠭ᠎ᠠ ᠵᠠᠩ ᠴᠢᠨᠠᠷ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠡᠪ ᠬᠠᠮᠲᠤᠴᠤᠳ ᠶᠠᠮᠠᠷᠪᠠ ᠦᠶ᠎ᠡ ᠳᠤ ᠭᠡᠳ ᠴᠥᠮ ᠭᠠᠵᠢᠭᠤ ᠶᠢ ᠢᠲᠡᠭᠡᠬᠦ ᠦᠭᠡᠢ᠂ ᠴᠢᠳᠬᠦᠷ ᠱᠤᠯᠤᠮ ᠠᠴᠠ ᠠᠶᠤᠬᠤ ᠦᠭᠡᠢ᠂ ᠦᠬᠡᠨᠴᠡ ᠠᠮᠢᠲᠠᠨ ᠪᠤᠯᠬᠤ ᠦᠭᠡᠢ ᠴᠢᠩ ᠵᠣᠷᠢᠭ᠂ ᠰᠥᠰᠥ ᠵᠣᠷᠢᠭ ᠲᠠᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠶᠣᠰᠣ ᠳᠦᠷᠢᠮ ᠢ ᠡᠷᠬᠢᠮᠯᠡᠵᠦ᠂ ᠬᠤᠷᠢᠭ᠎ᠠ ᠱᠤᠭᠤᠮ ᠢ ᠰᠠᠬᠢᠬᠤ ᠳᠤ ᠶᠠᠭᠤᠨ ᠤ ᠡᠮᠦᠨ᠎ᠡ ᠪᠢᠰᠢᠷᠡᠨ ᠵᠢᠷᠦᠬᠡᠰᠢᠶᠡᠬᠦ ᠰᠡᠳᠬᠢᠯ ᠲᠠᠢ ᠪᠠᠶᠢᠬᠤ ᠬᠡᠷᠡᠭᠲᠡᠢ᠃ ᠵᠢᠷᠦᠬᠡᠰᠢᠶᠡᠬᠦ ᠰᠡᠳᠬᠢᠯ ᠪᠠᠶᠢᠪᠠᠯ ᠰᠠᠶ᠋ᠢ ᠦᠭᠡ ᠶᠠᠷᠢᠶ᠎ᠠ ᠪᠠᠨ ᠴᠡᠭᠡᠷᠯᠡᠵᠦ᠂ ᠦᠢᠯᠡ ᠠᠵᠢᠯᠯᠠᠭ᠎ᠠ ᠪᠠᠨ ᠵᠣᠭᠰᠣᠭᠠᠨ᠎ᠠ᠃ ᠺᠠᠳ᠋ᠷᠴᠤᠳ ᠵᠠᠪᠠᠯ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠡᠮᠢᠶᠡᠨ ᠰᠡᠷᠭᠡᠶᠢᠯᠡᠵᠦ ᠂ ᠬᠤᠷᠢᠭ᠎ᠠ ᠱᠤᠭᠤᠮ ᠢ ᠰᠠᠬᠢᠵᠤ᠂ ᠨᠠᠮ ᠢ ᠬᠦᠨᠳᠦᠳᠬᠡᠵᠦ᠂ ᠠᠷᠠᠳ ᠲᠦᠮᠡᠨ ᠢ ᠬᠦᠨᠳᠦᠳᠬᠡᠵᠦ᠂ ᠬᠠᠤᠯᠢ ᠰᠠᠬᠢᠯᠭ᠎ᠠ ᠶᠢ ᠬᠦᠨᠳᠦᠳᠬᠡᠬᠦ ᠬᠡᠷᠡᠭᠲᠡᠢ᠃ ᠪᠡᠶ᠎ᠡ ᠪᠠᠨ ᠴᠢᠩᠭ᠎ᠠ ᠵᠠᠰᠠᠪᠠᠯ ᠰᠠᠶ᠋ᠢ ᠪᠡᠶ᠎ᠡ ᠪᠠᠨ ᠴᠢᠩᠭ᠎ᠠ ᠱᠠᠭᠠᠷᠳᠠᠵᠤ ᠴᠢᠳᠠᠨ᠎ᠠ᠃ ᠨᠢᠭᠡᠨ ᠺᠠᠳ᠋ᠷ ᠭᠠᠭᠴᠠ ᠬᠦ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠶᠢᠨ ᠶᠡᠷᠦᠩᠬᠡᠢ ᠨᠡᠭᠡᠭᠡᠯᠭᠡ ᠪᠠᠨ ᠴᠢᠩᠭᠠᠯᠠᠵᠤ᠂ ᠦᠵᠡᠯ ᠰᠠᠨᠠᠭᠠᠨ ᠤ ᠤᠬᠠᠮᠰᠠᠷ᠂ ᠤᠶᠤᠨ ᠰᠠᠨᠠᠭᠠᠨ ᠤ ᠠᠬᠤᠢ ᠪᠠᠶᠢᠳᠠᠯ ᠢᠶᠠᠨ ᠳᠡᠭᠡᠭᠰᠢᠯᠡᠭᠦᠯᠪᠡᠯ ᠰᠠᠶ᠋ᠢ ᠢᠯᠵᠠᠷᠠᠬᠤ ᠵᠣᠷᠢᠭ ᠦᠭᠡᠢ ᠪᠠᠶᠢᠭᠰᠠᠨ ᠠᠴᠠ ᠪᠠᠨ ᠢᠯᠵᠠᠷᠠᠬᠤ ᠶᠢ ᠪᠤᠳᠤᠬᠤ ᠦᠭᠡᠢ ᠪᠤᠯᠵᠤ ᠴᠢᠳᠠᠨ᠎ᠠ᠃ ᠮᠠᠨ ᠤ ᠡᠪ ᠬᠠᠮᠲᠤᠴᠤᠳ ᠶᠡᠭᠡ ᠨᠡᠶᠢᠲᠡ ᠶᠢᠨ ᠲᠥᠯᠥᠭᠡ᠂ ᠶᠡᠭᠡ ᠵᠢᠷᠤᠮ ᠢ ᠰᠠᠬᠢᠵᠤ᠂ ᠶᠡᠭᠡ ᠮᠢᠨᠦ ᠲᠥᠯᠥᠭᠡ ᠵᠢᠳᠭᠦᠳᠡᠭ᠂ ᠨᠡᠩ ᠴᠤ ᠲᠥᠪ ᠶᠣᠰᠣ ᠶᠢ ᠪᠠᠷᠢᠵᠤ᠂ ᠶᠣᠰᠣ ᠮᠣᠷᠠᠯ ᠢ ᠡᠷᠬᠢᠮᠯᠡᠨ ᠪᠡᠶ᠎ᠡ ᠪᠠᠨ ᠬᠦᠨᠳᠦᠳᠬᠡᠵᠦ᠂ ᠢᠮᠠᠭᠲᠠ ᠨᠠᠮ ᠪᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠨᠢᠭᠡ ᠰᠡᠳᠬᠢᠯ ᠢᠶᠠᠷ ᠨᠡᠶᠢᠲᠡ ᠶᠢᠨ ᠲᠥᠯᠥᠭᠡ ᠵᠢᠳᠬᠦᠵᠦ᠂ ᠲᠥᠪ ᠭᠤᠣᠯᠴᠢ ᠪᠥᠭᠡᠳ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠳᠠ ᠤᠷᠢᠤᠨ ᠡᠮᠦᠨ᠎ᠡ ᠪᠠᠶᠢᠭ᠎ᠠ ᠦᠭᠡᠢ ᠬᠤᠪᠢᠰᠤᠯᠲᠠ ᠶᠢᠨ ᠴᠠᠭ ᠦᠶ᠎ᠡ ᠳᠤ ᠣᠷᠣᠰᠢᠵᠤ᠂ ᠤᠷᠢᠤᠨ ᠡᠮᠦᠨ᠎ᠡ ᠪᠠᠶᠢᠭ᠎ᠠ ᠦᠭᠡᠢ ᠠᠭᠤᠤ ᠶᠡᠭᠡ ᠦᠢᠯᠡᠰ ᠢ ᠬᠢᠵᠦ ᠪᠠᠶᠢᠨ᠎ᠠ᠂ ᠬᠡᠷᠪᠡ ᠮᠡᠳᠡᠯᠭᠡ ᠮᠡᠬᠦᠰ᠂ ᠬᠠᠷᠠᠴᠠ ᠥᠷᠭᠡᠨ ᠪᠢᠰᠢ᠂ ᠴᠢᠳᠠᠪᠤᠷᠢ ᠶᠡᠭᠡ ᠪᠢᠰᠢ ᠪᠣᠯ ᠤᠴᠢᠷ ᠶᠠᠪᠤᠳᠠᠯ ᠢ ᠰᠠᠭᠠᠲᠠᠭᠠᠬᠤ ᠪᠣᠯᠤᠨ᠎ᠠ᠃ ᠵᠠᠯᠠᠭᠤ ᠺᠠᠳ᠋ᠷᠴᠤᠳ ᠤᠶᠤᠨ ᠴᠢᠳᠠᠯ ᠲᠡᠭᠦᠯᠳᠡᠷ᠂ ᠰᠡᠳᠬᠢᠬᠦᠢ ᠬᠥᠭᠵᠢᠶᠡᠨᠲᠡᠢ᠂ ᠬᠦᠯᠢᠶᠡᠨ ᠠᠪᠬᠤ ᠴᠢᠳᠠᠪᠤᠷᠢ ᠴᠢᠩᠭ᠎ᠠ ᠪᠠᠶᠢᠵᠤ᠂ ᠶᠠᠭ ᠰᠠᠶ᠋ᠢᠬᠠᠨ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠰᠠᠶᠢᠨ ᠴᠠᠭ ᠦᠶ᠎ᠡ ᠳᠤ ᠪᠠᠶᠢᠨ᠎ᠠ᠂ ᠡᠷᠬᠡᠪᠰᠢ ᠴᠠᠭ ᠮᠥᠴᠡ ᠶᠢ ᠨᠠᠨᠳᠢᠩᠨᠠᠵᠤ᠂ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠥᠯᠥᠰᠴᠦ ᠤᠮᠳᠠᠭᠠᠰᠤᠭᠰᠠᠨ ᠮᠡᠲᠦ ᠰᠤᠷᠤᠯᠴᠠᠵᠤ᠂ ᠳᠡᠭᠡᠭᠰᠢᠯᠡᠨ ᠲᠠᠪᠰᠢᠬᠤ ᠪᠠᠨ ᠨᠢᠭᠡ ᠮᠥᠴᠡ ᠴᠦ ᠵᠣᠭᠰᠣᠭᠠᠵᠤ ᠪᠤᠯᠬᠤ ᠦᠭᠡᠢ᠃ ︽ᠰᠢᠬᠠᠬᠤ︾ ᠪᠠ ︽ᠰᠤᠳᠤᠯᠬᠤ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠵᠤ᠂ ᠨᠣᠮ ᠪᠢᠴᠢᠭ ᠠᠴᠠ ᠤᠶᠤᠨ ᠤᠬᠠᠭᠠᠨ ᠪᠠ ᠰᠢᠮ᠎ᠡ ᠲᠡᠵᠢᠭᠡᠯ ᠰᠢᠩᠭᠡᠭᠡᠨ ᠠᠪᠬᠤ ᠬᠡᠷᠡᠭᠲᠡᠢ᠃ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ ᠰᠤᠷᠤᠯᠴᠠᠵᠤ᠂ ᠶᠠᠭᠤ ᠬᠢᠪᠡᠯ ᠶᠠᠭᠤ ᠶᠢ ᠰᠤᠷᠴᠤ᠂ ᠶᠠᠭᠤ ᠳᠤᠲᠠᠪᠠᠯ ᠶᠠᠭᠤ ᠶᠢ ᠨᠥᠬᠦᠪᠥᠷᠢᠯᠡᠬᠦ ᠶᠢ ᠪᠡᠶᠡᠯᠡᠭᠦᠯᠬᠦ ᠬᠡᠷᠡᠭᠲᠡᠢ᠃ ᠮᠠᠷᠺᠰ ᠤᠨ ᠦᠵᠡᠯ ᠤᠨ ᠣᠨᠣᠯ ᠢᠯᠠᠩᠭᠤᠶ᠎ᠠ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ ᠡᠭᠦᠳᠬᠦ ᠣᠨᠣᠯ ᠢ ᠰᠤᠷᠤᠯᠴᠠᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠵᠤ᠂ ᠠᠵᠤ ᠠᠬᠤᠶ᠂ ᠤᠯᠤᠰ ᠲᠥᠷᠥ᠂ ᠬᠠᠤᠯᠢ ᠴᠠᠭᠠᠵᠠ᠂ ᠰᠣᠶᠣᠯ᠂ ᠨᠡᠶᠢᠭᠡᠮ᠂ ᠬᠠᠮᠢᠶᠠᠷᠤᠯᠲᠠ᠂ ᠠᠮᠢ ᠠᠬᠤᠶ᠂ ᠣᠯᠠᠨ ᠤᠯᠤᠰ ᠵᠡᠷᠭᠡ ᠡᠯ᠎ᠡ ᠲᠠᠯ᠎ᠠ ᠶᠢᠨ ᠰᠠᠭᠤᠷᠢ ᠴᠢᠨᠠᠷᠲᠠᠶ ᠮᠡᠳᠡᠯᠭᠡ ᠶᠢ ᠰᠤᠷᠤᠯᠴᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠯᠦᠭᠡ ᠬᠤᠯᠪᠣᠭᠳᠠᠬᠤ ᠰᠢᠨ᠎ᠡ ᠮᠡᠳᠡᠯᠭᠡ ᠰᠢᠨ᠎ᠡ ᠤᠷ᠎ᠠ ᠴᠢᠳᠠᠪᠤᠷᠢ ᠶᠢ ᠰᠤᠷᠤᠯᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠮᠡᠳᠡᠯᠭᠡ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠰᠢ ᠶᠢᠨ ᠫᠢᠩ᠂ ᠦᠢᠯᠡᠳᠦᠯᠭᠡ ᠶᠢᠨ ᠲᠤᠮᠳᠠ ᠠᠴᠠ ᠵᠢᠩᠬᠢᠨᠢ ᠮᠡᠳᠡᠯᠭᠡ ᠶᠢ ᠬᠦᠷᠳᠡᠵᠦ᠂ ᠦᠢᠯᠡᠳᠦᠯᠭᠡ ᠶᠢᠨ ᠲᠤᠮᠳᠠ ᠵᠢᠩᠬᠢᠨᠢ ᠴᠢᠳᠠᠪᠤᠷᠢᠲᠠᠨ ᠬᠦᠮᠦᠵᠢᠭᠳᠡᠳᠡᠭ᠃ ᠠᠵᠢᠯᠯᠠᠬᠤ ᠳᠤᠮᠳᠠ ᠰᠤᠷᠤᠯᠴᠠᠬᠤ᠂ ᠰᠤᠷᠤᠯᠴᠠᠬᠤ ᠳᠤᠮᠳᠠ ᠠᠵᠢᠯᠯᠠᠬᠤ ᠶᠢ ᠪᠠᠷᠢᠮᠲᠠᠯᠠᠬᠤ ᠪᠣᠯ ᠤᠳᠤᠷᠢᠳᠬᠤ ᠺᠠᠳ᠋ᠷ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠃ ᠠᠳᠠᠯᠢᠬᠠᠨ ᠦᠢᠯᠡᠳᠦᠯᠭᠡ ᠳᠤᠮᠳᠠ᠂ ᠵᠢᠩᠬᠢᠨᠢ ᠰᠡᠳᠬᠢᠯ ᠲᠠᠯᠪᠢᠵᠤ ᠪᠣᠳᠣᠯᠬᠢᠯᠠᠭᠰᠠᠨ ᠡᠰᠡᠬᠦ᠂ ᠰᠠᠶᠢᠲᠤᠷ ᠳ᠋ᠦᠩᠨᠡᠨ ᠲᠤᠩᠭᠠᠭᠰᠠᠨ ᠡᠰᠡᠬᠦ᠂ ᠣᠯᠤᠯᠲᠠ ᠶᠢᠨ ᠶᠡᠭᠡ ᠪᠠᠭ᠎ᠠ᠂ ᠳᠡᠭᠡᠭᠰᠢᠯᠡᠯᠲᠡ ᠶᠢᠨ ᠲᠦᠷᠭᠡᠨ ᠤᠳᠠᠭᠠᠨ ᠨᠢ ᠠᠳᠠᠯᠢ ᠦᠭᠡᠢ ᠪᠠᠶᠢᠳᠠᠭ᠃ ᠬᠡᠷᠪᠡ ᠶᠠᠭᠠᠷᠠᠤ ᠰᠠᠨᠳᠤᠷᠤᠤ᠂ ᠵᠥᠪᠬᠡᠨ ᠮᠧᠬᠠᠨᠢᠭ ᠢᠶᠠᠷ ᠠᠵᠢᠯᠯᠠᠵᠤ᠂ ᠠᠵᠢᠯ ᠬᠥᠭᠡᠭᠡᠴᠡᠯᠳᠦᠬᠦ ᠦᠵᠡᠯ ᠳᠤ ᠰᠢᠭᠢᠳᠦᠨ ᠣᠷᠣᠬᠤ ᠶᠤᠮ ᠪᠣᠯ ᠲᠠᠨᠢᠯᠲᠠ ᠪᠠ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ ᠪᠡᠷᠬᠡ ᠶᠤᠮ ᠭᠡᠵᠦ ᠵᠢᠭᠠᠵᠤ ᠭᠠᠷᠭᠠᠵᠠᠢ᠃      ᠴᠧᠨ ᠰᠢ ᠬᠢᠴᠢᠶᠡᠯ ᠡᠬᠢᠯᠡᠬᠦ ᠶᠣᠰᠣᠯᠠᠯ ᠢ ᠡᠷᠬᠢᠯᠡᠵᠦ᠂ ᠵᠠᠯᠠᠭᠤ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠵᠡᠯ ᠰᠠᠨᠠᠭ᠎ᠠ ᠪᠠ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠵᠤ᠂ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠡᠪ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠴᠠᠭᠠᠷᠠᠭᠰᠠᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠡᠷᠡᠯᠬᠡᠭᠯᠡᠨ ᠲᠡᠮᠡᠴᠡᠵᠦ᠂ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠬᠡᠷᠡᠭᠲᠡᠢ ᠭᠡᠵᠦ ᠢᠯᠡᠳᠬᠡᠪᠡ᠃      ᠳ᠋ᠢᠩ ᠰᠢᠤᠸᠠᠢ ᠰᠢᠶᠠᠩ᠂ ᠬᠤᠸᠠᠩ ᠺᠦᠨ ᠮᠢᠩ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠪᠠ᠃      2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭᠠᠲᠠᠳ ᠬᠢᠴᠢᠶᠡᠯ ᠡᠬᠢᠯᠡᠬᠦ ᠶᠣᠰᠣᠯᠠᠯ ᠳᠤ ᠣᠷᠣᠯᠴᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠢᠴᠢᠶᠡᠯ ᠡᠬᠢᠯᠡᠬᠦ ᠶᠣᠰᠣᠯᠠᠯ ᠳᠤ ᠰᠤᠯᠠ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号