ᠠᠮᠤᠷ ᠲᠦᠪᠰᠢᠨ ᠤ ᠪᠠᠶᠢᠴᠠᠭᠠᠯᠳᠠ ᠶᠢ ᠴᠢᠩᠭᠠᠳᠬᠠᠵᠤ  ᠢᠳᠡᠭᠡᠨ ᠤᠮᠳᠠᠭᠠᠨ ᠤ ᠴᠢᠨᠠᠷ ᠢ ᠪᠠᠳᠤᠯᠠᠨᠠᠮ
ᠨᠡᠶᠢᠲᠡᠯᠡᠭᠰᠡᠨ ᠴᠠᠭ᠄
2021/9/7
 ᠪᠥᠬᠦ ᠬᠤᠰᠢᠭᠤᠨ ᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠶᠠᠰᠤ ᠴᠢᠨᠠᠷ ᠢ ᠪᠠᠲᠤᠯᠠᠵᠤ᠂ ᠴᠠᠭᠠᠨ ᠢᠳᠡᠭᠡᠨ ᠤ ᠠᠵᠤ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂  ᠲᠠᠶᠢᠹᠤᠰᠧ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠤᠶᠢᠷ᠎ᠠ ᠳᠤ  ᠬᠠᠷᠢᠶ᠎ᠠ ᠣᠷᠣᠨ  ᠳᠠᠭᠠᠨ ᠤᠯᠠᠮᠵᠢᠯᠠᠯᠲᠤ ᠴᠠᠭᠠᠨ ᠢᠳᠡᠭᠡᠨ ᠤ ᠶᠠᠰᠤ ᠴᠢᠨᠠᠷ ᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ᠠᠵᠢᠯᠳᠠᠳ ᠤᠯᠠᠮᠵᠢᠯᠠᠯᠲᠤ ᠴᠠᠭᠠᠨ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠪᠣᠯᠤᠨ ᠵᠢᠵᠢᠭ ᠦᠶᠯᠡᠳᠬᠡᠯ ᠤᠨ ᠭᠠᠵᠠᠷ ᠢᠶᠠᠷ ᠭᠤᠤᠯᠳᠠᠯᠭ᠎ᠠ ᠪᠣᠯᠭᠠᠵᠤ᠂ ᠴᠠᠭᠠᠨ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠪᠣᠯᠤᠨ ᠵᠢᠵᠢᠭ ᠦᠶᠯᠡᠳᠬᠡᠯ ᠤᠨ ᠭᠠᠵᠠᠷ ᠤᠨ ᠡᠵᠡᠩᠨᠡᠯᠳᠡ ᠶᠢᠨ ᠭᠡᠷᠡᠴᠢ ᠦᠨᠡᠮᠯᠡᠯ᠂ ᠠᠵᠢᠯᠲᠠᠨ ᠤ ᠡᠷᠡᠭᠦᠯ ᠮᠡᠨᠳᠦ ᠶᠢᠨ ᠦᠨᠡᠮᠯᠡᠯ᠂ ᠤᠬᠢᠶᠠᠵᠤ ᠠᠷᠢᠭᠤᠳᠬᠠᠬᠤ᠂  ᠪᠤᠯᠪᠠᠰᠤᠷᠠᠭᠤᠯᠵᠤ ᠡᠳ᠋ᠰᠢᠬᠦᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠲᠠᠯ᠎ᠠ ᠶᠢᠨ ᠪᠠᠶᠢᠳᠠᠯ ᠢ  ᠲᠦᠷᠦᠯ ᠳᠠᠷᠠᠭᠠᠯᠠᠨ ᠪᠠᠶᠢᠴᠠᠭᠠᠬᠤ ᠶᠢᠨ ᠬᠠᠮᠲᠤ ᠴᠠᠭᠠᠨ ᠢᠳᠡᠭᠡᠨ ᠤ ᠥᠯᠢᠭᠡᠷ ᠭᠡᠪ ᠢ ᠠᠪᠴᠤ  ᠰᠢᠯᠭᠠᠨ ᠪᠠᠶᠢᠴᠠᠭᠠᠭᠰᠠᠨ ᠪᠠᠶᠢᠨ᠎ᠠ᠃  ᠤᠳᠤ  ᠪᠣᠯᠲᠠᠯ᠎ᠠ᠂  ᠨᠡᠶᠢᠲᠡ 10 ᠠᠵᠢᠯᠳᠠᠨ 2 ᠲᠡᠷᠭᠡ   ᠲᠠᠢ ᠬᠦᠳᠡᠯᠵᠦ᠂  ᠨᠢᠭᠡᠨᠲᠡ 23 ᠤᠳᠠᠭᠠᠨ ᠤ ᠲᠦᠷᠬᠡᠨ ᠪᠠᠶᠢᠴᠠᠭᠠᠯᠳᠠ  ᠬᠢᠵᠡᠢ᠃ ᠲᠠᠷᠠᠭᠠᠴᠢ ᠶᠢᠨ ᠠᠯᠬᠤᠮ ᠳᠤ᠂  ᠲᠤᠰ ᠲᠤᠪᠴᠢᠶᠠᠨ ᠤ ᠬᠢᠨ ᠰᠢᠯᠭᠠᠨ ᠪᠠᠶᠢᠴᠠᠭᠠᠬᠤ ᠬᠤᠷᠳᠤ ᠲᠦᠷᠭᠡᠨ᠂ ᠦᠷ᠎ᠡ ᠳ᠋ᠦᠩ ᠠᠮᠠᠷᠬᠠᠨ ᠭᠠᠷᠬᠤ ᠵᠡᠷᠭᠡ ᠳᠠᠪᠠᠭᠤᠯᠢᠭ ᠢ ᠭᠦᠶᠴᠡᠳ ᠠᠰᠢᠭᠯᠠᠨ᠂ ᠤᠯᠠᠮᠵᠢᠯᠠᠯᠲᠤ ᠴᠠᠭᠠᠨ ᠢᠳᠡᠭᠡᠨ ᠢ ᠰᠢᠯᠭᠠᠨ ᠪᠠᠶᠢᠴᠠᠭᠠᠵᠤ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠪᠦᠳᠦᠮᠵᠢᠳᠡᠢ ᠰᠡᠷᠭᠡᠶᠢᠯᠡᠨ᠂   ᠡᠵᠡᠩᠨᠡᠯᠲᠡ ᠶᠢᠨ ᠠᠵᠤ ᠠᠬᠤᠶᠢᠯᠠᠯ ᠤᠳ ᠢ ᠱᠠᠭᠠᠷᠳᠠᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢ ᠲᠦᠷᠢᠮᠵᠢᠬᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠡᠶᠡᠯᠡᠬᠦᠯᠬᠦ   ᠶᠢᠨ ᠬᠠᠮᠲᠤ᠂  ᠪᠠᠶᠢᠴᠠᠭᠠᠯᠳᠠ ᠪᠠᠷ ᠲᠠᠮᠵᠢᠨ ᠢᠳᠡᠭᠡᠨ ᠤ ᠠᠶᠤᠯ ᠦᠭᠡᠶ ᠶᠢᠨ ᠮᠡᠳᠡᠯᠭᠡ᠂ ᠬᠠᠤᠯᠢ  ᠲᠦᠷᠢᠮ ᠤᠨ ᠤᠬᠠᠭᠤᠯᠭ᠎ᠠ ᠬᠥᠮᠦᠵᠢᠯ ᠢ ᠨᠡᠮᠡᠭᠳᠡᠭᠦᠯᠵᠦ᠂ ᠠᠷᠠᠳ ᠣᠯᠠᠨ ᠤ ᠢᠳᠡᠭᠡᠨ ᠤ ᠠᠶᠤᠯ ᠦᠭᠡᠶ ᠶᠢᠨ ᠦᠵᠡᠯ ᠤᠬᠠᠮᠰᠠᠷ ᠪᠣᠯᠤᠨ ᠪᠡᠶ᠎ᠡ ᠪᠠᠨ ᠳᠠᠭᠠᠭᠠᠵᠤ ᠰᠡᠷᠡᠮᠵᠢᠯᠡᠬᠦ ᠴᠢᠳᠠᠪᠤᠷᠢ ᠶᠢ ᠨᠡᠮᠡᠭᠳᠡᠭᠦᠯᠬᠦ   ᠪᠠᠷ ᠪᠠᠶᠢᠨ᠎ᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号