ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ | ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠲᠡᠬᠦᠰᠦᠯ᠎ᠡ᠃ ᠬᠤᠰᠢᠭᠤ ᠨᠠᠮ ᠤᠨ ᠬᠤᠷᠢᠶᠠᠨ ᠤ ᠱᠦᠵᠢ | ᠵᠤᠤ ᠹᠸᠢ ᠫᠧᠩ ᠤᠨ ᠶᠡᠭᠡ ᠬᠤᠷᠠᠯ ᠳᠡᠭᠡᠷ᠎ᠡ ᠬᠢᠭᠰᠡᠨ 《ᠰᠢᠨ᠎ᠡ ᠪᠠᠶᠢᠳᠠᠯ ᠢ ᠨᠡᠭᠡᠭᠡᠵᠦ ᠰᠢᠨ᠎ᠡ ᠠᠶᠠᠨ ᠢ | ᠡᠬᠢᠯᠡᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠥᠬᠦᠷᠡᠰᠢ | ᠦᠭᠡᠢ ᠲᠡᠮᠡᠴᠡᠵᠡᠭᠡᠶ᠎ᠡ 》 ᠬᠡᠮᠡᠬᠦ ᠭᠤᠣᠯ ᠰᠡᠳᠦᠪᠲᠦ ᠮᠡᠳᠡᠭᠦᠯᠦᠯᠲᠡ ᠨᠢ ᠪᠦᠬᠦ ᠬᠤᠰᠢᠭᠤᠨ ᠤ ᠨᠠᠮ ᠤᠨ ᠭᠡᠰᠢᠭᠦᠨ | ᠺᠠᠳ᠋ᠷ ᠤᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠴᠤ᠂ ᠤᠯᠠᠨ ᠢᠶᠠᠷ ᠢᠶᠠᠨ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠳᠲᠡᠷ ᠲᠦᠷᠭᠡᠨ | ᠨᠢᠭᠡᠳᠬᠡᠵᠦ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠂ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠵᠤ᠂ ᠣᠳᠣᠬᠢᠴᠢᠯᠠᠭᠰᠠᠨ ᠲᠠᠶᠢᠹᠤᠰᠧ ᠬᠤᠰᠢᠭᠤ ᠶᠢ | ᠲᠦᠷᠭᠡᠳᠬᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠷᠬᠡᠶᠢᠯᠡᠵᠡᠭᠡᠨ᠎ᠡ᠃ | ᠵᠢᠶᠠᠨ ᠰᠢᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ ᠳ᠋ᠦᠩ ᠷᠦᠢ ᠵᠢᠶᠦ᠋ᠨ | ᠄ 《 ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ᠂ ᠪᠢᠳᠠ ᠵᠤᠤ ᠱᠦᠵᠢ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠠᠵᠢᠯ ᠤᠨ ᠳᠤᠮᠳᠠ ᠪᠠᠨ ᠠᠷᠠᠳ ᠲᠦᠮᠡᠨ ᠳᠤ ᠨᠡᠩ ᠰᠠᠶᠢᠨ ᠦᠢᠯᠡᠴᠢᠯᠡᠬᠦ ᠬᠡᠷᠡᠭᠲᠡᠢ᠃ ᠮᠢᠨᠦ ᠬᠤᠪᠢ ᠳᠤ᠂ | ᠠᠵᠢᠯ ᠤᠨ ᠪᠠᠶᠢᠷᠢ ᠳᠠᠭᠠᠨ ᠰᠠᠭᠤᠷᠢᠯᠠᠨ᠂ ᠤᠯᠠᠨ ᠲᠦᠮᠡᠨ ᠳᠤ ᠦᠢᠯᠡᠴᠢᠯᠡᠬᠦ ᠦᠯᠢᠭᠡᠷ ᠳᠠᠭᠤᠷᠢᠶᠠᠯ ᠪᠣᠯᠬᠤ ᠪᠠᠷ | ᠴᠢᠷᠮᠠᠶᠢᠵᠤ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠤᠷᠤᠯᠴᠠᠨ᠂ ᠨᠡᠶᠢᠭᠡᠮ | ᠲᠣᠭᠤᠷᠢᠭ ᠤᠨ ᠰᠠᠭᠤᠷᠢᠨ ᠭᠠᠵᠠᠷ ᠢ ᠬᠠᠮᠲᠤ ᠪᠠᠷ ᠰᠠᠶᠢᠲᠤᠷ ᠪᠠᠶᠢᠭᠤᠯᠵᠤ᠂ 《 ᠤᠯᠠᠨ ᠲᠦᠮᠡᠨ ᠳᠤ ᠪᠣᠳᠠᠲᠠᠢ | ᠶᠠᠪᠤᠳᠠᠯ ᠬᠢᠬᠦ》 ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠡᠬᠦᠯᠦᠨ᠂ ᠰᠠᠭᠤᠭᠠᠯᠢ ᠠᠷᠠᠳ ᠲᠤ ᠴᠢᠩ | ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ︾᠃ | ᠣᠶ ᠰᠢᠭᠤᠶ ᠪᠠ ᠨᠤᠲᠤᠭ ᠪᠡᠯᠴᠢᠭᠡᠷ ᠤᠨ ᠲᠤᠪᠴᠢᠶᠠᠨ ᠤ ᠠᠵᠢᠯᠳᠠᠨ ᠸᠠᠩ ᠬᠤᠩ ᠮᠸᠢ᠄ 《 ᠵᠤᠤ ᠱᠦᠵᠢ | ᠶᠢᠨ ᠢᠯᠡᠳᠬᠡᠯ ᠢ ᠰᠣᠨᠣᠰᠤᠭᠠᠳ ᠮᠢᠨᠦ ᠤᠶᠢᠯᠠᠭᠠᠯᠳᠠ ᠲᠥᠷᠥᠭᠳᠡᠯ ᠬᠦᠨ ᠪᠠᠶᠢᠭ᠎ᠠ᠃ ᠢᠯᠡᠳᠬᠡᠯ ᠳᠤ ᠰᠢᠨ᠎ᠡ | ᠴᠠᠭ ᠦᠶ᠎ᠡ ᠶᠢᠨ ᠲᠠᠶᠢᠹᠤᠰᠧ ᠬᠤᠰᠢᠭᠤᠨ ᠤ ᠠᠤᠭ᠎ᠠ ᠵᠢᠷᠤᠭ ᠲᠥᠯᠥᠪᠯᠡᠭᠡ᠂ ᠰᠢᠨ᠎ᠡ ᠠᠶᠠᠨ ᠵᠠᠮ᠂ ᠰᠢᠨ᠎ᠡ | ᠬᠠᠷᠠᠯᠲᠠ᠂ ᠰᠢᠨ᠎ᠡ ᠰᠡᠳᠬᠢᠴᠡ ᠶᠢ ᠵᠢᠷᠤᠭᠯᠠᠵᠤ᠂ ᠬᠥᠮᠦᠰ ᠤᠨ ᠰᠡᠳᠬᠢᠯ ᠢ ᠳᠣᠭᠳᠣᠯᠤᠭᠤᠯᠤᠨ᠎ᠠ᠂ ᠰᠢᠨ᠎ᠡ ᠨᠢᠭᠡ | ᠬᠤᠭᠤᠴᠠᠭᠠᠨ ᠤ ᠤᠳᠤᠷᠢᠳᠬᠤ ᠪᠠᠭ ᠤᠨ ᠳᠠᠭᠠᠭᠤᠯᠭ᠎ᠠ ᠳᠣᠣᠷ᠎ᠠ ᠲᠠᠶᠢᠹᠤᠰᠧ ᠬᠤᠰᠢᠭᠤᠨ ᠤ ᠬᠥᠭᠵᠢᠯᠲᠡ ᠨᠡᠩ | ᠴᠢᠨᠠᠷᠯᠢᠭ ᠮᠦᠷᠳᠡᠭᠡᠨ ᠲᠦᠷᠭᠡᠨ ᠪᠤᠯᠵᠤ᠂ ᠠᠷᠠᠳ ᠲᠦᠮᠡᠨ ᠤ ᠠᠮᠢᠳᠤᠷᠠᠯ ᠨᠡᠩ ᠵᠣᠯ ᠵᠢᠷᠭᠠᠯ ᠲᠠᠢ ᠠᠮᠤᠷ | ᠠᠮᠤᠭᠤᠯᠠᠩ ᠪᠣᠯᠬᠤ ᠶᠢ ᠢᠲᠡᠭᠡᠵᠦ ᠪᠠᠶᠢᠨ᠎ᠠ 》᠃ | ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠵᠠᠩ ᠰᠢᠤᠸᠠᠢ ᠸᠧᠨ ᠄ 《 ᠶᠡᠭᠡ ᠬᠤᠷᠠᠯ ᠤᠨ | ᠰᠣᠨᠢᠨ ᠮᠡᠳᠡᠭᠡᠯᠡᠯ ᠤᠨ ᠠᠵᠢᠯ ᠳᠤ ᠤᠷᠤᠯᠴᠠᠭᠠᠳ᠂ ᠨᠠᠮ ᠤᠨ ᠦᠢᠯᠡᠰ ᠤᠨ ᠲᠤᠬᠠᠢ ᠢᠲᠡᠭᠡᠯ ᠵᠣᠷᠢᠭ ᠢᠶᠠᠨ ᠤᠯᠠᠮ | ᠪᠠᠳᠤᠳᠬᠠᠯᠠ᠃ ᠬᠤᠷᠠᠯ ᠤᠨ ᠳᠠᠷᠠᠭ᠎ᠠ᠂ ᠵᠤᠤ ᠱᠦᠵᠢ ᠮᠠᠨ ᠤ ᠰᠣᠨᠢᠨ ᠮᠡᠳᠡᠭᠡᠨ ᠤ ᠠᠵᠢᠯᠲᠠᠳ ᠢ ᠡᠷᠬᠢᠨ | ᠦᠵᠡᠭᠰᠡᠨ ᠳᠤ ᠶᠡᠬᠡᠳᠡ ᠬᠦᠭᠰᠡᠨ ᠵᠣᠷᠢᠭᠵᠢᠪᠠ᠃ ᠰᠤᠷᠪᠤᠯᠵᠢᠯᠠᠭᠴᠢ ᠪᠣᠯᠤᠭᠰᠠᠨ ᠤ ᠬᠤᠪᠢ ᠳᠤ ᠪᠢ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠢᠷᠭᠠᠭᠤ ᠬᠢᠴᠢᠶᠡᠩᠭᠦᠢ ᠪᠠᠷ ᠠᠵᠢᠯᠯᠠᠨ᠂ ᠭᠤᠣᠯ ᠬᠦᠭ ᠠᠶᠠᠰ ᠢ | ᠴᠢᠪᠬᠠᠳᠠᠵᠤ᠂ ᠵᠦᠪ ᠡᠨᠧᠷᠬᠢ ᠶᠢ ᠲᠠᠮᠵᠢᠭᠤᠯᠤᠨ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠠᠮᠢᠳᠤᠷᠠᠯ ᠳᠤ ᠭᠦᠨᠵᠡᠭᠡᠶᠢᠷᠡᠵᠦ᠂ ᠶᠡᠭᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢ ᠲᠤᠬᠠᠶᠢᠯᠠᠭᠰᠠᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠲᠤᠷᠠᠶᠢᠮ᠎ᠠ ᠴᠡᠭ | ᠢ ᠠᠳᠬᠤᠨ᠂ ᠲᠠᠶᠢᠹᠤᠰᠧ ᠬᠤᠰᠢᠭᠤᠨ ᠤ ᠪᠠᠨ ᠦᠯᠢᠬᠡᠷ ᠢ ᠰᠠᠶᠢᠲᠤᠷ ᠶᠠᠷᠢᠵᠤ᠂ ᠲᠠᠶᠢᠹᠤᠰᠧ ᠬᠤᠰᠢᠭᠤᠨ ᠤ ᠪᠠᠨ | ᠲᠦᠷᠢ ᠲᠥᠷᠬᠦ ᠶᠢ ᠲᠠᠶᠠᠭᠠᠷ ᠲᠤ ᠲᠠᠨᠢᠭᠤᠯᠬᠤ ᠪᠠᠷ ᠴᠢᠷᠮᠠᠶᠢᠨ᠎ᠠ 》᠃ |