ᠯᠦᠸᠧ ᠲᠦᠸᠧ ᠱᠠᠨ ᠪᠠᠯᠭᠠᠰᠤ ᠪᠣᠯᠪᠠᠰᠤᠨ ᠬᠤᠳᠠ ᠶᠢᠨ ᠪᠠᠶᠢᠭᠤᠯᠤᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/9/7
  ᠪᠣᠯᠪᠠᠰᠤᠨ ᠬᠤᠲᠠ ᠶᠢ ᠡᠬᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠪᠥᠬᠦ ᠪᠠᠯᠭᠠᠰᠤᠨ ᠤ ᠠᠶᠤᠯᠭᠦᠶ ᠦᠶᠯᠡᠳᠪᠦᠷᠢᠯᠡᠯ ᠪᠠ ᠬᠢᠵᠢᠭ  ᠰᠡᠷᠭᠡᠶᠢᠯᠡᠬᠦ ᠠᠵᠢᠯ ᠤᠨ ᠡᠷᠴᠢᠮ ᠢ ᠴᠢᠩᠭᠠᠷᠠᠭᠤᠯᠤᠨ᠂ ᠪᠠᠯᠭᠠᠰᠤᠨ ᠤ  ᠦᠩᠭᠡ ᠲᠥᠷᠬᠦ ᠶᠢ ᠴᠡᠭᠴᠡᠯᠡᠨ ᠭᠤᠶᠤᠵᠢᠭᠤᠯᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ ᠯᠦᠸᠧ ᠲᠦᠸᠧ ᠱᠠᠨ  ᠪᠠᠯᠭᠠᠰᠤᠨ ᠤ ᠵᠠᠰᠠᠭ ᠤᠨ ᠤᠷᠳᠤᠨ ᠨᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂  ᠠᠮᠤᠷ ᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠰᠠᠯᠪᠤᠷᠢ ᠵᠢᠴᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠤᠯᠪᠤᠭᠠᠯᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ  ᠂  ᠬᠠᠷᠢᠶ᠎ᠠ ᠣᠷᠣᠨ ᠤ ᠪᠠᠨ ᠲᠣᠰᠣ ᠨᠡᠮᠡᠬᠦ ᠥᠷᠲᠡᠭᠡ  ᠂ ᠲᠠᠷᠢᠮᠠᠯ ᠤᠨ ᠬᠦᠷᠢᠶᠡᠯᠡᠩ᠂  ᠲᠦᠮᠦᠰᠦᠨ ᠤ ᠵᠣᠭᠤᠷᠢ᠂ ᠠᠮᠤ ᠪᠤᠳᠠᠭᠠᠨ ᠤ ᠬᠥᠮᠥᠷᠭᠡ᠂  ᠯᠤᠤᠪᠠᠩ ᠤᠬᠢᠶᠠᠬᠤ ᠦᠶᠯᠡᠳᠪᠦᠷᠢ ᠵᠢᠴᠢ ᠬᠤᠭᠤᠯᠠᠨ ᠭᠡᠷ ᠵᠡᠷᠭᠡ ᠳᠤ ᠬᠦᠨᠵᠡᠬᠡᠶᠢᠷᠡᠵᠦ᠂  ᠠᠶᠤᠯᠭᠦᠶ ᠦᠶᠯᠡᠳᠪᠦᠷᠢᠯᠡᠯ  ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂  ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠨᠠᠷᠢᠨ ᠪᠠᠶᠢᠴᠠᠭᠠᠯᠲᠠ ᠶᠠᠪᠤᠭᠤᠯᠵᠠᠢ᠃  ᠡᠬᠦᠨ  ᠳᠤ ᠭᠤᠤᠯᠳᠠᠭᠤ᠂ ᠠᠮᠤᠷ ᠲᠦᠪᠰᠢᠨ ᠤ ᠲᠥᠬᠦᠭᠡᠷᠦᠮᠵᠢ ᠶᠢᠨ ᠬᠡᠪ ᠤᠨ ᠶᠣᠰᠣᠭᠠᠷ ᠠᠵᠢᠯᠯᠠᠵᠤ  ᠪᠠᠶᠢᠬᠤ ᠡᠰᠡᠬᠦ  ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠬᠤ  ᠠᠷᠭ᠎ᠠ ᠲᠦᠰᠦᠪ ᠢ ᠲᠣᠭᠲᠠᠭᠠᠭᠰᠠᠨ ᠡᠰᠡᠬᠦ᠂ ᠭᠠᠯ ᠤᠨᠲᠠᠷᠠᠭᠠᠬᠤ  ᠪᠠᠭᠠᠵᠢ ᠲᠥᠬᠦᠭᠡᠷᠦᠮᠵᠢ ᠪᠦᠷᠢᠨ ᠪᠦᠳᠦᠨ ᠡᠰᠡᠬᠦ ᠂  ᠬᠠᠯᠠᠭᠤᠨ ᠢ ᠬᠡᠮᠵᠢᠵᠦ ᠠᠷᠢᠭᠤᠳᠬᠠᠯ ᠬᠢᠬᠦ ᠪᠠᠭᠠᠵᠢ  ᠭᠡᠷᠡᠭᠰᠡᠯ ᠢ ᠲᠣᠬᠢᠷᠠᠭᠤᠯᠤᠭᠰᠠᠨ ᠡᠰᠡᠬᠦ᠂ ᠢᠷᠡᠵᠦ ᠶᠠᠪᠤᠬᠤ ᠬᠥᠮᠦᠰ ᠢ ᠲᠡᠮᠳᠡᠭᠯᠡᠵᠦ ᠪᠦᠷᠢᠳᠭᠡᠭᠰᠡᠨ ᠡᠰᠡᠬᠦ᠂  ᠠᠵᠢᠯᠳᠠᠳ  ᠰᠡᠷᠭᠡᠶᠢᠯᠡᠯᠳᠡ ᠶᠢᠨ ᠲᠠᠷᠢᠯᠭ᠎ᠠ ᠶᠢ ᠲᠠᠷᠢᠭᠤᠯᠤᠭᠰᠠᠨ ᠡᠰᠡᠬᠦ   ᠶᠢ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠵᠤ᠂  ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠲᠠᠩᠰᠠᠯᠠᠨ᠂ ᠬᠠᠯᠠᠨ ᠰᠠᠶᠢᠵᠢᠷᠠᠭᠤᠯᠬᠤ ᠱᠠᠭᠠᠷᠳᠠᠯᠭ᠎ᠠ ᠲᠠᠯᠪᠢᠭᠰᠠᠨ   ᠪᠠᠶᠢᠨ᠎ᠠ᠃  ᠪᠠᠶᠢᠴᠠᠭᠠᠬᠤ ᠳᠤᠭᠤᠶᠢᠯᠠᠩ ᠪᠠᠰᠠ ᠡᠯ᠎ᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠨᠠᠷᠢᠨ ᠪᠠᠶᠢᠴᠠᠭᠠᠭᠰᠠᠨ ᠪᠦᠬᠡᠳ ᠬᠤᠭ ᠨᠣᠪᠰᠢ ᠶᠢ ᠴᠡᠪᠡᠷᠯᠡᠨ ᠵᠦᠬᠡᠬᠡᠪᠦᠷᠢᠯᠡᠬᠦ ᠪᠠᠨ ᠲᠦᠷᠢᠮᠵᠢᠬᠦᠯᠵᠦ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠶᠢ ᠳᠣᠪᠣᠶᠢᠯᠭᠠᠵᠤ᠂ 《 ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ 》 ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ᠪᠣᠯᠪᠠᠰᠤᠨ ᠬᠤᠲᠠ ᠶᠢ ᠡᠬᠦᠳᠦᠨ ᠪᠠᠶᠢᠭᠤᠯᠬᠤ ᠳᠤ ᠬᠠᠮᠲᠤ ᠶᠢᠨ ᠬᠦᠴᠦᠨ ᠢᠶᠠᠨ ᠡᠷᠭᠦᠬᠦ ᠬᠡᠷᠡᠭᠲᠡᠶ ᠭᠡᠵᠦ ᠱᠠᠭᠠᠷᠳᠠᠪᠠ᠃  
 
ᠢᠷᠡᠯᠲᠡ᠄ ᠯᠦᠸᠧ ᠲᠦᠸᠧ ᠱᠠᠨ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号