ᠶᠢᠰᠦᠨ ᠰᠠᠷ᠎ᠠ ᠪᠣᠯ ᠡᠯᠪᠡᠭ ᠬᠤᠷᠢᠶᠠᠯᠲᠠ ᠶᠢᠨ ᠤᠯᠠᠷᠢᠯ᠂ ᠮᠥᠨ ᠴᠦ ᠮᠠᠯᠵᠢᠬᠤ ᠤᠷᠤᠨ ᠤ ᠬᠠᠮᠤᠭ ᠤᠨ | ᠶᠠᠭᠠᠷᠠᠯᠲᠠᠶ ᠤᠯᠠᠷᠢᠯ ᠪᠣᠯᠤᠨ᠎ᠠ ᠃ ᠬᠦᠨᠪᠤᠯᠠᠭ ᠰᠤᠮᠤᠨ ᠤ ᠱᠢᠪᠠᠷᠳᠤ ᠭᠠᠴᠠᠭᠠᠨ ᠤ ᠨᠤᠭᠤᠭᠠᠨ ᠪᠤᠷᠳᠤᠭᠠᠨ ᠤ | ᠲᠠᠯᠠᠪᠠᠶ ᠳᠤ ᠬᠠᠳᠤᠵᠤ ᠵᠦᠬᠡᠬᠡᠪᠦᠷᠢᠯᠡᠬᠦ ᠮᠠᠰᠢᠨ ᠬᠦᠰᠭᠡ ᠰᠦᠯᠵᠢᠯᠳᠦᠵᠦ᠂ ᠴᠡᠯ ᠨᠤᠭᠤᠭᠠᠨ ᠡᠷᠳᠡᠨᠢ ᠰᠢᠰᠢ ᠶᠢ | ᠴᠢᠨᠡᠭᠡ ᠮᠡᠳᠡᠨ ᠲᠡᠭᠡᠭᠡᠭᠰᠡᠨ ᠲᠣᠮᠣ ᠠᠴᠢᠶᠠᠨ ᠤ ᠮᠠᠰᠢᠨ ᠨᠠᠰᠢ ᠴᠠᠰᠢ ᠰᠦᠯᠵᠢᠯᠳᠦᠵᠦ᠂ ᠡᠯᠪᠡᠭ ᠬᠤᠷᠢᠶᠠᠯᠲᠠ | ᠶᠢᠨ ᠦᠵᠡᠮᠵᠢ ᠪᠠᠶᠢᠳᠠᠯ ᠬᠠᠷᠠᠭ᠎ᠠ ᠪᠠᠶᠠᠰᠬᠠᠨ᠎ᠠ᠃ | ᠱᠢᠪᠠᠷᠳᠤ ᠭᠠᠴᠠᠭᠠᠨ ᠤ ᠨᠤᠳᠤᠭ ᠪᠡᠯᠴᠢᠭᠡᠷ ᠨᠢ 69000 ᠮᠥ᠂ ᠡᠭᠦᠨ ᠳᠤ ᠬᠠᠳᠤᠯᠠᠩ ᠤᠨ ᠲᠠᠯᠠᠪᠠᠶ ᠨᠢ | ᠵᠥᠪᠬᠡᠨ 25000 ᠮᠥ ᠪᠠᠶᠢᠵᠤ᠂ ᠡᠷᠦᠬᠡ ᠪᠦᠷᠢ ᠶᠢᠨ ᠬᠠᠳᠤᠯᠠᠩ ᠤᠨ ᠲᠠᠯᠠᠪᠠᠶ ᠨᠢ 400 ᠮᠥ ᠳᠤ ᠬᠦᠷᠬᠦ | ᠦᠬᠡᠢ ᠪᠤᠯᠬᠤᠷ ᠂ ᠡᠪᠡᠰᠦ ᠪᠤᠷᠳᠤᠭᠠᠨ ᠤ ᠬᠠᠩᠭᠠᠯᠭ᠎ᠠ ᠶᠡᠷᠦ ᠨᠢ ᠬᠡᠷᠡᠭᠴᠡᠭᠡ ᠳᠡᠭᠡᠨ ᠬᠥᠷᠬᠦ ᠥᠬᠡᠶ ᠪᠠᠶᠢᠳᠠᠭ᠃ | ᠢᠯᠠᠩᠭᠤᠶ᠎ᠠ ᠬᠠᠪᠤᠷ ᠤᠨ ᠭᠠᠴᠢᠭ ᠢᠶᠠᠷ ᠮᠠᠯᠴᠢᠳ ᠪᠦᠷ ᠭᠠᠳᠠᠨ᠎ᠠ ᠠᠴᠠ ᠡᠪᠡᠰᠦ ᠪᠣᠷᠳᠤᠭ᠎ᠠ ᠬᠤᠳᠠᠯᠳᠤᠨ ᠠᠪᠴᠤ | ᠬᠤᠨᠢ ᠮᠠᠯ ᠢᠶᠠᠨ ᠲᠡᠵᠢᠬᠡᠬᠦ ᠪᠤᠯᠬᠤᠷ ᠂ ᠡᠪᠡᠰᠦ ᠪᠤᠷᠳᠤᠭᠠᠨ ᠤ ᠠᠰᠠᠭᠤᠳᠠᠯ ᠨᠢ ᠮᠠᠯ ᠠᠵᠤ ᠠᠬᠤᠶ ᠶᠢᠨ | ᠬᠥᠭᠵᠢᠯᠲᠡ ᠶᠢ ᠬᠠᠷᠰᠢᠯᠠᠬᠤ ᠪᠣᠭᠤᠮᠢ ᠶᠢᠨ ᠠᠰᠠᠭᠤᠳᠠᠯ ᠪᠣᠯᠤᠭᠰᠠᠨ ᠪᠠᠶᠢᠯ᠎ᠠ ᠃ | 2020 ᠣᠨ ᠳᠤ᠂ ᠭᠠᠳᠠᠭᠰᠢ ᠲᠦᠷᠢᠶᠡᠰᠦᠯᠡᠬᠦᠯᠵᠦ ᠪᠠᠶᠢᠭᠰᠠᠨ 1400 ᠮᠥ ᠥᠨᠳᠥᠷ ᠤᠨᠠᠯᠳᠠᠳᠤ | ᠪᠣᠷᠳᠣᠭᠠᠨ ᠲᠠᠷᠢᠶᠠᠨ ᠤ ᠲᠦᠷᠢᠶᠡᠰᠦᠯᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠭᠠᠴᠠᠭᠠᠨ ᠤ ᠨᠠᠮ ᠤᠨ | ᠡᠭᠦᠷ ᠨᠢ ᠮᠠᠯᠴᠢᠳ ᠤᠨ ᠶᠡᠭᠡ ᠬᠤᠷᠠᠯ ᠢᠶᠠᠷ ᠶᠠᠷᠢᠯᠴᠠᠨ ᠵᠦᠪᠳᠡᠭᠡᠳ᠂ ᠡᠨᠡ ᠭᠡᠰᠡᠭ ᠭᠠᠵᠠᠷ ᠲᠠᠭᠠᠨ | ᠨᠤᠭᠤᠭᠠᠨ ᠳᠠᠷᠤᠰᠢ ᠶᠢᠨ ᠡᠷᠳᠡᠨᠢ ᠰᠢᠰᠢ ᠳᠠᠷᠢᠵᠤ᠂ ᠮᠠᠯᠴᠢᠨ ᠡᠷᠦᠬᠡ ᠳᠡᠭᠡᠨ ᠬᠤᠪᠢᠶᠠᠬᠤ ᠪᠠᠷ ᠲᠤᠭᠳᠠᠵᠠᠢ᠃ ᠡᠨᠡ | ᠬᠦ ᠠᠷᠭ᠎ᠠ ᠨᠢ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠪᠦᠳᠦᠮᠵᠢᠳᠡᠢ ᠰᠢᠶᠳᠪᠦᠷᠢᠯᠡᠭᠰᠡᠨ | ᠮᠥᠷᠲᠡᠭᠡᠨ ᠪᠠᠰᠠ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠤᠵᠠᠭᠠᠶᠢᠷᠠᠭᠤᠯᠤᠭᠰᠠᠨ ᠪᠠᠶᠢᠨ᠎ᠠ ᠃ | | ᠱᠢᠪᠠᠷᠳᠤ ᠭᠠᠴᠠᠭᠠᠨ ᠤ ᠨᠠᠮ ᠤᠨ ᠡᠭᠦᠷ ᠤᠨ ᠱᠦᠵᠢ ᠪᠦᠷᠬᠦᠳ ᠄ ︽ᠡᠨᠡ ᠵᠢᠯ ᠡᠷᠳᠡᠨᠢ ᠰᠢᠰᠢ ᠶᠢᠨ | ᠤᠷᠭᠤᠴᠠ ᠮᠠᠰᠢ ᠰᠠᠶᠢᠨ᠂ ᠮᠥ ᠪᠦᠷᠢ ᠶᠢᠨ ᠤᠨᠠᠯᠲᠠ ᠪᠠᠷᠤᠭ 4 . 5 ᠲᠣᠨ ᠲᠠᠪᠠᠵᠠᠢ᠂ ᠮᠠᠨ ᠤᠨ ᠭᠠᠴᠠᠭ᠎ᠠ ᠨᠢ | ᠬᠥᠮᠦᠨ ᠪᠦᠷᠢ ᠳᠤ 35000 ᠵᠢᠩ ᠨᠤᠭᠳᠠᠭᠤᠯᠬᠤ ᠪᠠᠷᠢᠮᠵᠢᠶ᠎ᠠ ᠪᠠᠷ 140 ᠨᠡᠷ᠎ᠡ ᠮᠠᠯᠴᠢᠳ ᠲᠤ 3500 | ᠲᠥᠭᠦᠷᠢᠭ ᠤᠨ ᠦᠷᠳᠡᠭ ᠪᠦᠬᠦᠢ ᠨᠤᠭᠤᠭᠠᠨ ᠳᠠᠷᠤᠰᠢ ᠶᠢᠨ ᠡᠷᠳᠡᠨᠢ ᠰᠢᠰᠢ ᠶᠢ ᠦᠨ᠎ᠡ ᠲᠥᠯᠥᠪᠦᠷᠢ ᠥᠬᠡᠶ | ᠬᠤᠪᠢᠶᠠᠪᠠ᠃ ᠦᠯᠡᠳᠡᠭᠰᠡᠨ 700 ᠲᠦᠮᠡᠨ ᠵᠢᠩ ᠡᠷᠳᠡᠨᠢ ᠰᠢᠰᠢ ᠶᠢ ᠪᠢᠳᠡ ᠵᠠᠬ᠎ᠠ ᠳᠡᠯᠭᠡᠭᠦᠷ ᠤᠨ ᠬᠠᠮᠤᠭ ᠤᠨ | ᠲᠤᠤᠷ᠎ᠠ ᠦᠨ᠎ᠡ ᠪᠠᠷ ᠲᠤᠰ ᠭᠠᠴᠠᠭ᠎ᠠ ᠪᠠ ᠪᠤᠰᠤᠳ ᠭᠠᠴᠠᠭᠠᠨ ᠤ ᠮᠠᠯᠴᠢᠳ ᠲᠤ ᠬᠤᠳᠠᠯᠳᠤᠨ ᠥᠭᠬᠦ ᠪᠠᠷ ᠪᠣᠶ᠃ | ᠡᠨᠡ ᠨᠢ ᠮᠠᠯᠴᠢᠳ ᠤᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠨᠥᠭᠡᠴᠡᠯᠡᠬᠦ ᠵᠠᠷᠤᠯᠭ᠎ᠠ ᠶᠢ ᠪᠠᠭᠠᠰᠬᠠᠬᠤ | ᠮᠥᠷᠲᠡᠭᠡᠨ ᠢᠷᠡᠬᠦ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠬᠦᠬᠡᠬᠦ ᠳᠤ ᠪᠠᠲᠤᠯᠠᠭ᠎ᠠ ᠲᠠᠢ ᠪᠤᠯᠤᠨ᠎ᠠ᠃ | ᠡᠭᠦᠨ ᠤ ᠬᠠᠮᠲᠤ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠤᠷᠤᠯᠭ᠎ᠠ ᠴᠤ 50 ᠲᠦᠮᠡ ᠰᠢᠬᠠᠮ | ᠲᠥᠭᠦᠷᠢᠭ ᠨᠡᠮᠡᠭᠳᠡᠨ᠎ᠡ ︾᠃ | ᠱᠢᠪᠠᠷᠳᠤ ᠭᠠᠴᠠᠭᠠᠨ ᠤ ᠮᠠᠯᠴᠢᠨ ᠸᠠᠩ ᠽᠧᠩ ᠶᠠᠨ᠄ ︽ ᠬᠠᠳᠤᠯᠠᠩ ᠠᠴᠠ ᠤᠷᠤᠭᠤᠯᠤᠭᠰᠠᠨ ᠬᠠᠭᠤᠷᠠᠢ | ᠡᠪᠡᠰᠦᠨ ᠳᠡᠭᠡᠷ᠎ᠡ ᠪᠠᠨ ᠭᠠᠴᠠᠭᠠᠨ ᠠᠴᠠ ᠬᠤᠪᠢᠶᠠᠭᠰᠠᠨ ᠡᠷᠳᠡᠨᠢ ᠰᠢᠰᠢ ᠶᠢ ᠨᠡᠮᠡᠪᠡᠯ᠂ ᠮᠠᠨ ᠤ 100 ᠭᠠᠷᠤᠢ | ᠬᠤᠨᠢ᠂ 20 ᠭᠠᠷᠤᠢ ᠦᠬᠡᠷ ᠢᠶᠠᠨ ᠡᠪᠦᠯᠵᠢᠬᠦᠯᠬᠦ ᠳᠤ ᠭᠠᠶᠢᠭᠤᠢ ᠬᠦᠷᠴᠢᠬᠡᠨ᠎ᠡ᠂ ᠡᠨᠡ ᠵᠢᠯ ᠮᠠᠨ ᠤ ᠬᠢᠨ 5 | ᠲᠡᠷᠭᠡ ᠡᠷᠳᠡᠨᠢ ᠰᠢᠰᠢ ᠬᠤᠪᠢᠶᠠᠵᠤ ᠤᠯᠵᠠᠢ᠂ ᠡᠪᠡᠰᠦ ᠪᠣᠷᠳᠤᠭ᠎ᠠ ᠳᠤᠲᠠᠭᠳᠠᠬᠤ ᠳᠤ ᠰᠠᠨᠠᠭ᠎ᠠ ᠵᠣᠪᠠᠭ᠋ᠤ ᠦᠬᠡᠢ᠂ ᠮᠠᠯ | ᠣᠨᠤᠭ᠎ᠠ ᠡᠪᠦᠯᠵᠢᠬᠦ ᠳᠤ ᠪᠠᠲᠤᠯᠠᠭ᠎ᠠ ᠲᠠᠢ ᠪᠤᠯᠤᠯ᠎ᠠ᠂ ᠮᠠᠨ ᠤ ᠠᠵᠤ ᠠᠬᠤᠶ ᠶᠢᠨ ᠳᠠᠷᠤᠭᠠᠰᠤ ᠴᠤ ᠴᠤ ᠪᠠᠭ᠎ᠠ | ᠪᠤᠰᠤ ᠬᠦᠩᠭᠡᠷᠡᠯᠡ︾ ᠃ | ᠣᠶᠢᠷ᠎ᠠ ᠶᠢᠨ ᠵᠢᠯ ᠳᠤ᠂ ᠭᠦᠨᠪᠤᠯᠠᠭ ᠰᠤᠮᠤ ᠨᠢ ᠨᠤᠲᠤᠭ ᠪᠡᠯᠴᠢᠭᠡᠷ ᠤᠨ ᠲᠠᠯᠠᠪᠠᠶ ᠪᠠᠭ᠎ᠠ ᠪᠣᠳᠠᠲᠤ ᠪᠠᠶᠢᠳᠠᠯ | ᠲᠠᠢ ᠪᠠᠨ ᠤᠶᠠᠯᠳᠤᠭᠤᠯᠤᠨ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠳᠠᠷᠢᠵᠤ | ᠮᠠᠯᠵᠢᠬᠤ ᠦᠷ᠎ᠡ ᠠᠰᠢᠭ ᠢ ᠨᠡᠮᠡᠭᠳᠡᠬᠦᠯᠦᠨ᠂ 《 ᠳᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ᠂ ᠬᠡᠷᠡᠭᠯᠡᠬᠦ | 》 ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠲᠤᠷ ᠠᠳᠬᠤᠵᠤ᠂ 《 ᠳᠠᠷᠢᠬᠤ ᠪᠠᠷ ᠮᠠᠯᠵᠢᠬᠤ ᠶᠢ ᠠᠬᠢᠭᠤᠯᠬᠤ | 》 ᠰᠡᠳᠬᠢᠴᠡ ᠶᠢ ᠪᠠᠷᠢᠮᠲᠠᠯᠠᠨ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠮᠡᠳᠦ ᠡᠪᠡᠰᠦ ᠪᠤᠷᠳᠤᠭᠠᠨ ᠤ ᠠᠵᠤ | ᠦᠶᠯᠡᠰ ᠢ ᠬᠦᠭᠵᠢᠬᠦᠯᠦᠬᠡᠳ᠂ ᠰᠢᠨ᠎ᠡ ᠬᠡᠯᠪᠡᠷᠢ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠮ ᠢ | ᠨᠡᠬᠡᠬᠡᠵᠦ᠂ ᠮᠠᠯᠴᠢᠨ ᠲᠦᠮᠡᠨ ᠤ ᠪᠠᠨ ᠠᠰᠢᠭ ᠤᠷᠤᠯᠭ᠎ᠠ ᠶᠢ ᠨᠡᠮᠡᠭᠳᠡᠬᠦᠯᠦᠨ᠂ ᠬᠠᠮᠳᠤ ᠶᠢᠨ ᠠᠵᠤ ᠠᠬᠤᠢ ᠪᠠᠨ | ᠬᠦᠭᠵᠢᠬᠦᠯᠦᠨ ᠪᠤᠵᠠᠭᠠᠶᠢᠷᠠᠭᠤᠯᠵᠤ ᠪᠠᠶᠢᠨᠠᠮ᠃ |