ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ | ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ | ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ | ᠦᠶᠡᠯᠡᠯ ᠠᠯᠤᠰᠯᠠᠨ ᠲᠣᠬᠢᠷᠠᠭᠤᠯᠬᠤ ᠶᠢ ᠰᠠᠶᠢᠲᠤᠷ ᠬᠢᠬᠦ ᠵᠡᠷᠭᠡ ᠶᠢ ᠪᠠᠶᠢᠷᠢᠯᠠᠭᠤᠯᠪᠠ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠳᠡᠮᠵᠢᠯᠭᠡ ᠶᠢ ᠴᠢᠩᠭᠠᠳᠬᠠᠵᠤ ᠨᠠᠩ ᠣᠯᠠᠨ ᠬᠡᠷ | ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠰᠠᠨᠠᠭ᠎ᠠ ᠠᠮᠤᠷ ᠰᠤᠷᠤᠯᠴᠠᠭᠤᠯᠬᠤ ᠪᠠᠷ ᠲᠣᠭᠲᠠᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ1 ᠤ ᠡᠳᠦᠷ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ ᠳᠡᠯᠭᠡᠭᠦᠷ ᠤᠨ ᠭᠤᠣᠯ | ᠴᠣᠭᠴᠠ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ | ᠲᠡᠳᠬᠦᠬᠦ ᠡᠷᠴᠢᠮ ᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠦᠶᠡᠯᠡᠯ ᠠᠯᠤᠰᠯᠠᠨ | ᠲᠣᠬᠢᠷᠠᠭᠤᠯᠬᠤ ᠶᠢ ᠰᠠᠶᠢᠲᠤᠷ ᠬᠢᠬᠦ ᠶᠢ ᠪᠠᠶᠢᠷᠢᠯᠠᠭᠤᠯᠪᠠ︔ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ | ᠳᠡᠮᠵᠢᠯᠭᠡ ᠶᠢ ᠴᠢᠩᠭᠠᠳᠬᠠᠵᠤ ᠨᠠᠩ ᠣᠯᠠᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠰᠠᠨᠠᠭ᠎ᠠ | ᠠᠮᠤᠷ ᠰᠤᠷᠤᠯᠴᠠᠭᠤᠯᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ | ᠪᠠᠲᠤᠯᠠᠪᠠ᠃ | ᠬᠤᠷᠠᠯ ᠳᠤ ᠨᠡᠮᠡᠭᠳᠡᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠪᠠᠲᠤᠯᠠᠬᠤ ᠶᠢᠨ ᠭᠤᠣᠯᠳᠠᠯᠭ᠎ᠠ ᠨᠢ ᠵᠠᠬ᠎ᠠ | ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠬᠡᠮᠵᠢᠶ᠎ᠡ ᠶᠡᠭᠡ ᠬᠡᠪᠴᠢᠶ᠎ᠡ ᠥᠷᠭᠡᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠪᠠᠭᠤᠷᠠᠬᠤ | ᠦᠭᠡᠢ ᠠᠴᠠ ᠪᠤᠯᠵᠤ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠦᠷᠳᠡᠭ ᠳᠡᠭᠡᠭᠰᠢᠯᠡᠬᠦ᠂ ᠬᠤᠷᠢᠶᠠᠬᠤ ᠶᠣᠰᠣᠲᠠᠶ | ᠲᠠᠩᠰᠠᠨ ᠤ ᠵᠣᠭᠤᠰ ᠨᠡᠮᠡᠭᠳᠡᠬᠦ᠂ ᠬᠢᠵᠢᠭ ᠭᠠᠮᠰᠢᠭ ᠨᠥᠯᠥᠭᠡᠯᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠨᠢᠭᠡᠨᠲᠡ | ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠤ᠂ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠣᠷᠣᠨ ᠳᠤ ᠪᠠᠶᠢᠯᠭᠠᠬᠤ ᠶᠢ | ᠪᠠᠲᠤᠯᠠᠨ᠎ᠠ᠃ ᠨᠢᠭᠡ ᠳᠤ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠡᠨᠡ ᠵᠢᠯ | ᠲᠠᠬᠢᠭᠠᠳ 3000 ᠳ᠋ᠦᠩᠰᠢᠭᠤᠷ ᠲᠥᠭᠦᠷᠢᠭ ᠤᠨ ᠵᠢᠵᠢᠭ ᠠᠵᠤ ᠠᠬᠤᠶᠢᠯᠠᠯ ᠢ ᠳᠡᠮᠵᠢᠬᠦ ᠲᠠᠬᠢᠨ ᠵᠢᠭᠡᠯᠡᠯᠭᠡ ᠶᠢᠨ ᠲᠤᠭ᠎ᠠ ᠶᠢ | ᠨᠡᠮᠡᠭᠳᠡᠭᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠤᠭᠡ ᠳᠤ ᠵᠢᠭᠡᠯᠡᠯᠭᠡ ᠲᠠᠯᠪᠢᠬᠤ ᠶᠢ ᠲᠡᠮᠵᠢᠨ᠎ᠠ᠃ ᠬᠢᠵᠢᠭ ᠤᠨ ᠪᠠᠶᠢᠳᠠᠯ ᠳᠤ ᠬᠦᠨᠳᠦ | ᠨᠥᠯᠥᠭᠡᠯᠡᠭᠳᠡᠭᠰᠡᠨ ᠠᠵᠢᠯ ᠲᠦᠷᠦᠯ ᠤᠨ ᠠᠵᠤ ᠠᠬᠤᠶᠢᠯᠠᠯ ᠳᠤ ᠥᠭᠬᠦ ᠵᠢᠭᠡᠯᠡᠯᠭᠡ ᠶᠢᠨ ᠳᠠᠮ ᠬᠦᠦ ᠵᠢᠴᠢ ᠱᠠᠩᠨᠠᠵᠤ | ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠪᠠᠩᠬᠢ ᠶᠢᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ | ᠢᠲᠡᠭᠡᠮᠵᠢᠲᠦ ᠵᠢᠭᠡᠯᠡᠯᠭᠡ ᠶᠢ ᠨᠡᠩ ᠤᠯᠠᠨ ᠲᠠᠯᠪᠢᠬᠤ ᠶᠢ ᠠᠬᠢᠭᠤᠯᠤᠨ᠎ᠠ᠃ ᠤᠯᠤᠰ ᠤᠨ ᠪᠠᠯᠠ ᠲᠣᠬᠢᠷᠠᠭᠤᠯᠭ᠎ᠠ ᠶᠢᠨ | ᠳᠠᠭᠠᠭᠠᠯᠲᠠ ᠶᠢᠨ ᠰᠠᠭᠤᠷᠢ ᠮᠥᠩᠭᠦ ᠶᠢᠨ ᠲᠦᠭᠰᠢᠭᠦᠷᠢ ᠶᠢ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠳᠠᠭᠠᠭᠠᠯᠲᠠ ᠶᠢᠨ | ᠪᠠᠶᠢᠭᠤᠯᠤᠮᠵᠢ ᠶᠢᠨ ᠪᠠᠷᠢᠴᠠᠭᠠᠨ ᠤ ᠡᠳ᠋ ᠪᠠ ᠢᠲᠡᠭᠡᠮᠵᠢ ᠶᠢᠨ ᠲᠡᠮᠳᠡᠭᠯᠡᠯ ᠢᠶᠠᠷ ᠳᠤᠲᠠᠮᠠᠭ ᠵᠢᠵᠢᠭ ᠪᠢᠴᠢᠯ ᠠᠵᠤ | ᠠᠬᠤᠶᠢᠯᠠᠯ ᠳᠤ ᠳᠠᠭᠠᠭᠠᠯᠲᠠ ᠬᠠᠩᠭᠠᠬᠤ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠠᠷᠢᠮᠲᠠ ᠪᠠᠷ ᠪᠡᠯᠡᠨ | ᠵᠣᠭᠤᠰ ᠰᠣᠯᠢᠬᠤ ᠪᠠ ᠪᠠᠷᠢᠮᠵᠢᠶᠠᠵᠢᠭᠤᠯᠤᠭᠰᠠᠨ ᠪᠠᠷᠢᠮᠲᠠ ᠪᠠᠷ ᠪᠠᠯᠠ ᠲᠣᠬᠢᠷᠠᠭᠤᠯᠭ᠎ᠠ ᠥᠷᠨᠢᠭᠦᠯᠬᠦ ᠶᠢ ᠬᠥᠲᠥᠯᠥᠨ | ᠵᠢᠯᠣᠭᠤᠳᠴᠤ᠂ ᠠᠷᠠᠳ ᠤᠨ ᠪᠠᠩᠬᠢ ᠳᠠᠬᠢᠨ ᠪᠡᠯᠡᠨ ᠵᠣᠭᠤᠰ ᠰᠣᠯᠢᠬᠤ ᠳᠡᠮᠵᠢᠯᠭᠡ ᠬᠠᠩᠭᠠᠵᠤ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠵᠣᠭᠤᠰ ᠡᠵᠡᠯᠡᠬᠦ ᠳᠠᠷᠤᠯᠲᠠ ᠶᠢ ᠬᠥᠩᠭᠡᠷᠡᠭᠦᠯᠦᠨ᠎ᠡ᠃ ᠬᠤᠶᠠᠷ ᠲᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠵᠤ᠂ | ᠥᠮᠴᠢᠯᠡᠬᠦ ᠡᠷᠬᠡ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠨ᠂ ᠡᠷᠬᠡ ᠲᠡᠭᠰᠢ ᠪᠠᠷ | ᠥᠷᠢᠰᠥᠯᠳᠦᠬᠦ ᠶᠢ ᠬᠠᠮᠠᠭᠠᠯᠠᠵᠤ᠂ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠎ᠡ᠃ ᠦᠢᠯᠡᠰ ᠴᠣᠭᠴᠠᠯᠠᠵᠤ ᠰᠢᠨ᠎ᠡ ᠶᠢ | ᠡᠭᠦᠳᠬᠦ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ | ᠲᠡᠰᠬᠡᠨ ᠲᠠᠲᠠᠪᠤᠷᠢᠯᠠᠬᠤ ᠶᠢ ᠴᠢᠩᠭ᠎ᠠ ᠴᠠᠭᠠᠵᠠᠯᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠥᠷᠢᠲᠦᠵᠦ ᠪᠠᠶᠢᠭ᠎ᠠ | ᠳᠠᠩᠰᠠᠨ ᠵᠣᠭᠤᠰ ᠢ ᠢᠯᠭᠠᠷᠠᠭᠤᠯᠤᠨ ᠲᠢᠭᠯᠡᠬᠦ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠣᠷᠣᠨ | ᠨᠤᠲᠤᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠭᠯᠡᠯᠲᠦ ᠴᠢᠨᠠᠷᠲᠠᠢ ᠪᠠᠷ ᠨᠡᠶᠢᠲᠡᠯᠡᠬᠦ ᠶᠢ ᠵᠣᠷᠢᠭᠵᠢᠭᠤᠯᠵᠤ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠥᠪᠡᠷ ᠤᠨ ᠦᠷᠳᠡᠭ ᠨᠡᠮᠡᠭᠳᠡᠬᠦ ᠳᠠᠷᠤᠯᠲᠠ ᠶᠢ ᠬᠥᠩᠭᠡᠷᠡᠭᠦᠯᠦᠨ᠎ᠡ᠃ | ᠭᠤᠷᠪᠠ ᠳᠤ᠂ ᠦᠶᠡᠯᠡᠯ ᠠᠯᠤᠰᠯᠠᠨ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠲᠤᠰᠬᠠᠶ ᠥᠭᠴᠡᠭᠡᠨ ᠤ ᠦᠢᠯᠡᠳᠦᠯ ᠢ ᠪᠠᠳᠠᠷᠠᠭᠤᠯᠤᠨ ᠪᠦᠲᠦᠮᠵᠢᠲᠡᠶ ᠪᠡᠯᠡ ᠣᠷᠤᠭᠤᠯᠤᠯᠲᠠ ᠶᠢ | ᠥᠷᠭᠡᠳᠬᠡᠨ᠎ᠡ᠃ ᠤᠯᠠᠨ ᠤᠯᠤᠰ ᠤᠨ ᠣᠷᠴᠢᠨ ᠠᠬᠤᠶ ᠶᠢᠨ ᠬᠤᠪᠢᠷᠠᠯᠲᠠ ᠪᠠ ᠪᠣᠳᠠᠲᠤ ᠴᠣᠭᠴᠠᠲᠤ ᠠᠵᠤ ᠠᠬᠤᠶ ᠶᠢ | ᠬᠥᠭᠵᠢᠭᠦᠯᠬᠦ ᠬᠡᠷᠡᠭᠴᠡᠭᠡ ᠶᠢ ᠦᠨᠳᠦᠰᠦᠯᠡᠨ᠂ ᠲᠦᠷᠦ ᠶᠢᠨ ᠪᠤᠳᠤᠯᠭ᠎ᠠ ᠶᠢᠨ ᠨᠥᠭᠡᠴᠡᠯᠡᠯ ᠢ ᠴᠢᠩᠭᠠᠳᠬᠠᠵᠤ᠂ ᠠᠵᠤ | ᠠᠬᠤᠶᠢᠯᠠᠯ ᠳᠤ ᠠᠰᠢᠭ ᠬᠦᠷᠲᠡᠭᠡᠬᠦ ᠬᠡᠰᠡᠭ ᠲᠦᠷᠦ ᠶᠢᠨ ᠪᠤᠳᠤᠯᠭ᠎ᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭᠠᠬᠢ | ᠵᠠᠯᠭᠠᠮᠵᠢ ᠲᠦᠷᠦ ᠶᠢᠨ ᠪᠤᠳᠤᠯᠭ᠎ᠠ ᠶᠢ ᠰᠤᠳᠤᠯᠬᠤ ᠪᠠ ᠴᠠᠭ ᠲᠤᠬᠠᠢ ᠳᠤ ᠨᠢ ᠨᠡᠶᠢᠲᠡᠯᠡᠵᠦ᠂ ᠬᠦᠴᠢᠷᠳᠡᠯ ᠪᠠ | ᠥᠷᠢᠰᠥᠯᠳᠦᠭᠡᠨ ᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠠᠬᠤᠶ ᠶᠢᠨ ᠲᠣᠭᠲᠠᠭᠤᠨ ᠪᠥᠭᠡᠳ | ᠡᠷᠡᠭᠦᠯ ᠢᠶᠠᠷ ᠬᠥᠭᠵᠢᠬᠦ ᠪᠠ ᠠᠵᠢᠯ ᠣᠯᠣᠯᠲᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ ᠭᠡᠵᠦ ᠵᠢᠭᠠᠵᠤ ᠭᠠᠷᠭᠠᠪᠠ᠃ | ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠬᠤᠶᠢᠰᠢᠳᠠ ᠶᠢᠨ ᠵᠣᠪᠠᠨᠢᠯ ᠢ ᠨᠡᠩ ᠰᠠᠶᠢᠲᠤᠷ | ᠨᠠᠮᠳᠠᠭᠤᠯᠵᠤ᠂ ᠲᠡᠳᠡᠨ ᠢ ᠬᠠᠪᠰᠤᠷᠴᠤ ᠰᠠᠨᠠᠭ᠎ᠠ ᠠᠮᠤᠷ ᠰᠤᠷᠤᠯᠴᠠᠭᠤᠯᠵᠤ᠂ ᠰᠤᠷᠤᠯᠭ᠎ᠠ ᠳᠤ ᠪᠠᠨ ᠠᠮᠵᠢᠯᠲᠠ ᠣᠯᠵᠤ᠂ | ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠥᠭᠡ᠂ ᠬᠤᠷᠠᠯ ᠳᠤ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠲᠦᠷᠦ ᠶᠢᠨ ᠪᠤᠳᠤᠯᠭ᠎ᠠ ᠶᠢ ᠤᠯᠠᠮ ᠲᠡᠭᠦᠯᠳᠡᠷᠵᠢᠭᠦᠯᠬᠦ ᠪᠠᠷ ᠲᠣᠭᠲᠠᠭᠠᠪᠠ᠃ | ᠨᠢᠭᠡ ᠳᠤ᠂ ᠡᠨᠡ ᠵᠢᠯ ᠤᠨ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠵᠢᠭᠡᠯᠡᠯᠭᠡ ᠶᠢᠨ ᠲᠤᠭ᠎ᠠ ᠶᠢ | ᠳᠡᠭᠡᠭᠰᠢᠯᠡᠭᠦᠯᠵᠦ᠂ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠶᠢᠨ ᠵᠢᠯ ᠪᠦᠷᠢ ᠶᠢᠨ | ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ 8000 ᠲᠥᠭᠦᠷᠢᠭ ᠪᠠᠶᠢᠭᠰᠠᠨ ᠠᠴᠠ 12000 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠰᠤᠳᠤᠯᠬᠤ ᠰᠣᠷᠣᠭᠴᠢ ᠶᠢᠨ ᠬᠢ ᠶᠢ 12000 ᠲᠥᠭᠦᠷᠢᠭ ᠪᠠᠶᠢᠭᠰᠠᠨ ᠠᠴᠠ 16000 ᠲᠥᠭᠦᠷᠢᠭ | ᠪᠣᠯᠭᠠᠨ ᠳᠡᠭᠡᠭᠰᠢᠯᠡᠭᠦᠯᠵᠦ᠂ ᠡᠳ᠋ ᠤᠨ ᠵᠠᠰᠠᠭ ᠰᠣᠷᠣᠭᠴᠢ ᠶᠢᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠬᠢ | ᠵᠢᠭᠡᠯᠡᠯᠭᠡ ᠶᠢᠨ ᠬᠦᠤ ᠮᠥᠩᠭᠦ ᠳᠤ ᠪᠥᠬᠦ ᠲᠣᠭᠠᠨ ᠤ ᠨᠥᠬᠦᠪᠥᠷᠢ ᠥᠭᠬᠦ ᠶᠢ ᠬᠡᠷᠡᠭᠵᠢᠭᠦᠯᠦᠨ᠎ᠡ᠃ ᠬᠤᠶᠠᠷ ᠲᠤ᠂ ᠡᠳ᠋ ᠤᠨ | ᠵᠠᠰᠠᠭ ᠦᠷᠭᠦᠯᠵᠢᠯᠡᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠳᠠᠭᠠᠭᠠᠨ ᠭᠦᠢᠴᠡᠳᠬᠡᠵᠦ ᠪᠠᠶᠢᠭ᠎ᠠ ᠪᠠᠩᠬᠢ ᠳᠤ | ᠵᠣᠬᠢᠬᠤ ᠬᠠᠷᠢᠴᠠᠯ ᠤᠨ ᠲᠦᠭᠰᠢᠭᠦᠷᠢ ᠶᠢᠨ ᠨᠥᠬᠦᠪᠥᠷᠢ ᠥᠭᠬᠦ ᠶᠢᠨ ᠬᠠᠮᠲᠤ ᠨᠥᠬᠦᠪᠥᠷᠢ ᠶᠢᠨ ᠬᠠᠷᠢᠴᠠᠯ ᠢ ᠵᠣᠬᠢᠰᠲᠠᠶ ᠪᠠᠷ | ᠳᠣᠷᠣᠭᠰᠢᠯᠠᠭᠤᠯᠤᠨ᠎ᠠ᠃ ᠭᠤᠷᠪᠠ ᠳᠤ᠂ ᠰᠤᠷᠤᠭᠴᠢᠳ ᠢ ᠠᠵᠢᠯᠴᠢ ᠠᠷᠪᠢᠴᠢ᠂ ᠴᠢᠷᠮᠠᠶᠢᠨ ᠰᠤᠷᠤᠯᠴᠠᠵᠤ᠂ | ᠰᠣᠷᠣᠭᠰᠠᠨ ᠢᠶᠠᠨ ᠬᠡᠷᠡᠭᠯᠡᠵᠦ ᠶᠢ ᠬᠥᠲᠥᠯᠥᠨ ᠵᠢᠯᠣᠭᠤᠳᠴᠤ᠂ ᠠᠵᠢᠯ ᠤᠯᠬᠤ ᠪᠠ ᠤᠯᠤᠰ ᠣᠷᠣᠨ ᠳᠤ ᠪᠠᠨ ᠬᠦᠴᠦ ᠪᠠᠨ | ᠡᠷᠭᠦᠬᠦ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠰᠤᠷᠭᠠᠭᠤᠯᠢ ᠨᠤᠭᠤᠳ ᠴᠤ ᠰᠤᠷᠤᠭᠴᠢᠳ ᠲᠤ | ᠠᠵᠢᠯ ᠢᠶᠠᠷ ᠰᠤᠷᠤᠯᠭ᠎ᠠ ᠪᠠᠨ ᠲᠡᠳᠬᠦᠬᠦ ᠨᠡᠩ ᠤᠯᠠᠨ ᠲᠣᠬᠢᠶᠠᠯ ᠣᠯᠭᠤᠬᠤ ᠪᠠᠷ ᠴᠢᠷᠮᠠᠶᠢᠬᠤ ᠬᠡᠷᠡᠭᠲᠡᠶ᠃ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠨᠢ ᠠᠷᠠᠳ ᠤᠯᠠᠨ ᠤ ᠪᠡᠶ᠎ᠡ ᠶᠢᠨ ᠡᠷᠡᠭᠦᠯ ᠮᠡᠨᠳᠦ ᠳᠤ ᠬᠤᠯᠪᠣᠭᠳᠠᠳᠠᠭ | ᠃ ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ᠃ ᠲᠥᠰᠦᠯ ᠳᠤ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠡᠵᠡᠩᠨᠡᠯᠲᠡ ᠶᠢᠨ ᠪᠥᠬᠦ | ᠶᠠᠪᠤᠴᠠ ᠶᠢᠨ ᠬᠠᠮᠢᠶᠠᠷᠤᠯᠲᠠ ᠡᠵᠡᠮᠳᠡᠯ ᠢ ᠤᠯᠠᠮ ᠴᠢᠩᠭᠠᠳᠬᠠᠪᠠ᠃ ᠦᠢᠯᠡᠳᠪᠦᠷᠢᠯᠡᠭᠴᠢ ᠡᠵᠡᠩᠨᠡᠭᠴᠢ ᠶᠢᠨ ᠭᠤᠣᠯ | ᠴᠣᠭᠴᠠ ᠶᠢᠨ ᠬᠠᠷᠢᠭᠤᠴᠠᠯᠭ᠎ᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠢᠳᠡᠰᠢᠨ ᠤ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠨᠡᠬᠡᠮᠵᠢᠯᠡᠬᠦ ᠳᠦᠷᠢᠮ ᠢ ᠪᠠᠶᠢᠭᠤᠯᠪᠠ᠃ | ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠵᠦ ᠬᠠᠤᠯᠢ ᠬᠡᠷᠡᠭᠵᠢᠭᠦᠯᠬᠦ ᠶᠢ | ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢ ᠶᠡᠭᠡ ᠪᠠᠷ | ᠴᠢᠩᠭᠠᠷᠠᠭᠤᠯᠪᠠ᠃ ᠬᠤᠷᠠᠯ ᠳᠤ ᠡᠨᠡ ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠬᠤ ᠪᠠᠷ ᠲᠣᠭᠲᠠᠪᠠ᠃ | ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃ | |