ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠲᠦᠯᠦᠭᠡᠯᠡᠭᠴᠢ ᠶᠢᠨ ᠪᠢᠯᠧᠲ ᠪᠠᠷ ᠰᠢᠢᠳᠬᠦ            ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠬᠦᠯ᠊
ᠨᠡᠶᠢᠲᠡᠯᠡᠭᠰᠡᠨ ᠴᠠᠭ᠄
2022/1/10
ᠲᠠᠶᠢᠹᠤᠰᠧ   ᠬᠤᠰᠢᠭᠤᠨ   ᠤ    ᠠᠷᠪᠠᠨ    ᠵᠢᠷᠭᠤᠳᠤᠭᠠᠷ   ᠬᠤᠭᠤᠴᠠᠭᠠᠨ     ᠤ   ᠠᠷᠠᠳ   ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ  ︵19︶                                                                          ᠲᠠᠶᠢᠹᠤᠰᠧ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠲᠦᠯᠦᠭᠡᠯᠡᠭᠴᠢ ᠶᠢᠨ ᠪᠢᠯᠧᠲ ᠪᠠᠷ ᠰᠢᠢᠳᠬᠦ            ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ ᠤᠨ ᠵᠢᠱᠢᠭᠳᠡᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠬᠦᠯᠦᠯᠳᠡ                                                                            ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ                                                                           ᠲᠥᠯᠥᠭᠡᠯᠡᠭᠴᠢᠳ  ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                                                                     ︵2022 ᠣᠨ ᠤ 1 ᠰᠠᠷᠠᠶᠢᠨ 7 ᠤ ᠡᠳᠦᠷ︶                                                                                            ᠶᠢᠨ ᠶᠦᠩ ᠾᠧᠲᠦᠯᠦᠭᠡᠯᠡᠭᠴᠢᠳ ᠡ  ᠄     ᠲᠤᠤᠷ᠎ᠠ ᠪᠢ ᠬᠤᠰᠢᠭᠤ  ᠵᠠᠰᠠᠭ   ᠤᠨ ᠣᠷᠳᠣᠨ ᠢ ᠲᠥᠯᠥᠭᠡᠯᠡᠵᠦ᠂ ᠲᠠᠶᠢᠹᠤᠰᠧ ᠬᠤᠰᠢᠭᠤᠨ ᠤ 2022 ᠣᠨ ᠤ  ᠠᠷᠠᠳ ᠤᠨ ᠲᠦᠯᠦᠭᠡᠯᠡᠭᠴᠢ ᠶᠢᠨ ᠪᠢᠯᠧᠲ ᠪᠠᠷ ᠰᠢᠢᠳᠬᠦ ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ  ᠤᠨ ᠵᠢᠱᠢᠭᠳᠡᠭᠰᠡᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠶᠡᠭᠡ ᠬᠤᠷᠠᠯ ᠳᠤ ᠮᠡᠳᠡᠬᠦᠯᠦᠯᠳᠡ ᠬᠢᠶ᠎ᠡ᠂ ᠬᠢᠨᠠᠨ ᠵᠥᠪᠯᠡᠬᠦ ᠪᠤᠯᠪᠠᠤ᠃      ᠨᠢᠭᠡ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠡᠯᠰᠡᠨ ᠴᠤᠭᠯᠠᠭᠤᠯᠵᠤ ᠰᠢᠭᠰᠢᠨ ᠰᠤᠩᠭᠤᠭᠰᠠᠨ ᠶᠠᠪᠤᠴᠠ       ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠬᠡᠵᠢᠬᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ  ᠪᠠᠳᠠᠷᠠᠭᠤᠯᠤᠨ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠶᠴᠡᠳᠬᠡᠬᠦ ᠬᠡᠯᠪᠡᠷᠢ  ᠶᠢ ᠪᠠᠶᠠᠯᠢᠬᠵᠢᠭᠤᠯᠵᠤ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠵᠢᠭᠰᠠᠨ᠂ ᠠᠷᠠᠳᠴᠢᠯᠠᠭᠰᠠᠨ ᠬᠢᠷᠢ ᠲᠦᠪᠰᠢᠨ ᠢ ᠲᠡᠭᠡᠭᠰᠢᠯᠡᠬᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠦᠨᠡᠨᠬᠦ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠶᠢᠨ ᠲᠦᠯᠦᠬᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ 《 ᠬᠤᠰᠢᠭᠤ ᠰᠤᠮᠤ  ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ ᠳᠦᠷᠢᠮ ᠤᠨ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠵᠢᠯᠣᠭᠤᠳᠬᠤ ᠰᠠᠨᠠᠯ 》 ᠤᠨ ᠱᠠᠭᠠᠷᠳᠠᠯᠭ᠎ᠠ  ᠬᠢᠭᠡᠳ ᠠᠶᠢᠮᠠᠭ ᠤᠨ ᠨᠠᠮ ᠤᠨ ᠬᠤᠷᠢᠶ᠎ᠠ  ᠂  ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠤᠰᠤᠭᠠᠷ᠂  ᠬᠤᠰᠢᠭᠤ ᠵᠠᠰᠠᠭ ᠤᠨ ᠣᠷᠳᠣᠨ ᠨᠢ ᠡᠷᠲᠡ ᠠᠴᠠ ᠲᠦᠯᠦᠪᠯᠡᠵᠦ ᠡᠷᠲᠡ ᠠᠴᠠ ᠬᠦᠳᠡᠯᠦᠨ ᠡᠷᠲᠡ ᠠᠴᠠ ᠪᠠᠶᠢᠷᠢᠯᠠᠭᠤᠯᠵᠤ᠂  ᠣᠯᠠᠨ ᠲᠦᠮᠡᠨ ᠤ 《 ᠢᠳᠡᠵᠦ ᠡᠮᠦᠰᠬᠦ ᠶᠠᠪᠤᠵᠤ ᠰᠠᠭᠤᠬᠤ  ᠂ ᠠᠮᠤᠷ ᠲᠠᠶᠢᠪᠤᠩ ᠠᠵᠤ ᠲᠦᠷᠦᠭᠦ 》 ᠪᠠᠷ ᠭᠤᠣᠯᠳᠠᠯᠭ᠎ᠠ  ᠪᠤᠯᠭᠠᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ  ᠡᠯᠰᠡᠨ ᠴᠤᠭᠯᠠᠭᠤᠯᠬᠤ ᠠᠵᠢᠯ ᠢ ᠨᠠᠷᠢᠨ ᠨᠢᠮᠪᠠᠢ ᠦᠷᠨᠢᠬᠦᠯᠦᠭᠰᠡᠨ ᠪᠠᠶᠢᠨ᠎ᠠ᠃ ᠨᠢᠭᠡ ᠳᠤ᠂ ᠢᠯᠡ ᠪᠠᠷ ᠡᠯᠰᠡᠬᠦ ᠠᠵᠢᠯ ᠢ ᠦᠷᠭᠡᠨ ᠭᠡᠪᠴᠢᠶ᠎ᠡ ᠲᠠᠢ ᠶᠠᠪᠤᠭᠳᠠᠭᠤᠯᠤᠭᠰᠠᠨ᠃ ᠨᠢᠳᠤᠨᠤᠨ  ᠤ 10 ᠰᠠᠷ᠎ᠠ ᠠᠴᠠ ᠡᠬᠢᠯᠡᠨ᠂ ᠵᠠᠰᠠᠭ ᠤᠨ ᠣᠷᠳᠣᠨ ᠤ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠷᠠᠳᠢᠣ᠋ ᠲᠧᠯᠸᠢᠰ ᠵᠡᠷᠭᠡ ᠲᠠᠪᠴᠠᠩ ᠢᠶᠠᠷ ᠳᠠᠮᠵᠢᠨ ᠠᠯᠪᠠᠨ ᠵᠠᠷᠯᠠᠯ ᠨᠡᠶᠢᠲᠡᠯᠡᠵᠦ᠂  ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠠᠴᠠ  ᠵᠢᠱᠢᠭᠳᠡᠬᠦ ᠲᠦᠷᠦᠯ ᠵᠦᠢᠯ ᠢ ︽ᠢᠯᠡ ᠪᠠᠷ ᠰᠤᠩᠭᠤᠵᠤ  ︾ ᠡᠬᠢᠯᠡᠨ᠂  ᠡᠯᠰᠡᠨ ᠴᠤᠭᠯᠠᠭᠤᠯᠬᠤ ᠬᠦᠰᠦᠨᠦᠭᠲᠦ ᠪᠠ ᠡᠯᠰᠡᠨ ᠴᠤᠭᠯᠠᠭᠤᠯᠬᠤ ᠵᠠᠬᠢᠳᠠᠯ ᠢ  ᠪᠠᠭᠤᠯᠭᠠᠵᠤ᠂  ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠴᠠ ᠬᠠᠨᠳᠤᠯᠭ᠎ᠠ ᠲᠠᠢ ᠪᠠᠷ ᠰᠠᠨᠠᠯ ᠬᠤᠷᠢᠶᠠᠨ᠂  ︽2022 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ ᠤᠨ ᠲᠥᠷᠥᠯ ᠵᠦᠶᠯ ᠢ ᠴᠤᠭᠯᠠᠭᠤᠯᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ ᠨᠢᠬᠡᠴᠡ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠠᠴᠠ ᠲᠤᠰᠬᠠᠶ ᠰᠡᠳᠦᠪ ᠢᠶᠠᠷ ᠰᠠᠨᠠᠯ  ᠬᠤᠷᠢᠶᠠᠪᠠ᠃ ᠡᠶᠢᠨᠬᠦ᠂ 12 ᠰᠠᠷ᠎ᠠ ᠶᠢᠨ 10 ᠤ ᠡᠳᠦᠷ ᠪᠣᠯᠲᠠᠯ᠎ᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠤᠬᠠᠶ ᠨᠡᠶᠢᠲᠡ 1209 ᠵᠤᠷᠪᠤᠰ ᠰᠠᠨᠠᠯ ᠰᠠᠨᠠᠭᠤᠯᠭ᠎ᠠ ᠶᠢ ᠬᠤᠷᠢᠶᠠᠭᠰᠠᠨ ᠪᠠᠶᠢᠨ᠎ᠠ᠃ ᠬᠤᠶᠠᠷ ᠲᠤ᠂ ᠰᠣᠩᠭᠤᠵᠤ ᠡᠮᠬᠢᠯᠡᠬᠦ ᠠᠵᠢᠯ ᠢ ᠨᠠᠷᠢᠨ ᠨᠢᠮᠪᠠᠢ ᠶᠠᠪᠤᠭᠳᠠᠭᠤᠯᠤᠭᠰᠠᠨ᠃ ᠭᠦᠨᠵᠡᠭᠡᠶ ᠪᠠᠶᠢᠴᠠᠭᠠᠨ ᠰᠤᠳᠤᠯᠵᠤ᠂ ᠭᠦᠶᠴᠡᠳ ᠰᠠᠶᠢᠨ ᠵᠦᠪᠳᠡᠯᠴᠡᠨ᠂ ᠣᠯᠠᠨ ᠤᠳᠠᠭ᠎ᠠ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ᠂ ᠬᠤᠷᠢᠶᠠᠭᠰᠠᠨ ᠰᠠᠨᠠᠯ ᠰᠠᠨᠠᠭᠤᠯᠭ᠎ᠠ ᠶᠢ ᠲᠥᠷᠥᠯ ᠬᠤᠪᠢᠶᠠᠨ ᠡᠮᠬᠢᠳᠬᠡᠨ ᠬᠤᠷᠢᠶᠠᠩᠭᠤᠶᠢᠯᠠᠵᠤ᠂ ᠨᠡᠶᠢᠲᠡ 7 ᠶᠡᠭᠡ ᠲᠥᠷᠥᠯ ᠬᠤᠪᠢᠶᠠᠵᠠᠢ  ᠃ ᠲᠤᠬᠠᠶᠢᠯᠠᠪᠠᠯ᠄ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠤᠭᠳᠠᠭᠰᠠᠨ ᠰᠠᠨᠠᠯ ᠰᠠᠨᠠᠭᠤᠯᠭ᠎ᠠ 358 ᠵᠦᠶᠯ ᠪᠠᠶᠢᠵᠤ 29.6 % ᠶᠢ ᠡᠵᠡᠯᠡᠨ᠂ ᠣᠷᠴᠢᠨ ᠲᠣᠭᠤᠷᠢᠨ ᠤ ᠴᠡᠭᠴᠡᠯᠡᠯᠳᠡ ᠶᠢᠨ ᠲᠤᠬᠠᠢ ᠰᠠᠨᠠᠯ ᠰᠠᠨᠠᠭᠤᠯᠭ᠎ᠠ 163 ᠵᠤᠷᠪᠤᠰ ᠪᠠᠶᠢᠵᠤ 13.5 % ᠶᠢ ᠡᠵᠡᠯᠡᠨ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠬᠠᠢ ᠰᠠᠨᠠᠯ ᠰᠠᠨᠠᠭᠤᠯᠭ᠎ᠠ 163 ᠵᠤᠷᠪᠤᠰ ᠪᠠᠶᠢᠵᠤ 13.5 % ᠶᠢ  ᠡᠵᠡᠯᠡᠨ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠶ ᠰᠠᠨᠠᠯ ᠰᠠᠨᠠᠭᠤᠯᠭ᠎ᠠ 148 ᠵᠤᠷᠪᠤᠰ ᠪᠠᠶᠢᠵᠤ 12.2 % ᠶᠢ ᠡᠵᠡᠯᠡᠨ᠂ ᠨᠡᠶᠢᠭᠡᠮ ᠤᠨ ᠦᠶᠯᠡᠰ ᠲᠤ ᠬᠤᠯᠪᠤᠭᠳᠠᠭᠰᠠᠨ ᠰᠠᠨᠠᠯ ᠰᠠᠨᠠᠭᠤᠯᠭ᠎ᠠ 147 ᠵᠤᠷᠪᠤᠰ ᠪᠠᠶᠢᠵᠤ 12 .2 %   ᠶᠢ ᠡᠵᠡᠯᠡᠨ᠂  ᠵᠠᠮ ᠬᠠᠷᠢᠯᠴᠠᠭᠠᠨ ᠤ ᠲᠤᠬᠠᠢ ᠰᠠᠨᠠᠯ ᠰᠠᠨᠠᠭᠤᠯᠭ᠎ᠠ 145 ᠵᠤᠷᠪᠤᠰ ᠪᠠᠶᠢᠵᠤ 12 % ᠶᠢ ᠡᠵᠡᠯᠡᠨ᠂ ᠠᠵᠤ ᠦᠢᠯᠡᠰ ᠤᠨ ᠬᠥᠭᠵᠢᠯᠲᠡ ᠳᠤ ᠬᠤᠯᠪᠤᠭᠳᠠᠭᠰᠠᠨ ᠰᠠᠨᠠᠯ ᠰᠠᠨᠠᠭᠤᠯᠭ᠎ᠠ 85 ᠵᠤᠷᠪᠤᠰ ᠪᠠᠶᠢᠵᠤ 7 % ᠶᠢ ᠡᠵᠡᠯᠡᠵᠡᠢ᠃  ᠭᠤᠷᠪᠠ ᠳᠤ᠂ ᠶᠠᠷᠢᠯᠴᠠᠨ ᠲᠤᠭᠳᠠᠭᠠᠬᠤ ᠠᠵᠢᠯ ᠢ ᠶᠤᠰᠤ ᠲᠦᠷᠢᠮ ᠢᠶᠠᠷ ᠶᠠᠪᠤᠭᠳᠠᠭᠤᠯᠤᠭᠰᠠᠨ᠃ 《 ᠪᠠᠴᠢᠮ ᠶᠠᠪᠤᠳᠠᠯ ᠪᠣᠯᠪᠠᠰᠤᠷᠠᠩᠭᠤᠶ ᠵᠦᠢᠯᠡᠰ ᠢ ᠤᠷᠢᠳᠠᠪᠠᠷ ᠲᠤᠭᠳᠠᠭᠠᠵᠤ᠂ ᠰᠠᠶᠢᠨ ᠤ ᠲᠤᠳᠤᠷ᠎ᠠ ᠠᠴᠠ ᠰᠢᠯᠢᠳᠡᠭ ᠢ ᠨᠢ ᠰᠣᠩᠭᠤᠬᠤ 》 ᠵᠠᠷᠴᠢᠮ ᠶᠣᠰᠣᠭᠠᠷ᠂  ᠬᠤᠰᠢᠭᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠠᠷ ᠣᠯᠠᠨ ᠤᠳᠠᠭ᠎ᠠ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠠᠨᠠᠭᠤᠯᠭ᠎ᠠ ᠶᠢᠨ ᠲᠥᠷᠥᠯ ᠵᠦᠶᠯ   ᠤᠨ ᠪᠠᠶᠢᠳᠠᠯ ᠢ ᠰᠤᠳᠤᠯᠤᠨ  ᠮᠠᠭᠠᠳᠯᠠᠵᠤ᠂   ᠵᠠᠰᠠᠭ ᠤᠨ ᠣᠷᠳᠣᠨ ᠤ ᠨᠠᠮ  ᠤᠨ ᠤᠳᠤᠷᠢᠳᠬᠤ ᠳᠤᠭᠤᠶᠢᠯᠠᠩ ᠤᠨ ᠬᠤᠷᠠᠯ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ   ᠢᠶᠠᠷ ᠶᠠᠷᠢᠯᠴᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠬᠢᠨᠠᠨ  ᠵᠦᠪᠯᠡᠬᠦ ᠪᠠᠷ ᠲᠠᠮᠵᠢᠭᠠᠳ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ  ᠶᠠᠪᠤᠳᠠᠯ   ᠢᠶᠠᠷ  ᠵᠢᠱᠢᠭᠳᠡᠭᠰᠡᠨ 6 ᠲᠥᠷᠥᠯ ᠵᠦᠶᠯ ᠢ  ᠲᠤᠭᠳᠠᠭᠠᠵᠤ ᠡᠨᠡ ᠤᠳᠠᠭᠠᠨ ᠤ ᠶᠡᠭᠡ ᠬᠤᠷᠠᠯ ᠳᠤ ᠳᠡᠪᠰᠢᠭᠦᠯᠦᠭᠰᠡᠨ ᠪᠠᠶᠢᠨ᠎ᠠ       ᠬᠤᠶᠠᠷ᠂  ᠲᠦᠷᠦᠯ ᠵᠦᠢᠯ ᠤᠨ ᠪᠦᠷᠢᠯᠳᠦᠭᠰᠡᠨ ᠵᠠᠷᠴᠢᠮ ᠪᠠ ᠣᠨᠴᠠᠯᠢᠭ    《 ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ᠂ ᠭᠤᠤᠯᠳᠠᠯᠭ᠎ᠠ ᠶᠢ ᠳᠣᠪᠣᠶᠢᠯᠭᠠᠬᠤ᠂ ᠠᠷᠠᠳ  ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ ᠳᠣᠪᠣᠶᠢᠯᠭᠠᠬᠤ᠂ ᠨᠡᠶᠢᠲᠡ ᠶᠢᠨ ᠠᠰᠠᠷᠠᠮᠵᠢ ᠶᠢ ᠠᠳᠠᠯᠢ ᠲᠡᠭᠰᠢ ᠪᠠᠶᠢᠯᠭᠠᠬᠤ᠂  ᠠᠰᠢᠭ ᠲᠤᠰᠠ ᠶᠢ ᠨᠡᠶᠢᠳᠡᠮ ᠳᠤ ᠭᠥᠷᠳᠡᠬᠦ᠂ ᠴᠢᠳᠠᠯ ᠤᠨ ᠬᠢᠷᠢ ᠪᠠᠷ ᠢᠶᠠᠨ ᠬᠢᠬᠦ᠂  ᠪᠠᠴᠢᠮ ᠶᠠᠪᠤᠳᠠᠯ ᠢ ᠤᠷᠢᠳᠠᠪᠠᠷ ᠬᠢᠬᠦ᠂ ᠦᠨᠡᠯᠡᠵᠦ ᠪᠣᠯᠬᠤ ᠪᠠᠶᠢᠴᠠᠭᠠᠵᠤ ᠪᠣᠯᠬᠤ᠂  ᠦᠷ᠎ᠡ ᠪᠦᠲᠦᠮᠵᠢ ᠶᠢ ᠴᠢᠬᠤᠯᠠᠴᠢᠯᠠᠬᠤ 》 ᠵᠠᠷᠴᠢᠮ ᠶᠣᠰᠣᠭᠠᠷ᠂ 2022 ᠣᠨ   ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ   ᠢ ᠴᠥᠭᠡᠨ ᠮᠦᠷᠳᠡᠭᠡᠨ ᠨᠠᠷᠢᠯᠢᠭ ᠪᠠᠶᠢᠯᠭᠠᠬᠤ ᠶᠢ ᠪᠠᠷᠢᠮᠳᠠᠯᠠᠵᠤ᠂ ᠨᠡᠶᠢᠳᠡᠮ ᠠᠰᠢᠭ ᠬᠦᠷᠲᠡᠭᠡᠬᠦ ᠴᠢᠨᠠᠷ᠂ ᠣᠯᠠᠨ ᠲᠦᠮᠡᠨ ᠤ ᠤᠯᠤᠯᠳᠠ ᠬᠦᠷᠲᠡᠮᠵᠢ ᠶᠢᠨ ᠲᠥᠷᠥᠭᠳᠡᠯ ᠢ ᠴᠢᠩᠭ᠎ᠠ  ᠪᠠᠶᠢᠯᠭᠠᠬᠤ ᠵᠡᠷᠭᠡ ᠣᠨᠴᠠᠯᠢᠭ ᠢ ᠲᠤᠪᠤᠶᠢᠯᠭᠠᠨ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠤᠭᠳᠠᠭᠰᠠᠨ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠭᠤᠤᠯᠳᠠᠯᠭ᠎ᠠ ᠲᠠᠢ  ᠲᠤᠬᠢᠷᠠᠭᠤᠯᠪᠠ᠃ ᠨᠢᠭᠡ ᠳᠤ  ᠂ ᠠᠷᠠᠳ ᠤᠨ ᠰᠠᠨᠠᠭ᠎ᠠ ᠲᠠᠢ ᠨᠢᠭᠲᠠ ᠤᠶᠠᠯᠳᠤᠭᠤᠯᠤᠨ᠂ ᠠᠷᠠᠳ ᠣᠯᠠᠨ ᠳᠤ ᠨᠡᠶᠢᠳᠡᠮ ᠠᠰᠢᠭ ᠬᠦᠷᠳᠡᠭᠡᠬᠦ ᠪᠠᠷ  ᠴᠢᠷᠮᠠᠶᠢᠭᠰᠠᠨ᠃  ᠵᠢᠱᠢᠭᠳᠡᠭᠰᠡᠨ ᠲᠦᠷᠦᠯ ᠵᠦᠢᠯ ᠨᠢ 《 ᠠᠷᠠᠳ 》 ᠬᠢᠭᠡᠳ 《 ᠪᠣᠳᠠᠲᠠᠶ 》 ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠯᠡᠷᠡᠬᠦᠯᠦᠨ᠂  ᠠᠷᠠᠳ ᠤᠨ ᠬᠡᠷᠡᠭᠴᠡᠭᠡ ᠳᠤ ᠨᠠᠩ ᠣᠶᠢᠷᠠᠲᠤᠵᠤ᠂ ᠬᠠᠨᠳᠤᠯᠭᠠᠲᠤ ᠴᠢᠨᠠᠷ ᠢᠶᠠᠷ ᠨᠠᠩ ᠴᠢᠩᠭ᠎ᠠ ᠪᠣᠯᠵᠣ᠂ ᠠᠯᠢ ᠴᠢᠳᠠᠬᠤ ᠪᠠᠷ ᠨᠠᠩ ᠣᠯᠠᠨ ᠬᠥᠮᠦᠨ ᠳᠤ ᠠᠰᠢᠭ ᠬᠦᠷᠲᠡᠭᠡᠵᠦ  ᠂ ᠲᠦᠷᠦᠯ ᠵᠦᠢᠯ ᠤᠨ ᠲᠦᠭᠡᠮᠡᠯ ᠬᠠᠷᠠᠭᠠᠯᠵᠠᠯ ᠤᠨ ᠴᠢᠨᠠᠷ ᠢ ᠦᠨᠡᠨ ᠬᠦ ᠢᠯᠡᠷᠡᠭᠦᠯᠵᠡᠶ᠃ ᠬᠤᠶᠠᠷ ᠲᠤ ᠵᠦᠢ ᠵᠣᠬᠢᠰᠲᠠᠢ ᠪᠠᠶᠢᠷᠢᠯᠠᠭᠤᠯᠵᠤ᠂ ᠲᠥᠯᠥᠭᠡᠯᠡᠬᠦ ᠴᠢᠨᠠᠷ ᠢᠶᠠᠷ ᠴᠢᠩᠭ᠎ᠠ ᠪᠠᠶᠢᠬᠤ ᠶᠢ  ᠪᠠᠳᠤᠯᠠᠭᠰᠠᠨ᠃ ᠡᠨᠡ ᠵᠢᠯ  ᠤᠨ ᠵᠢᠱᠢᠭᠳᠡᠭᠰᠡᠨ ᠲᠥᠷᠥᠯ ᠵᠦᠶᠯ ᠨᠢ ᠪᠠᠶᠢᠷᠢᠰᠢᠭᠤᠯᠤᠯᠲᠠ ᠶᠢᠨ ᠲᠠᠯᠠᠪᠠᠷ ᠲᠥᠯᠥᠭᠡᠯᠡᠬᠦ ᠴᠢᠨᠠᠷ᠂ ᠪᠥᠬᠦ ᠲᠠᠯᠠᠴᠢ ᠴᠢᠨᠠᠷ ᠢᠶᠠᠷ ᠴᠢᠩᠭ᠎ᠠ ᠮᠦᠷᠳᠡᠭᠡᠨ ᠬᠠᠮᠤᠷᠬᠤ ᠬᠡᠪᠴᠢᠶ᠎ᠡ  ᠂ ᠠᠰᠢᠭ ᠭᠥᠷᠳᠡᠬᠦ ᠬᠡᠪᠴᠢᠶ᠎ᠡ ᠨᠢ ᠥᠷᠭᠡᠨ ᠪᠠᠶᠢᠵᠤ᠂  ᠣᠯᠠᠨ ᠲᠦᠮᠡᠨ ᠳᠤ ᠪᠠᠴᠢᠮ ᠱᠠᠭᠠᠷᠳᠠᠭᠳᠠᠵᠤ ᠪᠠᠶᠢᠭ᠎ᠠ  ᠤᠳᠤᠬᠠᠨ ᠤ ᠠᠷᠠᠳ ᠤᠨ ᠠᠮᠢᠳᠤᠷᠠᠯ ᠤᠨ ᠳᠤᠲᠠᠭᠤᠳᠠᠯ ᠢ ᠠᠩᠬᠠᠷᠤᠨ ᠴᠢᠬᠤᠯᠠᠴᠢᠯᠠᠭᠰᠠᠨ ᠢᠶᠠᠷ ᠪᠠᠷᠠᠬᠤ ᠥᠬᠡᠶ᠂ ᠪᠠᠰᠠ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠪᠤᠳᠤᠯᠬᠢᠯᠠᠵᠠᠢ᠃ ᠭᠤᠷᠪᠠ ᠳᠤ᠂  ᠲᠤᠰ ᠵᠢᠯ ᠳᠡᠭᠡᠨ ᠠᠵᠢᠯ ᠡᠬᠢᠯᠡᠭᠦᠯᠵᠦ᠂  ᠡᠷᠳᠡ ᠡᠳᠦᠷ ᠠᠰᠢᠭ ᠬᠦᠷᠳᠡᠭᠡᠬᠦ ᠪᠠᠷ ᠲᠦᠯᠦᠪᠯᠡᠭᠰᠡᠨ᠃ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠰᠡᠨ ᠲᠥᠷᠥᠯ ᠵᠦᠶᠯ   ᠢ  ᠪᠦᠷ ᠡᠨᠡ ᠵᠢᠯ ᠳᠡᠭᠡᠨ ᠡᠬᠢᠯᠡᠬᠦᠯᠵᠦ᠂ ᠡᠨᠡ ᠵᠢᠯ ᠳᠡᠭᠡᠨ ᠳᠠᠭᠤᠰᠬᠠᠬᠤ ᠪᠤᠶᠤ ᠱᠠᠲᠤᠴᠢ ᠴᠢᠨᠠᠷᠲᠠᠶ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠥᠷᠭᠡᠨ ᠣᠯᠠᠨ ᠲᠦᠮᠡᠨ ᠳᠤ ᠡᠷᠲᠡᠬᠡᠨ ᠠᠰᠢᠭ ᠬᠦᠷᠲᠡᠭᠡᠵᠦ᠂  ᠤᠯᠤᠯᠳᠠ ᠬᠦᠷᠲᠡᠮᠵᠢ ᠶᠢᠨ ᠲᠥᠷᠥᠭᠳᠡᠯ᠂  ᠠᠵᠠ ᠵᠢᠷᠭᠠᠯ ᠤᠨ ᠲᠥᠷᠥᠭᠳᠡᠯ ᠢ ᠨᠢ ᠲᠠᠰᠤᠷᠠᠯᠲᠠ ᠥᠬᠡᠶ  ᠨᠡᠮᠡᠭᠳᠡᠬᠦᠯᠬᠦ ᠪᠠᠷ ᠪᠠᠶᠢᠭ᠎ᠠ᠃        ᠭᠤᠷᠪᠠ᠂  ᠵᠢᠱᠢᠭᠳᠡᠭᠰᠡᠨ ᠲᠥᠷᠥᠯ ᠵᠦᠶᠯ ᠤᠨ ᠲᠣᠪᠴᠢ ᠲᠠᠨᠢᠯᠴᠠᠭᠤᠯᠭ᠎ᠠ        ᠨᠢᠭᠡ ᠳᠤ᠂ ᠪᠣᠤᠴᠠᠩ ᠪᠠᠯᠭᠠᠰᠤᠨ ᠤ ᠤᠰᠤᠨ ᠤ ᠬᠡᠮᠵᠢᠯᠲᠡ ᠶᠢᠨ ᠲᠦᠬᠦᠭᠡᠷᠦᠮᠵᠢ ᠶᠢ ᠦᠬᠡᠷᠡᠴᠢᠯᠡᠬᠦ ᠲᠦᠷᠦᠯ ᠵᠦᠢᠯ᠃ ᠶᠡᠷᠦᠩᠬᠡᠶ ᠪᠡᠯᠡ ᠣᠷᠣᠭᠤᠯᠤᠯᠲᠠ ᠨᠢ 2500 ᠲᠦᠮᠡᠨ ᠲᠥᠭᠦᠷᠢᠭ  ᠂ ᠡᠭᠦᠨ ᠳᠤ ᠲᠤᠰᠬᠠᠶ ᠲᠦᠷᠦᠯ ᠤᠨ ᠵᠢᠭᠡᠯᠡᠯᠭᠡ ᠶᠢᠨ ᠲᠡᠮᠳᠡᠭ ᠤᠨ ᠪᠡᠯᠡ ᠮᠥᠩᠭᠦ 2000 ᠲᠦᠮᠡᠨ ᠲᠥᠭᠦᠷᠢᠭ ᠢ ᠡᠷᠡᠮᠡᠯᠵᠡᠯᠡᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠢᠵᠢ ᠪᠦᠷᠢᠳᠦᠭᠦᠯᠬᠦ ᠪᠡᠯᠡ ᠮᠥᠩᠭᠦ 500 ᠲᠦᠮᠡᠨ ᠲᠥᠭᠦᠷᠢᠭ ᠢ ᠲᠤᠬᠢᠷᠠᠭᠤᠯᠤᠨ᠎ᠠ᠃ ᠣᠳᠣᠬᠠᠨ ᠳᠤ  ᠲᠥᠷᠥᠯ ᠵᠦᠶᠯ ᠲᠣᠭᠲᠠᠭᠠᠬᠤ ᠠᠵᠢᠯ ᠢ ᠨᠢᠭᠡᠨᠲᠡ ᠳᠠᠭᠤᠰᠬᠠᠵᠤ᠂ ᠶᠠᠭ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠱᠠᠳᠤᠨ ᠳᠠᠭᠠᠨ ᠪᠣᠶ  ᠃ ᠵᠢᠱᠢᠯᠲᠡ ᠪᠠᠷ 2022 ᠣᠨ ᠤ 5 ᠰᠠᠷ᠎ᠠ ᠳᠤ ᠠᠵᠢᠯ ᠡᠬᠢᠯᠡᠭᠦᠯᠵᠤ᠂ 10 ᠰᠠᠷ᠎ᠠ ᠳᠤ ᠳᠠᠭᠤᠰᠬᠠᠨ᠎ᠠ᠃ ᠲᠣᠰ ᠲᠥᠷᠥᠯ ᠵᠦᠶᠯ ᠨᠢ ᠣᠶᠤᠨᠴᠢ ᠤᠰᠤᠨ ᠬᠡᠮᠵᠢᠭᠦᠷ ᠤᠭᠰᠠᠷᠠᠬᠤ᠂ ᠠᠯᠤᠰ ᠡᠵᠡᠮᠰᠢᠯ ᠢᠶᠠᠷ ᠰᠦᠶᠳᠬᠡᠯ ᠬᠤᠷᠢᠶᠠᠬᠤ᠂  ᠨᠡᠭᠡᠭᠡᠯᠭᠡ ᠬᠠᠭᠠᠯᠭ᠎ᠠ ᠶᠢ ᠠᠯᠤᠰ ᠠᠴᠠ ᠡᠵᠡᠮᠳᠡᠬᠦ ᠵᠡᠷᠭᠡ ᠮᠡᠷᠭᠡᠵᠢᠯ ᠢ ᠠᠰᠢᠭᠯᠠᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠦᠶᠳᠬᠡᠯ ᠲᠤᠰᠢᠶᠠᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ  ᠰᠢᠢᠳᠪᠦᠷᠢᠯᠡᠬᠦ ᠪᠤᠯᠤᠨ᠎ᠠ᠃   ᠬᠠᠷᠢᠭᠤᠴᠠᠬᠤ ᠨᠢᠬᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠃       ᠬᠤᠶᠠᠷ ᠲᠤ᠂ ᠪᠣᠤᠴᠠᠩ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠢᠨᠵᠧᠨᠧᠷᠢᠩ᠃ ᠶᠡᠷᠦᠩᠬᠡᠢ ᠪᠡᠯᠡ ᠣᠷᠣᠭᠤᠯᠤᠯᠲᠠ ᠨᠢ 2407 . 24 ᠲᠦᠮᠡᠨ ᠲᠥᠭᠦᠷᠢᠭ᠂ ᠡᠭᠦᠨ ᠳᠤ ᠡᠳ᠋ ᠤᠨ ᠵᠠᠰᠠᠭ   ᠤᠨ ᠲᠤᠰᠬᠠᠢ ᠲᠦᠷᠦᠯ ᠤᠨ ᠪᠡᠯᠡ ᠮᠥᠩᠭᠦ 956 . 08 ᠲᠦᠮᠡᠨ ᠲᠥᠭᠦᠷᠢᠭ ᠢ ᠡᠷᠡᠮᠡᠯᠵᠡᠯᠡᠵᠦ᠂ ᠭᠡᠷ  ᠪᠠᠷᠢᠯᠭ᠎ᠠ ᠶᠢᠨ ᠭᠤᠣᠯ ᠴᠣᠭᠴᠠ   ᠶᠢ ᠵᠠᠰᠠᠨ ᠰᠠᠶᠢᠵᠢᠷᠠᠭᠤᠯᠬᠤ ᠳᠤ  ᠭᠡᠷᠡᠭᠯᠡᠵᠦ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ 1451 . 16 ᠲᠦᠮᠡᠨ ᠲᠥᠭᠦᠷᠢᠭ   ᠢ ᠡᠷᠡᠮᠡᠯᠵᠡᠯᠡᠵᠦ᠂ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠳᠤ ᠬᠡᠷᠡᠭᠯᠡᠨ᠎ᠡ᠃ ᠣᠳᠣᠬᠠᠨ ᠶᠠᠭ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ  ᠱᠠᠳᠤᠨ ᠳᠠᠭᠠᠨ ᠪᠤᠢ᠃  ᠵᠢᠱᠢᠯᠲᠡ ᠪᠠᠷ 2022 ᠣᠨ ᠤ 4 ᠰᠠᠷ᠎ᠠ ᠳᠤ ᠠᠵᠢᠯ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠃ ᠲᠣᠰ ᠲᠥᠷᠥᠯ ᠵᠦᠶᠯ ᠨᠢ 10 ᠬᠠᠭᠤᠴᠢᠨ ᠰᠠᠭᠤᠭᠠᠯᠢ ᠲᠣᠭᠤᠷᠢᠭ ᠤᠨ 15 ᠰᠠᠭᠤᠷᠢ ᠣᠷᠣᠨ ᠰᠠᠭᠤᠴᠠ ᠶᠢᠨ ᠠᠰᠠᠷ ᠢ ᠥᠭᠡᠷᠡᠴᠢᠯᠡᠨ ᠵᠠᠰᠠᠬᠤ ᠪᠠᠷ ᠲᠥᠯᠥᠪᠯᠡᠵᠦ ᠪᠣᠶ᠂ ᠡᠭᠦᠨ ᠳᠤ ᠭᠤᠤᠯᠳᠠᠭᠤ ᠭᠠᠳᠠᠷ ᠬᠡᠷᠡᠮ ᠤᠨ ᠰᠢᠷ ᠪᠤᠳᠤᠭ᠂  ᠠᠰᠠᠷ ᠤᠨ ᠣᠷᠣᠶ᠂ ᠤᠰᠤ ᠬᠠᠩᠭᠠᠵᠤ ᠤᠰᠤ ᠭᠠᠳᠠᠭᠰᠢᠯᠠᠭᠤᠯᠬᠤ ᠲᠦᠬᠦᠭᠡᠷᠦᠮᠵᠢ᠂ ᠢᠯᠴᠢ ᠬᠠᠩᠭᠠᠬᠤ ᠬᠤᠭᠤᠯᠠᠶ᠂  ᠴᠠᠬᠢᠯᠭᠠᠨ ᠬᠦᠴᠦᠨ ᠤ ᠦᠬᠡᠷᠡᠴᠢᠯᠡᠯᠳᠡ ᠵᠡᠷᠭᠡ   ᠶᠢ ᠪᠠᠭᠳᠠᠭᠠᠵᠤ᠂ ᠬᠠᠭᠤᠴᠢᠨ ᠰᠠᠭᠤᠭᠠᠯᠢ ᠲᠣᠭᠤᠷᠢᠭ ᠤᠨ ᠰᠠᠭᠤᠷᠢ ᠲᠥᠬᠦᠭᠡᠷᠦᠮᠵᠢ ᠳᠤᠲᠠᠭᠳᠠᠵᠤ  ᠪᠠᠶᠢᠭ᠎ᠠ᠂  ᠦᠢᠯᠡᠳᠦᠯ ᠴᠢᠳᠠᠮᠵᠢ ᠠᠨᠠᠢ  ᠂ ᠣᠷᠴᠢᠨ ᠲᠣᠭᠤᠷᠢᠨ ᠪᠠᠷᠤᠭᠲᠠᠶ  ᠪᠠᠶᠢᠭ᠎ᠠ ᠵᠡᠷᠭᠡ ᠰᠠᠭᠤᠭᠠᠯᠢ ᠠᠷᠠᠳ ᠤᠨ ᠲᠤᠰᠬᠠᠯ  ᠶᠡᠭᠡᠳᠡᠢ ᠠᠰᠠᠭᠤᠳᠠᠯ ᠢ  ᠰᠢᠢᠳᠪᠦᠷᠢᠯᠡᠬᠦ ᠪᠤᠯᠤᠨ᠎ᠠ᠃ ᠬᠠᠷᠢᠭᠤᠴᠠᠬᠤ ᠨᠢᠬᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠃      ᠭᠤᠷᠪᠠ ᠳᠤ᠂ ᠮᠠᠯᠵᠢᠬᠤ ᠲᠠᠷᠢᠶᠠᠯᠠᠬᠤ ᠣᠷᠣᠨ ᠤ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ᠃ ᠶᠡᠷᠦᠩᠬᠡᠶ ᠪᠠᠯᠠ ᠣᠷᠣᠭᠤᠯᠤᠯᠲᠠ ᠨᠢ 572 ᠲᠦᠮᠡᠨ ᠲᠥᠭᠦᠷᠢᠭ᠂ ᠡᠭᠦᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠳ᠋᠊ ᠰᠢᠪᠳᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠪᠠᠯᠠ ᠮᠥᠩᠭᠦ 400 ᠲᠦᠮᠡᠨ ᠲᠥᠭᠦᠷᠢᠭ᠂ ᠣᠷᠣᠨ ᠨᠤᠲᠤᠭ ᠤᠨ ᠡᠳ᠋ ᠤᠨ ᠵᠠᠰᠠᠭ ᠤᠨ ᠢᠵᠢ ᠪᠥᠷᠢᠳᠦᠭᠦᠯᠬᠦ ᠪᠠᠯᠠ ᠮᠥᠩᠭᠦ 172 ᠲᠦᠮᠡᠨ ᠲᠥᠭᠦᠷᠢᠭ  ᠃ ᠣᠳᠣᠬᠠᠨ ᠳᠤ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠭᠡᠯ ᠢ ᠶᠠᠭ ᠭᠦᠶᠴᠡᠳᠬᠡᠵᠦ ᠪᠣᠶ᠂ ᠵᠢᠱᠢᠯᠲᠡ ᠪᠠᠷ 2022 ᠣᠨ ᠤ 5 ᠰᠠᠷ᠎ᠠ ᠳᠤ ᠪᠠᠷᠢᠯᠭ᠎ᠠ ᠡᠬᠢᠯᠡᠭᠦᠯᠵᠦ᠂ 10 ᠰᠠᠷ᠎ᠠ ᠶᠢᠨ ᠰᠡᠭᠦᠯᠴᠢ ᠪᠠᠷ  ᠲᠠᠭᠤᠰᠬᠠᠨ᠎ᠠ᠃ ᠲᠣᠰ ᠲᠥᠷᠥᠯ ᠵᠦᠶᠯ ᠨᠢ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ 14 ᠶᠢ ᠰᠢᠨ᠎ᠡ ᠪᠠᠷ ᠭᠡᠷᠡᠭᠵᠢᠬᠦᠯᠵᠦ  ᠂ 16 ᠠᠶᠢᠯ ᠲᠣᠰᠬᠤᠨ 2918 ᠬᠥᠮᠦᠨ  ᠤ ᠤᠰᠤ ᠤᠮᠳᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠶᠳᠪᠦᠷᠢᠯᠡᠬᠦ  ᠪᠤᠯᠤᠨ᠎ᠠ᠃  ᠬᠠᠷᠢᠭᠤᠴᠠᠬᠤ ᠨᠢᠬᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ  ᠃      ᠳᠥᠷᠪᠡ ᠳᠤ᠂ ᠰᠦᠯᠵᠢᠶᠡᠨ ᠳᠡᠭᠡᠷ᠎ᠡ ᠪᠤᠯᠵᠤᠨ ᠳ᠋ᠤᠭᠠᠷᠯᠠᠬᠤ ᠰᠢᠰᠲ᠋ᠧᠮ ᠤᠨ ᠲᠥᠷᠥᠯ ᠵᠦᠶᠯ᠃ ᠶᠡᠷᠦᠩᠬᠡᠶ ᠪᠠᠯᠠ ᠣᠷᠣᠭᠤᠯᠤᠯᠲᠠ ᠨᠢ 190 ᠲᠦᠮᠡᠨ ᠲᠥᠭᠦᠷᠢᠭ  ᠂ ᠣᠳᠣᠬᠠᠨ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠠᠵᠢᠯ ᠢ  ᠬᠢᠵᠦ ᠪᠣᠶ᠂ ᠵᠢᠱᠢᠯᠲᠡ ᠪᠠᠷ 2022 ᠣᠨ ᠤ 4 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠲᠠ  ᠳᠤ ᠣᠷᠣᠭᠤᠯᠤᠨ᠎ᠠ᠃ ᠲᠣᠰ ᠲᠥᠷᠥᠯ ᠵᠦᠶᠯ ᠨᠢ ᠣᠯᠠᠨ ᠲᠦᠮᠡᠨ ᠤ ᠳ᠋ᠤᠭᠠᠷᠯᠠᠵᠤ ᠡᠮᠨᠡᠭᠦᠯᠬᠦ   ᠳᠤ ᠶᠡᠬᠡᠬᠡᠨ ᠲᠦᠬᠦᠮ ᠦᠵᠡᠬᠦᠯᠵᠦ᠂    ᠡᠪᠡᠳᠴᠢᠨ ᠦᠵᠡᠬᠦᠯᠬᠦ  ᠱᠠᠭᠠᠷᠳᠠᠯᠭ᠎ᠠ ᠬᠡᠷᠡᠭᠴᠡᠭᠡ ᠶᠢ ᠤᠯᠠᠮ ᠰᠠᠶᠢᠨ ᠬᠠᠩᠭᠠᠬᠤ ᠪᠣᠯᠤᠨ᠎ᠠ᠃  ᠬᠠᠷᠢᠭᠤᠴᠠᠬᠤ ᠨᠢᠬᠡᠴᠡ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠃      ᠲᠠᠪᠤ ᠳᠤ᠂ ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠬᠡᠷᠡᠴᠢᠯᠡᠯᠳᠡ ᠶᠢᠨ ᠲᠥᠷᠥᠯ ᠵᠦᠶᠯ᠃  ᠶᠡᠷᠦᠩᠬᠡᠢ ᠪᠡᠯᠡ  ᠤᠷᠤᠭᠤᠯᠤᠯᠳᠠ ᠨᠢ 611 . 64 ᠲᠦᠮᠡᠨ ᠲᠥᠭᠦᠷᠢᠭ᠃ ᠣᠳᠣᠬᠠᠨ ᠶᠠᠭ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ ᠪᠣᠶ᠂ ᠵᠢᠱᠢᠯᠲᠡ ᠪᠠᠷ 2022 ᠣᠨ ᠤ 5 ᠰᠠᠷ᠎ᠠ ᠳᠤ ᠠᠵᠢᠯ ᠡᠬᠢᠯᠡᠭᠦᠯᠵᠤ᠂ 10 ᠰᠠᠷ᠎ᠠ ᠶᠢᠨ ᠰᠡᠭᠦᠯᠴᠢ ᠪᠠᠷ  ᠳᠠᠭᠤᠰᠬᠠᠨ᠎ᠠ᠃ ᠲᠣᠰ ᠲᠥᠷᠥᠯ ᠵᠦᠶᠯ   ᠢ 12 ᠭᠠᠴᠠᠭ᠎ᠠ ᠲᠣᠰᠬᠤᠨ ᠳᠤ ᠭᠡᠷᠡᠭᠵᠢᠬᠦᠯᠵᠦ᠂ 994 ᠡᠷᠦᠬᠡ ᠶᠢᠨ ᠵᠣᠷᠯᠣᠩ ᠳᠤ ᠦᠬᠡᠷᠡᠴᠢᠯᠡᠯᠳᠡ ᠬᠢᠬᠦ ᠪᠠᠷ ᠲᠦᠯᠦᠪᠯᠡᠪᠡ᠂ ᠡᠭᠦᠨ ᠳᠤ ᠤᠰᠤ ᠪᠠᠷ ᠵᠠᠶᠢᠯᠠᠬᠤ ᠵᠤᠷᠯᠤᠩ 198  ᠂ ᠬᠠᠭᠤᠷᠠᠶ ᠵᠣᠷᠯᠣᠩ 796 ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠬᠤ ᠪᠤᠯᠤᠨ᠎ᠠ᠃  ᠬᠠᠷᠢᠭᠤᠴᠠᠬᠤ ᠨᠢᠬᠡᠴᠡ᠄  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ      ᠵᠢᠷᠭᠤᠭ᠎ᠠ ᠳᠤ᠂ ᠪᠣᠤᠴᠠᠩ ᠪᠠᠯᠭᠠᠰᠤᠨ ᠤ  ᠬᠦᠸᠧ ᠹᠠᠩ ᠪᠠᠷᠠᠭᠤᠨ ᠵᠡᠭᠡᠯᠢ ᠶᠢᠨ ᠠᠭᠤᠳᠠᠮ ᠲᠠᠯᠠᠪᠠᠢ ᠵᠢᠴᠢ ᠲᠡᠷᠭᠡᠨ ᠵᠣᠭᠰᠣᠭᠠᠯ   ᠢ ᠪᠠᠶᠢᠭᠤᠯᠬᠤ ᠲᠥᠷᠥᠯ ᠵᠦᠢᠯ᠃ ᠶᠡᠷᠦᠩᠬᠡᠢ ᠪᠡᠯᠡ ᠣᠷᠣᠭᠤᠯᠤᠯᠲᠠ ᠨᠢ 1200 ᠲᠦᠮᠡᠨ ᠲᠥᠭᠦᠷᠢᠭ᠃ ᠤᠳᠤ ᠶᠠᠭ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠠᠷᠳᠠᠮ ᠢ ᠭᠦᠢᠴᠡᠳᠬᠡᠵᠦ ᠪᠤᠢ᠂ ᠵᠢᠱᠢᠯᠲᠡ ᠪᠠᠷ 2022 ᠣᠨ ᠤ 5 ᠰᠠᠷ᠎ᠠ ᠳᠤ ᠪᠠᠷᠢᠯᠭ᠎ᠠ ᠡᠬᠢᠯᠡᠵᠦ 10 ᠰᠠᠷ᠎ᠠ ᠳᠤ ᠳᠠᠭᠤᠰᠤᠨ᠎ᠠ᠃ ᠲᠥᠷᠥᠯ ᠵᠦᠢᠯ ᠳᠤ 13400 ᠬᠠᠪᠳᠠᠭᠠᠢ ᠳᠥᠷᠪᠡᠯᠵᠢᠨ ᠮᠧᠲᠷ ᠭᠠᠵᠠᠷ ᠢ ᠳᠡᠪᠢᠰᠴᠦ᠂  6459.3 ᠬᠠᠪᠳᠠᠭᠠᠢ ᠳᠥᠷᠪᠡᠯᠵᠢᠨ ᠮᠧᠲᠷ ᠵᠦᠯᠬᠡ ᠭᠠᠵᠠᠷ᠂ 265 ᠲᠡᠷᠭᠡᠨ ᠤ ᠵᠣᠭᠰᠣᠭᠠᠯ ᠵᠢᠴᠢ ᠰᠠᠭᠤᠷᠢ ᠲᠥᠬᠦᠭᠡᠷᠦᠮᠵᠢ ᠶᠢ ᠰᠢᠨ᠎ᠡ  ᠪᠠᠷ ᠪᠠᠶᠢᠭᠤᠯᠤᠨ᠂ ᠪᠣᠤᠴᠠᠩ ᠪᠠᠯᠭᠠᠰᠤᠨ ᠤ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ ᠢ ᠪᠦᠲᠦᠮᠵᠢᠲᠡᠢ  ᠰᠢᠢᠳᠪᠦᠷᠢᠯᠡᠬᠦ ᠪᠤᠯᠤᠨ᠎ᠠ᠃  ᠬᠠᠷᠢᠭᠤᠴᠠᠬᠤ ᠨᠢᠬᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ  ᠃      ᠲᠦᠯᠦᠭᠡᠯᠡᠭᠴᠢᠳ ᠡ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠪᠤᠯ ᠠᠷᠠᠳ  ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢᠨ ᠴᠢᠬᠤᠯᠠ  ᠠᠭᠤᠯᠭ᠎ᠠ᠂ ᠬᠤᠰᠢᠭᠤ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ  ᠠᠷᠠᠳ ᠲᠦᠮᠡᠨ ᠳᠤ ᠬᠢᠭᠰᠡᠨ ᠲᠦᠪ ᠴᠢᠩᠭ᠎ᠠ ᠠᠮᠠᠯᠠᠯᠳᠠ ᠪᠤᠯᠤᠨ᠎ᠠ᠃  ᠬᠤᠰᠢᠭᠤ ᠵᠠᠰᠠᠭ ᠤᠨ ᠤᠷᠳᠤᠨ ᠨᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ   ᠪᠠᠶᠢᠷᠢᠯᠠᠭᠤᠯᠵᠤ᠂  ᠢᠵᠢ ᠪᠦᠷᠢᠳᠦᠭᠰᠡᠨ ᠪᠡᠯᠡ  ᠮᠦᠩᠬᠦ ᠶᠢ ᠲᠤᠭ᠎ᠠ ᠶᠤᠰᠤᠭᠠᠷ ᠲᠤᠬᠢᠷᠠᠭᠤᠯᠤᠨ᠂   ᠲᠦᠷᠦᠯ ᠵᠦᠢᠯ ᠤᠨ ᠠᠬᠢᠴᠠ ᠶᠢ ᠴᠢᠩᠭ᠎ᠠ ᠠᠳᠬᠤᠵᠤ᠂  ᠠᠵᠢᠯ ᠡᠬᠦᠷᠭᠡ ᠶᠢ ᠪᠠᠷᠢᠮᠵᠢᠶ᠎ᠠ ᠦᠨᠳᠦᠷ ᠴᠢᠨᠠᠷ ᠰᠠᠶᠢᠳᠠᠢ ᠪᠡᠶᠡᠯᠡᠬᠦᠯᠦᠨ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠳᠤ ᠨᠢᠬᠡᠨ ᠬᠤᠪᠢ ᠬᠠᠨᠤᠮᠵᠢᠳᠠᠢ ᠬᠠᠷᠢᠭᠤᠯᠳᠠ ᠦᠭᠬᠦ ᠪᠠᠷ ᠪᠠᠶᠢᠭ᠎ᠠ᠃  
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号