ᠵᠠᠰᠠᠭ   ᠤᠨ  ᠣᠷᠳᠣᠨ   ᠤ  ᠠᠵᠢᠯ   ᠤᠨ  ᠢᠯᠡᠳᠬᠡᠯ
ᠨᠡᠶᠢᠲᠡᠯᠡᠭᠰᠡᠨ ᠴᠠᠭ᠄
2022/1/10
ᠲᠠᠶᠢᠹᠤᠰᠧ   ᠬᠤᠰᠢᠭᠤᠨ   ᠤ    ᠠᠷᠪᠠᠨ    ᠵᠢᠷᠭᠤᠳᠤᠭᠠᠷ   ᠬᠤᠭᠤᠴᠠᠭᠠᠨ     ᠤ   ᠠᠷᠠᠳ   ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠪᠢᠴᠢᠭ ᠮᠠᠲ᠋ᠧᠷᠢᠶᠠᠯ  ︵18︶                                                                              ᠵᠠᠰᠠᠭ   ᠤᠨ   ᠣᠷᠳᠣᠨ   ᠤ   ᠠᠵᠢᠯ   ᠤᠨ   ᠢᠯᠡᠳᠬᠡᠯ                                                                            ᠲᠠᠶᠢᠹᠤᠰᠧ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ                                                                           ᠲᠥᠯᠥᠭᠡᠯᠡᠭᠴᠢᠳ  ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ                                                                                     ︵2022 ᠣᠨ ᠤ 1 ᠰᠠᠷᠠᠶᠢᠨ 7 ᠤ ᠡᠳᠦᠷ︶                                                                                                    ᠴᠧᠨ  ᠶᠠᠨ  ᠪᠤᠤ ᠲᠦᠯᠦᠭᠡᠯᠡᠭᠴᠢᠳ ᠡ  ᠄    ᠣᠳᠣ ᠪᠢ ᠲᠠᠶᠢᠹᠤᠰᠧ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠦ ᠶᠡᠭᠡ ᠬᠤᠷᠠᠯ ᠳᠤ ᠠᠵᠢᠯ  ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂  ᠮᠦᠨᠴᠦ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠤᠨ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃     ᠨᠢᠭᠡ᠂ ᠠᠷᠪᠠᠨ ᠲᠠᠪᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ    ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠨᠠᠰᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠡᠭᠡ ᠰᠢᠯᠭᠠᠯᠲᠠ᠂ ᠠᠵᠤ ᠠᠬᠤᠶ ᠶᠢᠨ ᠪᠠᠭᠤᠷᠠᠯᠲᠠ ᠶᠢᠨ ᠶᠡᠭᠡ ᠥᠷᠢᠰᠥᠯᠳᠦᠭᠡᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠠᠳᠠᠭᠤ ᠲᠠᠪᠠᠭᠠᠨ ᠤ ᠡᠮᠦᠨ᠎ᠡ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂  ᠠᠶᠢᠮᠠᠭ ᠤᠨ ᠵᠠᠬᠢᠷᠭ᠎ᠠ ᠪᠣᠯᠤᠨ  ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠣᠷ᠎ᠠ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠠᠮ ᠨᠡᠭᠡᠭᠡᠨ  ᠡᠷᠡᠮᠡᠬᠡᠶᠢᠯᠡᠨ ᠤᠷᠤᠭᠰᠢᠯᠠᠵᠤ᠂ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠦᠬᠡᠳ᠂  ᠵᠢᠱᠢᠯᠲᠠ ᠪᠠᠷ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠵᠢᠯ ᠳᠤᠮᠳᠠᠴᠢ  ᠶᠢᠨ 5.9 % ᠪᠠᠷ ᠨᠡᠮᠡᠭᠳᠡᠨ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ 10% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 10.3%   ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ 2.1% ᠪᠠᠷ ᠨᠡᠮᠡᠭᠳᠡᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ  ᠪᠤᠯᠬᠤᠶᠢᠴᠠ ᠣᠷᠣᠯᠭ᠎ᠠ ᠲᠤᠰᠪᠤᠷᠢ 2.3% ᠪᠠ 9.3% ᠪᠠᠷ ᠨᠡᠮᠡᠭᠳᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠲᠦᠷᠦᠯ ᠤᠨ ᠬᠦᠢᠴᠡᠳᠬᠡᠯ ᠲᠤᠭ᠎ᠠ ᠶᠢ ᠬᠢᠵᠠᠭᠠᠷᠯᠠᠬᠤ ᠬᠡᠪᠴᠢᠶᠡᠨ ᠳᠤ ᠴᠢᠩᠭ᠎ᠠ ᠬᠢᠵᠠᠭᠠᠷᠯᠠᠵᠤ᠂  ᠲᠠᠶᠢᠹᠤᠰᠧ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ  ᠡᠬᠦᠳᠦᠭᠰᠡᠨ ᠪᠠᠶᠢᠨ᠎ᠠ᠃    ( ᠨᠢᠭᠡ ) ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠭᠰᠠᠨ  ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠠᠮᠤᠭ ᠤᠨ ᠶᠡᠭᠡ ᠤᠯᠤᠰ ᠲᠥᠷᠥ ᠶᠢᠨ ᠬᠠᠷᠢᠭᠤᠴᠠᠯᠭ᠎ᠠ᠂ ᠬᠠᠮᠤᠭ ᠤᠨ ᠶᠡᠭᠡ ᠠᠷᠠᠳ  ᠤᠨ ᠠᠮᠢᠳᠤᠷᠠᠯ ᠤᠨ ᠢᠨᠵᠧᠨᠧᠷᠢᠩ ᠪᠠ ᠬᠠᠮᠤᠭ ᠤᠨ ᠶᠡᠭᠡ ᠬᠥᠭᠵᠢᠯᠲᠡ ᠶᠢᠨ ᠠᠵᠠ ᠲᠣᠬᠢᠶᠠᠯ ᠪᠤᠯᠭᠠᠨ᠂ ᠣᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠡᠶᠢᠲᠡ 22 .2 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠤᠷᠤᠭᠤᠯᠤᠨ᠂ 122 ᠲᠦᠷᠦᠯ ᠤᠨ ᠶᠠᠳᠠᠭᠤ ᠶᠢ ᠲᠡᠳᠬᠦᠬᠦ ᠲᠥᠷᠥᠯ ᠵᠦᠶᠯ ᠢ ᠬᠡᠷᠡᠭᠵᠢᠭᠦᠯᠵᠦ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ   ᠢ ᠢᠯᠡᠳᠲᠡ ᠰᠠᠶᠢᠵᠢᠷᠠᠭᠤᠯᠤᠨ᠂ 《 ᠬᠤᠶᠠᠷ ᠲᠤ ᠦᠯᠦ ᠵᠣᠪᠠᠭ᠋ᠤ  ᠂ ᠭᠤᠷᠪᠠ ᠶᠢ ᠵᠠᠪᠠᠯ  ᠪᠠᠲᠤᠯᠠᠬᠤ 》 ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠪᠡ  ᠃ ᠪᠥᠬᠦ ᠬᠤᠰᠢᠭᠤᠨ ᠤ 73 ᠶᠠᠳᠠᠭᠤ ᠬᠦᠴᠢᠷᠳᠡᠯᠲᠡᠶ ᠲᠣᠰᠬᠤᠨ ᠪᠦᠬᠦᠨ ᠢᠶᠠᠷ ᠢᠶᠠᠨ ᠶᠠᠳᠠᠭᠤ ᠶᠢᠨ ᠡᠩᠨᠡᠭᠡ ᠠᠴᠠ ᠭᠠᠷᠴᠤ᠂ 9919 ᠡᠷᠦᠬᠡ 20837  ᠬᠥᠮᠦᠨ ᠠᠮᠠ ᠲᠣᠭᠲᠠᠭᠤᠨ ᠢᠶᠠᠷ ᠶᠠᠳᠠᠭᠤ ᠠᠴᠠ ᠠᠩᠬᠢᠵᠢᠷᠠᠭᠠᠳ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ   ᠶᠢᠨ ᠮᠠᠯᠠᠭᠠᠢ ᠪᠠᠨ ᠠᠪᠴᠤ ᠬᠠᠶᠠᠵᠠᠢ  ᠃ 176 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠦᠬᠦᠨ ᠢᠶᠠᠷ ᠢᠶᠠᠨ 7 ᠲᠦᠮᠡᠨ ᠲᠥᠭᠦᠷᠢᠭ ᠢ ᠳᠠᠪᠠᠵᠤ᠂ ᠡᠭᠦᠨ ᠳᠤ 73 ᠭᠤᠤᠯᠳᠠᠯᠭ᠎ᠠ ᠲᠠᠢ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ  ᠶᠢᠨ ᠣᠷᠣᠯᠭ᠎ᠠ ᠨᠢ ᠪᠦᠷ 25 ᠲᠦᠮᠡᠨ ᠲᠥᠭᠦᠷᠢᠭ ᠢ ᠲᠠᠪᠠᠭᠠᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ  ᠃  ᠮᠠᠨ ᠤ ᠬᠤᠰᠢᠭᠤᠨ ᠤ《 3 + 3 》 ᠠᠵᠤ ᠦᠶᠯᠡᠰ ᠢᠶᠠᠷ ᠶᠠᠳᠠᠭᠤ ᠶᠢ ᠲᠡᠳᠬᠦᠬᠦ  ᠂《  ᠵᠠᠬᠢᠶᠠᠯᠠᠭ᠎ᠠ ᠶᠢᠨ ᠬᠡᠯᠪᠡᠷᠢᠳᠦ 》ᠠᠵᠤ ᠦᠶᠯᠡᠰ ᠢᠶᠠᠷ ᠣᠷᠣᠯᠭ᠎ᠠ ᠪᠠᠨ ᠨᠡᠮᠡᠭᠳᠡᠭᠦᠯᠬᠦ᠂ ᠪᠥᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠡᠭ  ᠲᠤᠭᠳᠠᠵᠤ ᠬᠠᠪᠰᠤᠷᠤᠨ ᠲᠡᠳᠬᠦᠬᠦ ᠪᠠ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠳᠤᠷᠠᠯᠴᠠᠭ᠎ᠠ ᠵᠡᠷᠭᠡ ᠠᠷᠭ᠎ᠠ ᠲᠤᠷᠰᠢᠯᠭ᠎ᠠ   ᠶᠢ ᠪᠥᠬᠦ ᠠᠶᠢᠮᠠᠭ ᠲᠤ  ᠲᠡᠯᠭᠡᠷᠡᠬᠦᠯᠦᠬᠡᠳ᠂ ᠡᠯ᠎ᠡ ᠱᠠᠲᠤᠨ ᠤ ᠤᠳᠤᠷᠢᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠪᠦᠷᠢᠨ ᠨᠤᠲᠠᠯᠠᠯᠲᠠ  ᠶᠢ ᠤᠯᠪᠠ  ᠃ ᠬᠠᠲᠠᠭᠤᠵᠢᠯᠲᠠᠢ ᠴᠢᠷᠮᠠᠶᠢᠯᠭ᠎ᠠ ᠪᠠᠷ ᠲᠠᠮᠵᠢᠭᠠᠳ ᠪᠢᠳᠡ ᠬᠠᠷᠢᠴᠠᠯᠠᠰᠢᠭᠦᠢ ᠶᠠᠳᠠᠭᠤ ᠬᠦᠴᠢᠷᠳᠡᠯ ᠢ  ᠨᠢᠬᠡᠨᠳᠡ ᠠᠷᠢᠯᠭᠠᠵᠤ᠂ ᠪᠦᠬᠦ ᠤᠯᠤᠰ᠂ ᠪᠦᠬᠦ ᠣᠷᠣᠨ᠂ ᠪᠦᠬᠦ ᠠᠶᠢᠮᠠᠭ   ᠯᠤᠭ᠎ᠠ ᠠᠯᠬᠤᠭ᠎ᠠ ᠨᠢᠬᠡᠳᠡᠢ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ᠂ ᠪᠦᠬᠦ ᠬᠤᠰᠢᠭᠤᠨ ᠤ  ᠡᠯ᠎ᠡ ᠦᠨᠳᠦᠰᠦᠲᠡᠨ ᠤ ᠣᠯᠠᠨ ᠲᠦᠮᠡᠨ ᠳᠤ  ᠠᠮᠠᠯᠳᠠᠭᠰᠠᠨ ᠲᠥᠪ ᠴᠢᠩᠭ᠎ᠠ ᠠᠮᠠᠯᠠᠯᠲᠠ ᠪᠠᠨ ᠪᠡᠶᠡᠯᠡᠬᠦᠯᠵᠡᠢ  ᠃  ᠡᠨᠡ  ᠬᠤᠭᠤᠴᠠᠭᠠᠨ ᠳᠤ᠂ ᠮᠠᠨ  ᠤ ᠬᠤᠰᠢᠭᠤᠨ ᠤ 1 ᠬᠠᠮᠲᠤ  ᠂ 3 ᠬᠥᠮᠦᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠱᠠᠩᠨᠠᠯ ᠬᠦᠬᠢᠬᠦᠯᠦᠯ ᠢ  ᠬᠦᠷᠳᠡᠵᠦ᠂  4 ᠬᠠᠮᠲᠤ  ᠂ 6 ᠬᠥᠮᠦᠨ ᠪᠥᠬᠦ ᠣᠷᠣᠨ ᠤ ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ  ᠃  ᠡᠨᠡ ᠪᠣᠯ ᠲᠠᠶᠢᠹᠤᠰᠧ ᠬᠤᠰᠢᠭᠤᠨ ᠤ ᠲᠡᠦᠬᠡᠨ ᠳᠠᠬᠢ ᠠᠭᠤᠤ ᠶᠡᠭᠡ ᠠᠮᠵᠢᠯᠲᠠ ᠪᠦᠳᠦᠮᠵᠢ᠂ ᠬᠤᠰᠢᠭᠤ ᠲᠠᠶᠠᠭᠠᠷ   ᠢᠶᠠᠨ ᠴᠢᠷᠮᠠᠶᠢᠵᠤ ᠠᠪᠴᠢᠷᠠᠭᠰᠠᠨ ᠢᠷᠠᠭᠤ ᠠᠯᠳᠠᠷ ᠦᠩᠭᠡ ᠭᠡᠷᠡᠯ  ᠪᠠᠶᠢᠭ᠎ᠠ᠂  ᠪᠢᠳᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠭᠠᠪᠰᠢᠭᠠᠶᠢᠯᠠᠨ ᠤᠷᠤᠯᠴᠠᠭᠰᠠᠨ ᠪᠦᠬᠦ ᠬᠦᠮᠦᠰ ᠲᠤ ᠬᠦᠨᠳᠦᠳᠬᠡᠯ ᠲᠡᠪᠰᠢᠬᠦᠯᠬᠦ ᠶᠤᠰᠤᠳᠠᠢ᠃      ( ᠬᠤᠶᠠᠷ ) ᠠᠵᠤ ᠦᠢᠯᠡᠰ ᠤᠨ ᠪᠦᠲᠦᠴᠡ ᠠᠯᠬᠤᠮ ᠠᠯᠬᠤᠮ ᠢᠶᠠᠷ ᠰᠢᠯᠢᠳᠡᠭᠵᠢᠨ᠂ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠰᠠᠶᠢᠨ ᠬᠠᠨᠳᠤᠰᠢ ᠲᠠᠢ ᠪᠤᠯᠤᠭᠰᠠᠨ  ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ  ᠃ 《 ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠬᠦ 》 ᠪᠠᠶᠢᠯᠳᠤᠬᠤ ᠪᠣᠳᠣᠯᠭ᠎ᠠ ᠶᠢ  ᠨᠢᠮᠪᠠᠢ ᠨᠠᠶᠢᠳᠠᠪᠤᠷᠢᠵᠢᠭᠤᠯᠤᠨ᠂  ᠬᠤᠨᠢᠨ ᠤ ᠲᠤᠭ᠎ᠠ 18 ᠲᠦᠮᠡ  ᠪᠠᠭᠤᠷᠠᠵᠤ᠂   ᠰᠠᠶᠢᠨ ᠡᠭᠦᠯᠳᠡᠷ ᠤᠨ ᠮᠢᠬᠠᠨ ᠤ ᠦᠬᠡᠷ 11.5 ᠲᠦᠮᠡᠨ ᠲᠣᠯᠣᠭᠠᠢ ᠳᠤ ᠬᠦᠷᠦᠭᠡᠳ᠂  2000 ᠦᠬᠡᠷ ᠤᠨ ᠭᠡᠪᠴᠢᠶ᠎ᠡ ᠲᠠᠢ ᠪᠣᠷᠳᠣᠨ ᠲᠠᠷᠭᠤᠯᠠᠭᠤᠯᠬᠤ ᠲᠠᠯᠠᠪᠠᠢ 2 ᠰᠠᠭᠤᠷᠢ᠂ 2000  ᠦᠬᠡᠷ ᠤᠨ ᠭᠡᠪᠴᠢᠶ᠎ᠡ  ᠲᠠᠢ ᠦᠷᠡᠵᠢᠭᠦᠯᠦᠨ ᠪᠣᠶᠢᠵᠢᠭᠤᠯᠬᠤ ᠲᠠᠯᠠᠪᠠᠢ 1 ᠰᠠᠭᠤᠷᠢ   ᠶᠢ ᠪᠠᠶᠢᠭᠤᠯᠵᠤ᠂ 100 ᠠᠴᠠ ᠲᠡᠭᠡᠭᠰᠢ ᠦᠬᠡᠷ ᠪᠤᠷᠳᠤᠬᠤ 4 ᠡᠷᠦᠬᠡ ᠲᠠᠢ ᠭᠡᠷ᠎ᠡ ᠲᠤᠭᠳᠠᠵᠠᠢ  ᠃ ᠭᠧ ᠷᠦᠢ ᠳ᠋ᠧ  ᠂ ᠬᠤᠩ ᠵᠢᠩ ᠶᠤᠸᠠᠨ  ᠂ ᠿᠢ ᠱᠧᠩ ᠴᠠᠩ  ᠵᠡᠷᠭᠡ  ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ 《 ᠲᠠᠭᠠᠭᠤᠯᠤᠭᠴᠢ ᠠᠵᠤ ᠠᠬᠤᠶᠢᠯᠠᠯ + ᠰᠠᠭᠤᠷᠢᠨ ᠭᠠᠵᠠᠷ 》 ᠬᠡᠯᠪᠡᠷᠢᠳᠦ ᠠᠵᠤ  ᠦᠢᠯᠡᠰᠵᠢᠭᠰᠡᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠥᠮᠥᠰᠥ  ᠂ ᠶᠠᠮᠠ  ᠶᠢᠨ ᠦᠷ᠎ᠡ᠂ ᠶᠤᠤᠮᠠᠢ᠂ ᠪᠤᠭᠤᠳᠠᠢ᠂  ᠡᠮ ᠤᠨ ᠮᠠᠲ᠋ᠧᠷᠢᠶᠠᠯ᠂ ᠣᠷᠭᠠᠨᠢᠭ ᠢᠳᠡᠰᠢᠨ ᠨᠣᠭᠤᠭ᠎ᠠ᠂ ᠰᠢᠬᠢᠷ ᠯᠤᠤᠪᠠᠩ᠂ ᠥᠨᠳᠥᠷ  ᠤᠨᠠᠯᠳᠠᠳᠤ ᠲᠡᠵᠢᠭᠡᠯ ᠪᠣᠷᠳᠤᠭ᠎ᠠ᠂ ᠴᠢᠨᠠᠷ ᠰᠠᠶᠢᠲᠠᠶ ᠨᠡᠷᠡᠨ ᠬᠤᠸᠠᠷ᠂ ᠢᠨᠳᠢᠶᠠᠨ ᠪᠤᠭᠤᠳᠠᠢ ᠲᠠᠷᠢᠬᠤ ᠪᠠᠷ ᠭᠤᠣᠯ ᠪᠣᠯᠭᠠᠭᠰᠠᠨ 10 ᠵᠤᠷᠪᠤᠰ ᠦᠢᠯᠡᠳᠪᠦᠷᠢᠯᠡᠯ ᠡᠳ᠋ᠰᠢᠬᠦᠯᠦᠯᠳᠡ ᠪᠤᠷᠤᠯᠠᠭᠤᠯᠭ᠎ᠠ ᠶᠢᠨ ᠬᠡᠯᠬᠢᠶᠡᠰᠦ ᠠᠩᠬ᠎ᠠ ᠠᠯᠬᠤᠮ ᠭᠡᠪᠴᠢᠶᠡᠵᠢᠭᠡᠳ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠤᠳᠤ ᠦᠶ᠎ᠡ  ᠶᠢᠨ ᠲᠠᠷᠢᠶᠠᠯᠠᠩ ᠤᠨ  ᠰᠢᠨᠵᠢᠯᠡᠭᠡ ᠮᠡᠷᠭᠡᠵᠢᠯ ᠤᠨ ᠬᠦᠷᠢᠶᠡᠯᠡᠩ   ᠤᠨ ᠪᠦᠳᠦᠬᠡᠨ ᠪᠠᠶᠢᠭᠤᠯᠤᠯᠳᠠ ᠡᠬᠢᠯᠡᠭᠰᠡᠨ ᠪᠠᠶᠢᠨ᠎ᠠ᠃  ᠠᠵᠤ ᠦᠶᠯᠡᠳᠪᠦᠷᠢ ᠶᠢᠨ ᠠᠵᠤ ᠠᠬᠤᠢ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ  ᠃ ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠭᠡᠷᠡᠭᠵᠢᠬᠦᠯᠵᠦ᠂ ᠲᠠᠭᠠᠭᠤᠯᠤᠭᠴᠢ ᠶᠢ ᠬᠦᠴᠦᠷᠭᠡᠭᠵᠢᠬᠦᠯᠬᠦ᠂  ᠬᠡᠯᠬᠢᠶᠡᠰᠦ ᠶᠢ ᠨᠦᠬᠦᠪᠦᠷᠢᠯᠡᠬᠦ᠂ ᠠᠵᠤ ᠠᠬᠤᠶᠢᠯᠠᠯ ᠢ ᠲᠦᠪᠯᠡᠷᠡᠬᠦᠯᠬᠦ ᠶᠢ ᠪᠠᠷᠢᠮᠳᠠᠯᠠᠨ᠂ ᠲᠠᠩ ᠾᠧ  ᠵᠤᠬᠢᠶᠠᠮᠠᠯ ᠠᠯᠮᠠᠰ ᠤᠨ ᠦᠢᠯᠡᠳᠪᠦᠷᠢ᠂ ᠡᠤ ᠹᠧᠩ ᠮᠢᠬᠠᠨ ᠤ ᠦᠬᠡᠷ ᠨᠠᠷᠢᠯᠢᠭ ᠡᠳ᠋ᠰᠢᠭᠦᠯᠬᠦ ᠲᠦᠷᠦᠯ ᠵᠦᠢᠯ᠂  ᠪᠠᠶ ᠬᠤᠶ ᠱᠧᠩ ᠰᠢᠬᠢᠷ ᠤᠨ ᠦᠢᠯᠡᠳᠪᠦᠷᠢ᠂ ᠱᠧᠩ ᠲᠠᠢ ᠡᠯ ᠡᠮ ᠤᠨ ᠦᠢᠯᠡᠳᠪᠦᠷᠢ᠂ ᠰᠢᠶᠦ᠋ᠩ ᠠᠨ ᠴᠠᠭᠠᠰᠤ ᠰᠦᠯᠢᠶᠣᠣ ᠪᠦᠲᠦᠭᠡᠭᠳᠡᠬᠦᠨ ᠤ ᠦᠢᠯᠡᠳᠪᠦᠷᠢ᠂ 85 ᠲᠦᠮᠡᠨ ᠺᠢᠯᠣᠸᠠᠲ  ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠵᠡᠷᠭᠡ ᠪᠡᠯᠡ ᠣᠷᠣᠭᠤᠯᠤᠯᠲᠠ ᠨᠢ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 12 ᠢ ᠤᠷᠤᠭᠤᠯᠤᠨ ᠠᠪᠴᠢᠷᠠᠵᠤ᠂᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ 19 ᠡᠷᠦᠬᠡ ᠳᠤ ᠬᠦᠷᠦᠭᠡᠳ᠂ ᠠᠵᠤ ᠦᠶᠯᠡᠳᠪᠦᠷᠢ ᠶᠢᠨ ᠭᠠᠶᠢᠯᠢ   ᠶᠢᠨ ᠡᠵᠡᠯᠡᠬᠦ ᠬᠠᠷᠢᠴᠠᠯ 45 % ᠶᠢ ᠲᠠᠪᠠᠵᠤ᠂  ᠮᠠᠯ ᠤᠨ ᠠᠰᠢᠭ ᠰᠢᠮ᠎ᠡ ᠲᠠᠷᠢᠶᠠᠯᠠᠩ   ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ  ᠂  ᠲᠤᠨᠤᠭ ᠲᠦᠬᠦᠭᠡᠷᠦᠮᠵᠢ ᠦᠢᠯᠡᠳᠬᠦ᠂ ᠰᠢᠨ᠎ᠡ ᠮᠠᠲ᠋ᠧᠷᠢᠶᠠᠯ ᠦᠢᠯᠡᠳᠬᠦ᠂ ᠳᠡᠭᠡᠳᠦ ᠰᠢᠨ᠎ᠡ ᠮᠡᠷᠭᠡᠵᠢᠯ ᠪᠠ ᠬᠥᠩᠭᠡᠨ ᠠᠵᠤ ᠦᠶᠯᠡᠳᠪᠦᠷᠢ ᠪᠠᠷᠢᠯᠭ᠎ᠠ ᠶᠢᠨ ᠮᠠᠲ᠋ᠧᠷᠢᠶᠠᠯ  ᠤᠨ ᠠᠵᠢᠯ ᠲᠥᠷᠥᠯ ᠢᠶᠠᠷ  ᠨᠢᠷᠤᠭᠤ ᠪᠤᠯᠭᠠᠵᠤ᠂  ᠮᠢᠬ᠎ᠠ᠂ ᠠᠷᠢᠬᠢ᠂ ᠲᠣᠰᠣ᠂ ᠰᠢᠬᠢᠷ᠂ ᠡᠮ᠂   ᠰᠦᠯᠢᠶᠤᠤ᠂ ᠴᠠᠬᠢᠯᠭᠠᠨ ᠢᠶᠠᠷ ᠲᠤᠯᠭᠠᠭᠤᠷᠢ ᠪᠣᠯᠭᠠᠭᠰᠠᠨ ᠣᠳᠣ ᠦᠶ᠎ᠡ ᠶᠢᠨ ᠠᠵᠤ ᠦᠶᠯᠡᠳᠪᠦᠷᠢ ᠶᠢᠨ ᠰᠢᠰᠲ᠋ᠧᠮ ᠠᠩᠬ᠎ᠠ ᠠᠯᠬᠤᠮ ᠲᠦᠯᠦᠪᠰᠢᠷᠡᠨ ᠪᠦᠷᠢᠯᠳᠦᠵᠡᠢ᠃ ᠪᠤᠤᠴᠠᠩ  ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠬᠦᠷᠢᠶᠡᠯᠡᠩ ᠲᠣᠭᠤᠷᠢᠭ ᠪᠣᠯᠤᠨ ᠳᠡᠰ ᠳᠡᠪᠰᠢᠵᠦ᠂ ᠣᠷᠣᠵᠤ  ᠨᠤᠳᠤᠭᠰᠢᠭᠰᠠᠨ ᠠᠵᠤ ᠠᠬᠤᠶᠢᠯᠠᠯ 17 ᠡᠷᠦᠬᠡ ᠪᠠᠶᠢᠭᠰᠠᠨ ᠠᠴᠠ ᠪᠠᠨ 55 ᠡᠷᠦᠬᠡ ᠪᠤᠯᠵᠤ ᠨᠡᠮᠡᠭᠳᠡᠨ᠂ ᠠᠵᠤ ᠦᠶᠯᠡᠳᠪᠦᠷᠢ ᠶᠢᠨ ᠠᠵᠤ ᠦᠢᠯᠡᠰ ᠤᠨ ᠲᠥᠷᠥᠯ 4 ᠶᠡᠭᠡ ᠲᠥᠷᠥᠯ ᠪᠠᠶᠢᠭᠰᠠᠨ ᠠᠴᠠ  ᠪᠠᠨ 10 ᠶᠡᠭᠡ ᠲᠥᠷᠥᠯ ᠪᠣᠯᠤᠨ ᠨᠡᠮᠡᠭᠳᠡᠵᠦ᠂ ᠠᠵᠤ ᠦᠶᠯᠡᠳᠪᠦᠷᠢ ᠶᠢᠨ ᠦᠢᠯᠡᠳᠬᠦᠨ 10 ᠵᠦᠢᠯ ᠪᠠᠶᠢᠭᠰᠠᠨ  ᠠᠴᠠ ᠪᠠᠨ ᠵᠠᠭᠤᠭᠠᠳ ᠵᠦᠢᠯ ᠪᠤᠯᠵᠤ ᠨᠡᠮᠡᠭᠳᠡᠨ  ᠂ ᠠᠵᠢᠯ  ᠤᠯᠭᠤᠯᠳᠠ ᠶᠢᠨ ᠬᠡᠮᠵᠢᠶ᠎ᠡ 1500 ᠬᠥᠮᠦᠨ ᠪᠠᠶᠢᠭᠰᠠᠨ  ᠠᠴᠠ ᠪᠠᠨ 3100 ᠬᠥᠮᠦᠨ ᠪᠤᠯᠵᠤ ᠨᠡᠮᠡᠭᠳᠡᠭᠰᠡᠨ ᠪᠠᠶᠢᠨ᠎ᠠ  ᠃ ᠭᠤᠷᠪᠠᠳᠤᠭᠠᠷ ᠠᠵᠤ ᠦᠢᠯᠡᠰ ᠤᠨ ᠳᠠᠪᠠᠭᠤᠯᠢᠭ ᠡᠳᠦᠷ ᠢᠷᠡᠬᠦᠶ᠎ᠡ ᠲᠤᠪᠤᠶᠢᠭᠰᠠᠨ  ᠃ ᠠᠳᠤᠭᠤᠨ ᠤ ᠠᠵᠤ ᠦᠢᠯᠡᠰ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠪᠦᠳᠦᠴᠡ ᠠᠯᠬᠤᠮ ᠠᠯᠬᠤᠮ ᠢᠶᠠᠷ  ᠪᠦᠷᠢᠯᠳᠦᠨ᠂ ᠵᠢᠭᠤᠯᠴᠢᠯᠠᠭᠴᠢ ᠳᠤ ᠦᠢᠯᠡᠴᠢᠯᠡᠬᠦ ᠲᠥᠪ ᠤᠨ ᠪᠦᠳᠦᠬᠡᠨ ᠪᠠᠶᠢᠭᠤᠯᠤᠯᠳᠠ ᠲᠦᠷᠭᠡᠨ ᠠᠬᠢᠵᠤ᠂ ᠬᠠᠭᠠᠨ ᠤ ᠠᠳᠤᠭᠤᠨ ᠵᠤᠰᠠᠭᠠᠯ ᠦᠵᠡᠮᠵᠢ  ᠶᠢᠨ ᠤᠷᠤᠨ᠂  ᠪᠢᠶᠠᠨ ᠴᠢᠶᠠᠩ ᠵᠢᠭᠤᠯᠠᠴᠢᠯᠠᠯ ᠤᠨ ᠲᠣᠰᠬᠤᠨ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠠᠩᠬ᠎ᠠ ᠠᠯᠬᠤᠮ ᠭᠡᠪᠴᠢᠶᠡᠵᠢᠨ᠂ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠪᠤᠯᠤᠭᠰᠠᠨ ᠦᠵᠡᠮᠵᠢ ᠶᠢᠨ ᠣᠷᠣᠨ 9 ᠡᠷᠦᠬᠡ᠂  ᠮᠠᠯᠵᠢᠬᠤ ᠲᠠᠷᠢᠶᠠᠯᠠᠬᠤ ᠤᠷᠤᠨ ᠤ ᠵᠢᠭᠤᠯᠴᠢᠯᠠᠯ ᠤᠨ ᠴᠡᠭ 90 ᠡᠷᠦᠬᠡ ᠳᠤ ᠬᠦᠷᠴᠦ᠂ ᠪᠣᠤᠴᠠᠩ ᠪᠠᠯᠭᠠᠰᠤᠨ ᠤ  ᠪᠢᠶᠠᠨ ᠴᠢᠶᠠᠩ ᠲᠣᠰᠬᠤᠨ ᠨᠢ ᠪᠦᠬᠦ ᠤᠯᠤᠰ ᠤᠨ ᠬᠥᠳᠡᠭᠡ ᠲᠣᠰᠬᠤᠨ ᠤ  ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠲᠣᠰᠬᠤᠨ ᠢᠶᠠᠷ ᠦᠨᠡᠯᠡᠭᠳᠡᠵᠡᠢ  ᠃ ᠤᠯᠤᠰ᠂ ᠣᠷᠣᠨ ᠤ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠵᠢᠱᠢᠶ᠎ᠡ ᠦᠵᠡᠭᠦᠯᠬᠦ ᠲᠥᠷᠥᠯ ᠵᠦᠶᠯ ᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠲᠠᠰ ᠤᠨ ᠶᠡᠷᠦᠩᠬᠡᠶᠢᠯᠡᠭᠰᠡᠨ ᠵᠢᠱᠢᠶ᠎ᠡ  ᠦᠵᠡᠬᠦᠯᠬᠡ ᠶᠢᠨ ᠲᠠᠰ ᠳᠡᠪᠰᠢᠭᠰᠡᠨ ᠭᠡᠪ ᠤᠨ ᠣᠷᠣᠨ ᠪᠤᠯᠤᠭᠠᠳ᠂   ᠬᠦᠮᠦᠷᠭᠡᠯᠡᠨ ᠬᠠᠳᠠᠭᠠᠯᠠᠵᠤ ᠲᠤᠬᠢᠷᠠᠭᠤᠯᠤᠨ ᠬᠦᠷᠭᠡᠬᠦ ᠲᠥᠪ᠂    ᠣᠨᠴᠠ ᠭᠠᠷᠤᠯᠲᠠ ᠡᠳ᠋ᠰᠢᠬᠦᠯᠦᠨ ᠪᠣᠯᠪᠠᠰᠤᠷᠠᠭᠤᠯᠬᠤ ᠠᠵᠤ ᠦᠶᠯᠡᠰ ᠤᠨ ᠬᠦᠷᠢᠶᠡᠯᠡᠩ ᠵᠡᠷᠭᠡ ᠲᠥᠷᠥᠯ ᠵᠦᠶᠯ ᠠᠰᠢᠭᠯᠠᠯᠲᠠ ᠳᠤ ᠣᠷᠣᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ 11 ᠡᠷᠦᠬᠡ᠂ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ 41 ᠡᠷᠦᠬᠡ᠂ ᠰᠦᠯᠵᠢᠶᠡᠨ ᠤ ᠠᠷᠠᠯᠵᠢᠶᠠᠴᠢᠨ 943 ᠡᠷᠦᠬᠡ ᠳᠤ ᠬᠦᠷᠴᠦ᠂   ᠠᠷᠠᠯᠵᠢᠶᠠᠨ ᠤ ᠬᠡᠮᠵᠢᠶ᠎ᠡ  13.6 ᠳ᠋ᠦᠩᠰᠢᠭᠤᠷ ᠲᠥᠭᠦᠷᠢᠭ ᠢ ᠲᠠᠪᠠᠭᠰᠠᠨ ᠪᠠᠶᠢᠨ᠎ᠠ  ᠃ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠴᠡᠭ 25 ᠪᠤᠯᠵᠤ ᠂ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠰᠪᠤᠷᠢ 78 . 4 ᠳ᠋ᠦᠩᠰᠢᠭᠤᠷ ᠲᠥᠭᠦᠷᠢᠭ ᠪᠠ 65 . 1 ᠳ᠋ᠦᠩᠰᠢᠭᠤᠷ ᠲᠥᠭᠦᠷᠢᠭ ᠲᠤ ᠬᠦᠷᠦᠭᠡᠳ᠂ ᠵᠢᠯ ᠳᠤᠮᠳᠠᠴᠢ ᠶᠢᠨ 7.7 % ᠪᠠ 19.1 %   ᠪᠠᠷ  ᠨᠡᠮᠡᠭᠳᠡᠪᠡ  ᠃      ( ᠭᠤᠷᠪᠠ ) ᠰᠠᠭᠤᠷᠢ ᠲᠦᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠬᠤᠲᠠ ᠬᠥᠳᠡᠭᠡ ᠶᠢᠨ ᠦᠩᠭᠡ ᠲᠦᠷᠬᠦ ᠰᠢᠨᠡᠳᠦᠨ ᠬᠤᠪᠢᠷᠠᠭᠰᠠᠨ᠃ ᠬᠤᠲᠠ ᠪᠠᠯᠭᠠᠰᠤᠨ ᠤ ᠴᠢᠳᠠᠮᠵᠢ ᠶᠢ ᠲᠠᠰᠤᠷᠠᠯᠲᠠ ᠦᠭᠡᠢ ᠨᠡᠮᠡᠭᠳᠡᠬᠦᠯᠪᠡ᠃ 20 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠬᠤᠲᠠ ᠶᠢᠨ ᠵᠠᠮ ᠨᠢ  ᠬᠤᠳᠠ ᠶᠢᠨ ᠵᠡᠭᠡᠯᠢ ᠭᠤᠳᠤᠮᠵᠢ ᠶᠢᠨ ᠲᠠᠯᠠᠪᠠᠶ ᠶᠢᠨ 14.3 % ᠶᠢ ᠡᠵᠡᠯᠡᠨ᠂ ᠪᠣᠬᠢᠷ ᠤᠰᠤ ᠭᠠᠳᠠᠭᠰᠢᠯᠠᠭᠤᠯᠬᠤ᠂ ᠪᠣᠷᠣᠭᠠᠨ ᠤ ᠤᠰᠤ ᠤᠷᠤᠰᠬᠠᠬᠤ ᠵᠢᠴᠢ ᠤᠰᠤ ᠬᠠᠩᠭᠠᠬᠤ᠂ ᠢᠯᠴᠢ ᠬᠠᠩᠭᠠᠬᠤ  ᠲᠤᠤᠷ ᠬᠤᠭᠤᠯᠠᠶ 74 .1 ᠺᠢᠯᠣᠮᠧᠲᠷ ᠤᠭᠰᠠᠷᠠᠵᠠᠢ᠃ ᠬᠤᠲᠠ ᠪᠠᠯᠭᠠᠰᠤᠨ ᠤ ᠬᠡᠰᠡᠭ ᠵᠡᠭᠡᠯᠢ ᠭᠤᠳᠤᠮᠵᠢ᠂ ᠬᠦᠳᠡᠯᠪᠦᠷᠢ ᠶᠢᠨ ᠲᠠᠯᠠᠪᠠᠶ᠂  ᠪᠠᠶᠢᠭᠤᠯᠭ᠎ᠠ ᠨᠢᠭᠡᠴᠡ ᠶᠢᠨ ᠬᠦᠷᠢᠶ᠎ᠡ ᠬᠠᠰᠢᠶ᠎ᠠ ᠳᠤ ᠭᠤᠶᠤᠵᠢᠭᠤᠯᠤᠯᠳᠠ᠂  ᠨᠤᠭᠤᠭᠠᠷᠠᠭᠤᠯᠤᠯᠳᠠ᠂  ᠬᠠᠳᠠᠭᠤᠷᠠᠭᠤᠯᠤᠯᠳᠠ᠂ ᠴᠡᠪᠡᠷᠵᠢᠬᠦᠯᠦᠯᠳᠡ ᠬᠢᠵᠦ᠂ ᠨᠣᠭᠤᠭᠠᠷᠠᠭᠤᠯᠤᠯᠲᠠ ᠶᠢᠨ ᠲᠠᠯᠠᠪᠠᠶ 43 ᠲᠦᠮᠡᠨ ᠬᠠᠪᠳᠠᠭᠠᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠨ᠂ ᠬᠠᠳᠠᠭᠤᠷᠠᠭᠤᠯᠤᠯᠳᠠ ᠶᠢᠨ ᠲᠠᠯᠠᠪᠠᠢ 5 ᠲᠦᠮᠡᠨ ᠬᠠᠪᠳᠠᠭᠠᠢ ᠳᠥᠷᠪᠡᠯᠵᠢᠨ ᠮᠧᠲᠷ ᠢ ᠪᠡᠶᠡᠯᠡᠭᠦᠯᠵᠦ᠂ ᠵᠡᠭᠡᠯᠢ ᠭᠤᠳᠤᠮᠵᠢ ᠶᠢᠨ ᠭᠡᠷᠡᠯᠲᠦᠭᠦᠯᠭᠡ ᠶᠢᠨ ᠨᠣᠷᠮ᠎ᠠ 100 % ᠳᠤ ᠬᠦᠷᠦᠭᠰᠡᠨ ᠪᠠᠶᠢᠨ᠎ᠠ᠃ ᠪᠣᠣᠴᠠᠩ ᠰᠣᠶᠣᠯ ᠤᠨ ᠴᠡᠴᠡᠷᠯᠢᠭ᠂ ᠰᠣᠶᠣᠯ ᠤᠨ ᠠᠭᠤᠳᠠᠮ ᠲᠠᠯᠠᠪᠠᠢ᠂  ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠵᠡᠭᠦᠨ ᠠᠭᠤᠯᠠᠨ ᠤ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠢ  ᠶᠢᠨ ᠣᠢ ᠵᠢᠴᠢ 15 ᠨᠡᠶᠢᠳᠡ ᠶᠢᠨ ᠵᠣᠷᠯᠣᠩ  ᠂ 51 ᠢᠯᠴᠢ ᠰᠤᠯᠢᠭᠳᠠᠭᠤᠯᠬᠤ ᠥᠷᠲᠡᠭᠡ᠂  ᠬᠤᠭ ᠪᠤᠯᠠᠬᠤ ᠲᠠᠯᠠᠪᠠᠢ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦᠨ ᠢ ᠠᠰᠢᠭᠯᠠᠯᠲᠠ ᠳᠤ ᠣᠷᠣᠭᠤᠯᠪᠠ᠃  ᠳᠥᠭᠦᠮ ᠪᠦᠲᠦᠴᠡᠲᠦ ᠣᠷᠣᠨ ᠰᠠᠭᠤᠴᠠ ᠶᠢᠨ ᠦᠬᠡᠷᠡᠴᠢᠯᠡᠨ  ᠪᠠᠶᠢᠭᠤᠯᠬᠤ ᠠᠵᠢᠯ ᠢ ᠠᠬᠢᠭᠤᠯᠵᠤ  ᠂  3 ᠰᠠᠭᠤᠷᠢ ᠣᠷᠣᠨ ᠰᠠᠭᠤᠴᠠ ᠶᠢᠨ ᠲᠣᠭᠤᠷᠢᠭ   ᠢ ᠪᠠᠶᠢᠭᠤᠯᠤᠨ 3651 ᠡᠷᠦᠬᠡ   ᠶᠢ ᠰᠢᠨ᠎ᠡ ᠰᠠᠭᠤᠴᠠ ᠳᠤ ᠨᠡᠬᠦᠯᠭᠡᠭᠰᠡᠨ   ᠤ ᠬᠠᠮᠳᠤ᠂ 14 ᠰᠠᠭᠤᠷᠢ ᠬᠠᠭᠤᠴᠢᠨ ᠰᠠᠭᠤᠭᠠᠯᠢ ᠲᠣᠭᠤᠷᠢᠭ ᠢ ᠵᠠᠰᠠᠨ  ᠰᠢᠨᠡᠳᠬᠡᠵᠡᠢ᠃ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ  ᠤ ᠣᠷᠣᠰᠢᠨ  ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ  ᠭᠡᠷᠡᠭᠵᠢᠬᠦᠯᠦᠨ ᠡᠬᠢᠯᠡᠵᠦ᠂  ᠠᠮᠢᠳᠤᠷᠠᠯ ᠤᠨ ᠬᠤᠭ ᠨᠣᠪᠰᠢ ᠶᠢ ᠲᠦᠪᠯᠡᠷᠡᠬᠦᠯᠦᠨ ᠰᠢᠶᠳᠪᠦᠷᠢᠯᠡᠬᠦ ᠰᠢᠰᠲ᠋ᠧᠮᠵᠢ ᠦᠨᠳᠦᠰᠦᠨ ᠳᠡᠭᠡᠨ ᠪᠦᠷᠢᠳᠦᠬᠡᠳ᠂ ᠬᠤᠭ ᠲᠡᠭᠡᠭᠡᠪᠦᠷᠢᠯᠡᠬᠦ ᠵᠢᠵᠢᠭ ᠲᠡᠷᠭᠡ 100 ᠶᠢ ᠲᠠᠷᠬᠠᠭᠠᠵᠤ᠂ ᠬᠤᠭ   ᠤᠨ ᠬᠠᠶᠢᠷᠴᠠᠭ 1791 ᠶᠢ ᠲᠤᠬᠢᠷᠠᠭᠤᠯᠤᠨ  ᠂  ᠴᠤᠭᠯᠠᠭᠤᠯᠤᠨ ᠵᠦᠬᠡᠬᠡᠪᠦᠷᠢᠯᠡᠬᠦ ᠥᠷᠲᠡᠭᠡ 69᠂ ᠬᠤᠭ   ᠤᠨ ᠤᠩᠭᠤᠴᠠ 1857᠂  ᠨᠡᠶᠢᠲᠡ ᠶᠢᠨ ᠵᠣᠷᠯᠣᠩ 508᠂ ᠰᠢᠨ᠎ᠡ ᠬᠡᠯᠪᠡᠷᠢ ᠶᠢᠨ ᠡᠷᠦᠬᠡ ᠶᠢᠨ ᠵᠣᠷᠯᠣᠩ 3051  ᠶᠢ ᠰᠢᠨ᠎ᠡ ᠪᠠᠷ ᠪᠠᠶᠢᠭᠤᠯᠵᠠᠢ᠃  ᠡᠯᠡᠰᠦᠨ ᠤ ᠡᠬᠢ ᠶᠢ ᠵᠠᠰᠠᠬᠤ ᠵᠡᠷᠭᠡ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠢᠮᠪᠠᠢ ᠬᠡᠷᠡᠭᠵᠢᠭᠦᠯᠵᠦ᠂ 9.8 ᠲᠦᠮᠡᠨ ᠮᠤ᠋ ᠣᠢ ᠰᠢᠭᠤᠢ ᠶᠢᠨ ᠶᠡᠷᠦᠩᠬᠡᠶᠢᠯᠡᠭᠰᠡᠨ ᠪᠠᠶᠢᠭᠤᠯᠤᠯᠲᠠ  ᠶᠢ ᠬᠢᠵᠦ᠂ ᠣᠢ ᠰᠢᠭᠤᠢ ᠶᠢᠨ ᠪᠦᠷᠬᠦᠴᠡ 21 . 9 % ᠳᠤ ᠬᠦᠷᠪᠡ᠃ 128 ᠺᠢᠯᠤᠮᠧᠲᠷ ᠭᠠᠴᠠᠭ᠎ᠠ ᠲᠣᠰᠬᠤᠨ  ᠳᠤ ᠨᠡᠪᠳᠡᠷᠡᠬᠦ ᠵᠠᠮ ᠢ ᠦᠷᠭᠡᠳᠬᠡᠨ ᠵᠠᠰᠠᠵᠤ᠂ 106 ᠺᠢᠯᠤᠮᠧᠲᠷ ᠠᠶᠢᠯ  ᠬᠤᠳᠠᠨ ᠤ ᠬᠤᠭᠤᠷᠤᠨᠳᠤᠬᠢ  ᠵᠠᠮ ᠢ ᠪᠠᠶᠢᠭᠤᠯᠤᠨ  ᠂ 167 ᠺᠢᠯᠤᠮᠧᠲᠷ  ᠴᠠᠷᠳᠠᠮᠠᠯ ᠵᠠᠮ ᠢ ᠲᠡᠰ ᠳᠡᠪᠰᠢᠭᠦᠯᠵᠦ᠂  ︽304︾  ᠱᠤᠭᠤᠮ ᠤᠨ ᠪᠠᠷᠢᠯᠭ᠎ᠠ ᠶᠢ  ᠡᠬᠢᠯᠡᠬᠦᠯᠦᠭᠰᠡᠨ ᠪᠦᠬᠡᠳ ᠪᠡᠭᠡᠵᠢᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠠᠷᠢᠯᠭ᠎ᠠ ᠡᠬᠢᠯᠡᠬᠦ ᠨᠥᠬᠦᠴᠡᠯ ᠢ ᠪᠦᠷᠢᠯᠳᠦᠭᠦᠯᠵᠦ᠂ ᠥᠪᠡᠷᠲᠡᠭᠡᠨ ᠵᠠᠰᠠᠬᠤ ᠣᠷᠣᠨ ᠤ 《 ᠳᠥᠷᠪᠡᠨ ᠰᠠᠶᠢᠨᠲᠠᠢ ᠬᠥᠳᠡᠭᠡ ᠶᠢᠨ ᠵᠠᠮ 》 ᠤᠨ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ 1.7 ᠲᠦᠮᠡᠨ ᠮᠠᠯᠴᠢᠨ ᠲᠠᠷᠢᠶᠠᠴᠢᠨ ᠤ ᠠᠶᠤᠯᠬᠦᠢ ᠤᠰᠤ ᠤᠮᠳᠠ ᠶᠢᠨ ᠠᠰᠠᠭᠤᠳᠠᠯ ᠢ ᠰᠢᠶᠳᠪᠦᠷᠢᠯᠡᠵᠦ᠂ ᠬᠤ᠋ ᠯᠦ ᠢᠤᠢ ᠭᠤᠤᠯ᠂ ᠪᠣᠤᠴᠠᠩ ᠪᠠᠯᠭᠠᠰᠤᠨ ᠤ ᠡᠮᠦᠨ᠎ᠡ ᠭᠤᠤᠯ ᠤᠨ ᠬᠤᠩᠭᠢᠯ᠂ ᠪᠢᠶᠠᠨ ᠴᠢᠶᠠᠩ ᠲᠣᠰᠬᠤᠨ ᠤ ᠦᠶᠡᠷ ᠰᠡᠷᠭᠡᠶᠢᠯᠡᠬᠦ ᠢᠨᠵᠧᠨᠧᠷᠢᠩ ᠢ ᠪᠡᠶᠡᠯᠡᠭᠦᠯᠵᠦ᠂ 97.5  ᠬᠠᠪᠳᠠᠭᠠᠢ ᠳᠥᠷᠪᠡᠯᠵᠢᠨ ᠺᠢᠯᠣᠮᠧᠲᠷ ᠪᠠᠭ᠎ᠠ ᠰᠠᠪᠠ ᠭᠠᠵᠠᠷ ᠲᠤ ᠶᠡᠷᠦᠩᠬᠡᠶᠢᠯᠡᠭᠰᠡᠨ ᠵᠠᠰᠠᠯᠳᠠ ᠬᠢᠵᠡᠢ᠃ 78.3 ᠺᠢᠯᠤᠮᠧᠲᠷ 110 ᠺᠢᠯᠣᠸᠠᠲ ᠪᠤᠶᠤ 35 ᠺᠢᠯᠣᠸᠠᠲ ᠤᠨ ᠴᠠᠬᠢᠯᠭᠠᠨ ᠱᠤᠭᠤᠮ ᠢ ᠰᠢᠨ᠎ᠡ ᠪᠠᠷ ᠪᠠᠶᠢᠭᠤᠯᠤᠨ᠂ 361 ᠺᠢᠯᠤᠮᠧᠲᠷ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠦᠬᠡᠷᠡᠴᠢᠯᠡᠯᠳᠡ ᠶᠢ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠬᠠᠭᠤᠴᠢᠨ ᠴᠠᠬᠢᠯᠭᠠᠨ ᠬᠦᠴᠦᠨ ᠤ  ᠲᠦᠬᠦᠭᠡᠷᠦᠮᠵᠢ ᠶᠢ ᠰᠢᠨᠡᠳᠬᠡᠨ ᠵᠠᠰᠠᠭᠰᠠᠨ ᠨᠣᠷᠮ᠎ᠠ78 . 9 %  ᠳᠤ ᠬᠦᠷᠦᠭᠰᠡᠨ ᠪᠠᠶᠢᠨ᠎ᠠ᠃ 4G ᠳᠣᠬᠢᠶᠠᠨ ᠤ ᠪᠦᠷᠬᠦᠴᠡ ᠶᠢᠨ ᠨᠣᠷᠮ᠎ᠠ 99 % ᠳᠤ ᠬᠦᠷᠴᠦ᠂ 5G ᠰᠠᠭᠤᠷᠢ ᠥᠷᠲᠡᠭᠡ 28  ᠪᠠᠶᠢᠭᠤᠯᠤᠭᠳᠠᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠶ ᠡᠬᠢᠯᠡᠪᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ 《 ᠳᠥᠷᠪᠡ ᠶᠢ ᠦᠯᠦ ᠲᠠᠶᠠᠭᠳᠠᠬᠤ 》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠪᠠ ᠬᠥᠳᠡᠯᠮᠦᠷᠢᠯᠡᠬᠦ ᠴᠢᠳᠠᠪᠤᠷᠢ ᠥᠬᠡᠶ ᠬᠥᠮᠦᠨ ᠠᠮᠠ ᠶᠢ ᠴᠠᠭ ᠲᠤᠬᠠᠶ ᠳᠤᠨᠢ ᠨᠡᠶᠢᠭᠡᠮ ᠤᠨ ᠦᠨᠳᠦᠰᠦᠨ ᠪᠠᠳᠤᠯᠠᠭᠠᠨ ᠳᠤ ᠣᠷᠣᠭᠤᠯᠬᠤ ᠶᠢ ᠪᠠᠳᠤᠯᠠᠵᠠᠢ᠃ 176  ᠭᠠᠴᠠᠭ᠎ᠠ ᠲᠣᠰᠬᠤᠨ ᠳᠤ ᠨᠢᠭᠡᠳᠦᠭᠡᠷ ᠱᠦᠵᠢ ᠪᠠ ᠠᠵᠢᠯᠯᠠᠬᠤ ᠠᠩᠭᠢ ᠶᠢᠨ ᠭᠡᠰᠢᠬᠦᠨ ᠢᠶᠠᠷ 394 ᠬᠥᠮᠦᠨ ᠢ ᠰᠣᠩᠭᠤᠨ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ  ᠪᠠᠷ ᠠᠬᠢᠭᠤᠯᠬᠤ ᠳᠤ ᠵᠣᠬᠢᠶᠠᠨ ᠪᠠᠶᠢᠭᠤᠯᠤᠯᠳᠠ᠂ ᠴᠢᠳᠠᠪᠤᠷᠢᠲᠠᠨ ᠪᠠ ᠵᠠᠷᠤᠳᠠᠯ ᠤᠨ ᠪᠠᠲᠤᠯᠠᠭ᠎ᠠ ᠬᠠᠩᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠦᠨ ᠦᠷᠭᠡᠳᠭᠡᠬᠦ  ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠲᠥᠷᠥ ᠶᠢᠨ ᠪᠣᠳᠣᠯᠭ᠎ᠠ᠂  ᠲᠦᠰᠦᠪ ᠲᠥᠯᠥᠪᠵᠢᠭᠦᠯᠭᠡ᠂ ᠠᠵᠤ ᠦᠶᠯᠡᠰ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠲᠥᠷᠥᠯ ᠵᠦᠶᠯ ᠤᠨ ᠡᠵᠡᠩᠨᠡᠯᠲᠡ ᠬᠠᠮᠢᠶᠠᠷᠤᠯᠲᠠ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ  ᠢ ᠪᠡᠭᠡᠵᠢᠩ ᠳᠤ ᠣᠷᠣᠭᠤᠯᠬᠤ᠂ ᠮᠥᠩᠭᠦᠨ ᠭᠦᠶᠯᠭᠡᠭᠡᠨ ᠢᠶᠠᠷ ᠲᠠᠷᠢᠶᠠᠯᠠᠩ ᠢ ᠲᠤᠰᠠᠯᠠᠵᠤ ᠲᠠᠷᠢᠶᠠᠯᠠᠩ ᠢ ᠳᠡᠮᠵᠢᠬᠦ ᠵᠡᠷᠭᠡ ᠪᠣᠳᠠᠲᠠᠶ ᠠᠵᠢᠯ ᠢ  ᠬᠦᠴᠦ ᠤᠷᠤᠭᠤᠯᠵᠤ ᠰᠠᠶᠢᠲᠤᠷ ᠠᠳᠬᠤᠨ᠂ ᠡᠬᠢ ᠪᠠᠶᠠᠯᠢᠭ ᠢ  ᠲᠦᠪᠯᠡᠷᠡᠬᠦᠯᠵᠦ ᠶᠠᠳᠠᠭᠤ  ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠤᠯᠳᠠ ᠶᠢ ᠳᠡᠮᠵᠢᠵᠦ ᠪᠠᠶᠢᠭᠰᠠᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ  ᠰᠢᠯᠵᠢᠭᠰᠡᠨ ᠪᠠᠶᠢᠨ᠎ᠠ᠃     ( ᠲᠦᠷᠪᠡ ) ᠨᠡᠶᠢᠭᠡᠮ ᠤᠨ ᠦᠢᠯᠡᠰ ᠡᠷᠡᠭᠦᠯ ᠢᠶᠠᠷ ᠬᠥᠭᠵᠢᠵᠦ᠂ ᠠᠷᠠᠳ ᠤᠨ ᠠᠮᠢᠳᠤᠷᠠᠯ  ᠡᠳᠦᠷ ᠢᠷᠡᠬᠦᠶ᠎ᠡ ᠰᠠᠶᠢᠵᠢᠷᠠᠭᠰᠠᠨ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ  ᠴᠢᠩᠭᠠᠷᠠᠵᠤ ᠢᠷᠡᠪᠡ᠃ ᠠᠷᠠᠳ ᠤᠨ ᠠᠮᠢᠳᠤᠷᠠᠯ  ᠢ ᠰᠠᠶᠢᠵᠢᠷᠠᠭᠤᠯᠬᠤ ᠳᠤ ᠨᠡᠶᠢᠲᠡ 78 . 5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂  ᠡᠨᠡ ᠨᠢ ᠡᠳ᠋  ᠤᠨ ᠵᠠᠰᠠᠭ ᠤᠨ ᠵᠠᠷᠤᠯᠭ᠎ᠠ ᠶᠢᠨ 85% ᠢᠯᠡᠬᠦᠦ ᠶᠢ ᠡᠵᠡᠯᠡᠭᠰᠡᠨ ᠪᠠᠶᠢᠨ᠎ᠠ᠃ 5 ᠲᠦᠮᠡᠨ ᠠᠵᠢᠯ ᠤᠨ ᠪᠠᠶᠢᠷᠢ ᠡᠯᠰᠡᠵᠦ᠂ 5276 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ ᠲᠠᠷᠬᠠᠭᠠᠨ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.11% ᠳᠣᠲᠣᠷ᠎ᠠ ᠬᠢᠵᠠᠭᠠᠷᠯᠠᠪᠠ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ  ᠬᠦᠮᠦᠰ ᠤᠨ ᠠᠰᠠᠷᠠᠮᠵᠢ ᠬᠠᠷᠠᠭᠠᠯᠵᠠᠯ᠂ ᠥᠨᠳᠥᠷ ᠨᠠᠰᠤᠨ ᠤ ᠨᠦᠬᠦᠪᠦᠷᠢ᠂ ᠨᠠᠰᠤᠵᠢᠯ ᠤᠨ ᠳᠠᠭᠠᠳᠬᠠᠯ ᠪᠠ ᠡᠮᠨᠡᠯᠭᠡ ᠶᠢᠨ ᠳᠠᠭᠠᠳᠬᠠᠯ   ᠳᠤ ᠤᠷᠤᠬᠤ ᠶᠤᠰᠤᠳᠠᠢ ᠶᠢ ᠨᠢ ᠪᠦᠬᠦᠨ ᠢ ᠤᠷᠤᠭᠤᠯᠵᠤ᠂ ᠴᠡᠷᠢᠭ ᠠᠴᠠ ᠬᠠᠯᠠᠭᠳᠠᠭᠰᠠᠳ ᠤᠨ ᠬᠠᠷᠠᠭᠠᠯᠵᠠᠯ᠂ ᠨᠡᠶᠢᠭᠡᠮ ᠤᠨ ᠠᠪᠤᠷᠠᠨ ᠲᠤᠰᠠᠯᠠᠮᠵᠢ᠂ ᠨᠡᠶᠢᠭᠡᠮ ᠤᠨ ᠠᠰᠠᠷᠠᠮᠵᠢ ᠵᠢᠴᠢ ᠵᠡᠮᠳᠡᠭᠴᠦᠳ ᠤᠨ ᠬᠠᠷᠠᠭᠠᠯᠵᠠᠯ ᠵᠡᠷᠭᠡ  ᠪᠠᠳᠤᠯᠠᠭᠠᠨ ᠤ ᠰᠢᠰᠲ᠋ᠧᠮ  ᠪᠦᠷᠢᠨᠰᠢᠨ ᠲᠡᠬᠦᠯᠳᠡᠷᠵᠢᠵᠡᠢ᠃ ᠨᠡᠶᠢᠭᠡᠮ ᠤᠨ ᠦᠢᠯᠡᠰ ᠲᠦᠷᠭᠡᠨ ᠬᠥᠭᠵᠢᠪᠡ᠃  ᠰᠤᠷᠭᠠᠨ ᠬᠥᠮᠦᠵᠢᠯ ᠤᠨ ᠦᠢᠯᠡᠰ ᠲᠤ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ 3   ᠶᠢ ᠪᠠᠶᠢᠭᠤᠯᠤᠨ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 85 % ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠶᠢᠨ ᠬᠠᠷᠠᠯᠲᠠ ᠶᠢ ᠳᠥᠷᠪᠡᠨ ᠵᠢᠯ ᠤᠷᠢᠳᠴᠢᠯᠠᠨ ᠪᠡᠶᠡᠯᠡᠬᠦᠯᠦᠭᠰᠡᠨ ᠪᠦᠬᠡᠳ ᠬᠥᠳᠡᠭᠡ ᠲᠣᠰᠬᠤᠨ ᠤ ᠰᠤᠷᠭᠠᠭᠤᠯᠢ 2 ᠢ ᠰᠢᠨ᠎ᠡ ᠪᠠᠷ ᠪᠠᠶᠢᠭᠤᠯᠵᠤ᠂ 11 ᠰᠤᠷᠭᠠᠭᠤᠯᠢ  ᠳᠤ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠬᠢᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠬᠦᠯᠬᠦ ᠠᠵᠢᠯ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠨ᠎ᠠ᠃ 342 ᠪᠠᠭᠰᠢ ᠡᠯᠰᠡᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ   ᠢ ᠵᠢᠯ ᠲᠠᠷᠠᠭᠠᠯᠠᠨ ᠰᠠᠶᠢᠵᠢᠷᠠᠭᠤᠯᠤᠭᠰᠠᠨ ᠪᠦᠬᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠭᠡᠷᠡᠭᠯᠡᠵᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶᠢᠷᠡᠵᠦ᠂ ᠡᠮ ᠡᠮᠨᠡᠯᠭᠡ ᠶᠢᠨ ᠦᠶᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠲᠡᠭᠡᠭᠰᠢᠯᠡᠨ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠪᠠ ᠲᠥᠯᠥᠪᠯᠡᠭᠡᠲᠦ ᠦᠷᠡᠵᠢᠯ ᠤᠨ ᠦᠶᠯᠡᠴᠢᠯᠡᠭᠡᠨ ᠤ ᠲᠥᠪ᠂  3 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂  1 ᠨᠡᠶᠢᠬᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠠᠰᠢᠭᠯᠠᠯᠲᠠ ᠳᠤ ᠣᠷᠣᠵᠤ᠂ ᠪᠥᠬᠦ ᠬᠤᠰᠢᠭᠤᠨ ᠤ 11 ᠡᠷᠡᠭᠦᠯ ᠬᠠᠮᠠᠭᠠᠯᠠᠯ ᠤᠨ ᠬᠤᠷᠢᠶ᠎ᠠ ᠳᠤ ᠪᠦᠷ ᠤᠷᠢᠳᠴᠢᠯᠠᠨ ᠪᠠᠶᠢᠴᠠᠭᠠᠵᠤ ᠬᠤᠪᠢᠶᠠᠷᠢᠯᠠᠨ ᠣᠨᠣᠰᠢᠯᠠᠬᠤ ᠪᠠ ᠲᠤᠰᠠᠭᠠᠷᠯᠠᠨ ᠠᠵᠢᠭᠯᠠᠬᠤ ᠲᠠᠰᠤᠭ ᠪᠠᠶᠢᠭᠤᠯᠤᠭᠰᠠᠨ ᠪᠦᠬᠡᠳ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠶᠢᠨ ᠬᠢᠵᠢᠭ  ᠪᠠᠶᠢᠴᠠᠭᠠᠨ ᠬᠡᠮᠵᠢᠬᠦ ᠲᠥᠷᠥᠯ ᠵᠦᠶᠯ ᠢ ᠭᠡᠷᠡᠭᠵᠢᠬᠦᠯᠵᠦ ᠡᠬᠢᠯᠡᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ  ᠯᠠᠪᠳᠠᠭᠤᠨ ᠪᠣᠯᠭᠤᠮᠵᠢᠲᠠᠶ ᠰᠠᠶᠢᠲᠤᠷ ᠠᠳᠬᠤᠵᠤ ᠂  ᠬᠦᠨᠳᠦ ᠶᠡᠭᠡ ᠬᠠᠯᠳᠠᠪᠤᠷᠢᠲᠤ ᠡᠪᠡᠳᠴᠢᠨ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠲᠤᠬᠠᠢ  ᠬᠦᠮᠦᠰ ᠤᠨ ᠤᠶᠢᠯᠠᠭᠠᠵᠤ ᠮᠡᠳᠡᠬᠦ ᠨᠣᠷᠮ᠎ᠠ ᠶᠢ ᠲᠡᠭᠡᠭᠰᠢᠯᠡᠬᠦᠯᠦᠨ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠤᠯᠠᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠤᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠶᠢ ᠠᠬᠢᠭᠤᠯᠬᠤ ᠬᠤᠰᠢᠭᠤ ᠪᠠ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠪᠠᠯᠭᠠᠰᠤ ᠶᠢ ᠠᠮᠵᠢᠯᠲᠠ ᠲᠠᠢ ᠡᠭᠦᠳᠦᠨ  ᠪᠠᠶᠢᠭᠤᠯᠤᠭᠰᠠᠨ ᠤ ᠬᠠᠮᠳᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠠᠭᠤᠷᠢᠨ ᠭᠠᠵᠠᠷ 2 ᠢ ᠰᠢᠨ᠎ᠡ ᠪᠠᠷ ᠪᠠᠶᠢᠭᠤᠯᠵᠤ᠂ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ᠂  ᠲᠠᠶᠢᠹᠤᠰᠧ ᠬᠤᠰᠢᠭᠤᠨ ᠤ  ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ  ᠢ ᠠᠰᠢᠭᠯᠠᠯᠲᠠ ᠳᠤ ᠣᠷᠣᠭᠤᠯᠤᠨ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ᠂ ᠨᠡᠶᠢᠲᠡ ᠶᠢᠨ ᠠᠰᠠᠷᠠᠮᠵᠢ  ᠶᠢᠨ ᠴᠢᠨᠠᠷᠲᠠᠢ ᠨᠡᠶᠢᠲᠡ ᠶᠢᠨ ᠣᠩᠭᠤᠨ   ᠤ ᠠᠵᠢᠯᠯᠠᠬᠤ ᠨᠥᠬᠦᠴᠡᠯ ᠢ ᠪᠦᠷᠢᠯᠳᠦᠭᠦᠯᠪᠡ᠃ ᠨᠡᠷᠡᠲᠦ ᠲᠡᠮᠳᠡᠭᠵᠢᠭᠰᠡᠨ ᠰᠣᠶᠣᠯ ᠲᠠᠮᠢᠷ ᠤᠨ ᠠᠵᠢᠯᠯᠠᠭ᠎ᠠ ᠶᠢ ᠬᠦᠴᠦᠯᠡᠨ ᠦᠷᠨᠢᠬᠦᠯᠵᠦ᠂ ᠤᠯᠠᠭᠠᠨᠮᠥ᠋ᠴᠢᠷ ᠤᠨ ᠤᠷᠠᠯᠢᠭ ᠤᠨ ᠲᠥᠪ ᠢ ᠰᠢᠨ᠎ᠡ  ᠪᠠᠷ ᠪᠠᠶᠢᠭᠤᠯᠬᠤ᠂ ᠦᠷᠡᠭᠳᠡᠭᠰᠡᠨ ᠪᠠᠭᠠᠲᠤᠷᠴᠤᠳ ᠤᠨ ᠤᠩᠭᠤᠨ ᠢ ᠥᠷᠭᠡᠳᠬᠡᠨ ᠪᠠᠶᠢᠭᠤᠯᠬᠤ   ᠠᠵᠢᠯ ᠢ ᠬᠢᠵᠦ  ᠂ ᠪᠢᠶᠠᠨ ᠴᠢᠶᠠᠩ ᠲᠤᠰᠬᠤᠨ ᠤ ᠤᠮᠪᠠᠯᠲᠠ ᠶᠢᠨ ᠣᠷᠳᠣᠨ ᠤ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠭᠰᠠᠨ ᠪᠠᠶᠢᠨ᠎ᠠ᠃ ᠨᠡᠶᠢᠭᠡᠮ ᠤᠨ ᠶᠡᠭᠡ ᠲᠠᠯ᠎ᠠ ᠶᠢᠨ ᠪᠠᠶᠢᠳᠠᠯ ᠡᠶ᠎ᠡ ᠵᠣᠬᠢᠴᠠᠯ ᠲᠠᠢ ᠠᠮᠤᠷ ᠲᠣᠭᠲᠠᠭᠤᠨ ᠢᠶᠠᠨ ᠪᠠᠳᠤᠯᠠᠪᠠ᠃  ᠬᠠᠤᠯᠢᠵᠢᠭᠰᠠᠨ ᠵᠠᠰᠠᠭ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ 《 ᠳᠣᠯᠣᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ ᠢ ᠠᠮᠵᠢᠯᠲᠠ ᠲᠠᠢ ᠲᠠᠭᠤᠰᠬᠠᠨ᠂《 ᠣᠶᠤᠨᠴᠢ ᠬᠠᠤᠯᠢ  》ᠦᠢᠯᠡᠴᠢᠯᠡᠭᠡᠨ ᠤ ᠲᠠᠪᠴᠠᠩ   ᠢ ᠠᠰᠢᠭᠯᠠᠯᠲᠠ ᠳᠤ ᠤᠷᠤᠭᠤᠯᠤᠭᠰᠠᠨ ᠤ ᠬᠠᠮᠳᠤ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠵᠡᠷᠭᠡ ᠶᠢ ᠨᠢᠮᠪᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠣᠯᠤᠨ ᠬᠦᠴᠢᠷ ᠲᠦᠪᠡᠭᠲᠡᠶ ᠠᠰᠠᠭᠤᠳᠠᠯ ᠢ ᠰᠢᠶᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠦᠷᠨᠢᠬᠦᠯᠦᠨ᠂ ᠬᠠᠷ᠎ᠠ ᠪᠦᠯᠦᠭᠳᠡᠨ ᠬᠠᠷᠭᠢᠰ ᠬᠦᠴᠦᠨ ᠳᠤ ᠬᠤᠯᠪᠣᠭᠳᠠᠭᠰᠠᠨ 20 ᠬᠡᠷᠡᠭ ᠢ  ᠪᠠᠶᠢᠴᠠᠭᠠᠨ ᠢᠯᠡᠷᠡᠭᠦᠯᠵᠦ᠂ 63 ᠰᠡᠵᠢᠭᠳᠡᠨ ᠢ ᠪᠠᠷᠢᠪᠴᠢᠯᠠᠭᠰᠠᠨ ᠪᠦᠬᠡᠳ  349 ᠤᠳᠠᠭᠠᠨ ᠤ ᠡᠷᠡᠭᠦᠦ ᠶᠢᠨ ᠬᠡᠷᠡᠭ ᠢ ᠢᠯᠡᠷᠡᠭᠦᠯᠵᠦ᠂ 1479 ᠤᠳᠠᠭᠠᠨ ᠤ ᠠᠮᠤᠷ ᠢ ᠬᠠᠮᠠᠭᠠᠯᠠᠬᠤ ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠦᠨᠳᠦᠰᠦᠨ ᠱᠠᠲᠤᠨ ᠤ ᠴᠠᠭᠳᠠᠭᠠᠨ ᠤ ᠬᠦᠴᠦᠨ ᠢ ᠪᠦᠬᠦ ᠲᠠᠯ᠎ᠠ ᠪᠠᠷ ᠴᠢᠩᠭᠠᠳᠬᠠᠵᠤ᠂ 176  ᠭᠠᠴᠠᠭ᠎ᠠ ᠲᠣᠰᠬᠤᠨ ᠳᠤ ᠴᠠᠭᠳᠠᠭᠠᠨ ᠤ ᠶᠠᠪᠤᠳᠠᠯ ᠤᠨ ᠲᠤᠰᠠᠯᠠᠭᠴᠢ ᠲᠤᠬᠢᠷᠠᠭᠤᠯᠵᠠᠢ᠃ ᠪᠦᠬᠦ ᠤᠯᠤᠰ᠂ ᠪᠦᠬᠦ ᠣᠷᠣᠨ ᠤ ᠴᠢᠬᠤᠯᠠ ᠴᠠᠭ ᠵᠠᠩᠭᠢᠯᠠᠭ᠎ᠠ ᠶᠢᠨ ᠬᠤᠭᠤᠴᠠᠭᠠᠨ ᠤ ᠠᠮᠤᠷ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠲᠠ ᠤᠢᠭᠡᠢ ᠪᠦᠷᠢᠨᠰᠢᠭᠦᠯᠦᠨ᠂ ᠠᠶᠤᠯ ᠦᠭᠡᠶ ᠦᠢᠯᠡᠳᠪᠦᠷᠢᠯᠡᠯ ᠤᠨ ᠲᠤᠭᠳᠠᠭᠤᠨ ᠪᠠᠶᠢᠳᠠᠯ ᠢ ᠪᠠᠳᠤᠯᠠᠭᠰᠠᠨ ᠤ ᠬᠠᠮᠳᠤ᠂ ᠢᠳᠡᠭᠡᠨ ᠤ ᠠᠮᠤᠷ ᠲᠦᠪᠰᠢᠨ᠂ ᠦᠶᠡᠷ ᠢ ᠰᠡᠷᠭᠡᠶᠢᠯᠡᠵᠦ ᠭᠠᠮᠰᠢᠭ ᠲᠠᠢ ᠲᠡᠮᠡᠴᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠤᠨ ᠬᠤᠬᠢᠷᠠᠯ  ᠢ ᠪᠠᠭᠠᠰᠬᠠᠬᠤ ᠵᠡᠷᠭᠡ ᠠᠵᠢᠯ ᠢ ᠤᠯᠠᠮ ᠨᠢᠭᠡ ᠠᠯᠬᠤᠮ  ᠴᠢᠩᠭᠠᠳᠬᠠᠭᠰᠠᠨ ᠪᠠᠶᠢᠨ᠎ᠠ᠃    ( ᠲᠠᠪᠤ ) ᠲᠣᠰ ᠪᠡᠶ᠎ᠡ ᠶᠢᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠢᠯᠡᠳᠲᠡ ᠲᠡᠭᠡᠭᠰᠢᠯᠡᠭᠰᠡᠨ᠃ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ 《 ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ 》 ᠰᠤᠷᠤᠯᠴᠠᠯᠭ᠎ᠠ ᠬᠥᠮᠦᠵᠢᠯ᠂ 《 ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ 》 ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠦᠷᠨᠢᠬᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠬᠦᠨᠵᠡᠬᠡᠢ ᠰᠤᠷᠤᠯᠴᠠᠵᠤ ᠨᠡᠪᠳᠡᠷᠭᠡᠢ ᠤᠶᠢᠯᠠᠭᠠᠵᠤ ᠲᠤᠤᠱᠳᠠᠢ ᠨᠠᠶᠢᠳᠠᠪᠤᠷᠢᠵᠢᠭᠤᠯᠵᠤ᠂ 《 ᠳᠥᠷᠪᠡᠨ ᠤᠬᠠᠮᠰᠠᠷ 》 ᠢᠶᠠᠨ ᠴᠢᠩᠭᠠᠳᠬᠠᠨ᠂ 《 ᠳᠥᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ  ᠪᠡᠶᠡᠯᠡᠬᠦᠯᠪᠡ᠃《 ᠭᠤᠷᠪᠠᠨ ᠴᠢᠬᠤᠯᠠ ᠨᠢᠭᠡ ᠲᠤᠮᠤ 》 ᠤᠴᠢᠷ ᠶᠠᠪᠤᠳᠠᠯ ᠳᠤ ᠬᠠᠮᠲᠤ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ   ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠠᠷᠠᠳ ᠤᠨ ᠲᠥᠯᠥᠭᠡᠯᠡᠭᠴᠢᠳ ᠤᠨ ᠰᠠᠨᠠᠯ  ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠲᠤᠷᠠᠳᠤᠯᠭ᠎ᠠ  ᠨᠢᠬᠡᠪᠦᠷᠢ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ  ᠬᠦᠢᠴᠡᠳᠭᠡᠵᠡᠢ᠃ 《 ᠪᠠᠭᠤᠯᠭᠠᠬᠤ ᠬᠠᠮᠢᠶᠠᠷᠬᠤ ᠦᠶᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠮᠤ ᠰᠢᠶᠠᠩ ᠪᠠᠯᠭᠠᠰᠤᠨ ᠤ 99 ᠲᠦᠷᠦᠯ ᠤᠨ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠨ᠂ ᠪᠠᠷᠢᠯᠭ᠎ᠠ ᠶᠢᠨ ᠲᠥᠷᠥᠯ ᠵᠦᠶᠯ ᠤᠨ  ᠬᠢᠨᠠᠨ ᠵᠥᠪᠰᠢᠶᠡᠷᠡᠬᠦ ᠴᠠᠭ ᠬᠤᠭᠤᠴᠠᠭ᠎ᠠ  ᠶᠢ 45 ᠡᠳᠦᠷ ᠪᠣᠯᠲᠠᠯ᠎ᠠ ᠪᠣᠭᠤᠨᠢᠰᠬᠠᠵᠤ᠂ ᠠᠵᠤ ᠠᠬᠤᠶᠢᠯᠠᠯ ᠡᠷᠬᠢᠯᠡᠬᠦ ᠬᠦᠢᠴᠡᠳᠭᠡᠯ ᠤᠨ ᠶᠠᠪᠤᠳᠠᠯ ᠢ ᠬᠠᠭᠠᠰ ᠡᠳᠦᠷ ᠲᠤ ᠲᠠᠭᠤᠰᠬᠠᠨ᠂ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠭᠰᠠᠨ 13 ᠵᠥᠪᠰᠢᠶᠡᠷᠡᠯ ᠤᠨ ᠵᠦᠶᠯᠡᠰ ᠲᠤ ᠠᠮᠠᠯᠠᠯᠲᠠ ᠬᠢᠯᠬᠡᠵᠦ ᠲᠦᠷᠭᠡᠨ ᠬᠦᠢᠴᠡᠳᠭᠡᠬᠦ ᠳᠦᠷᠢᠮ ᠢ  ᠭᠡᠷᠡᠭᠵᠢᠬᠦᠯᠪᠡ᠃ ᠨᠠᠮ ᠢ ᠬᠠᠮᠢᠶᠠᠷᠴᠤ ᠨᠠᠮ  ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ 《 ᠳᠥᠷᠪᠡᠨ ᠰᠤᠷᠲᠠᠯ 》 ᠢ  ᠴᠦᠬᠦᠷᠡᠰᠢ ᠦᠬᠡᠢ ᠵᠠᠯᠠᠷᠠᠭᠤᠯᠵᠤ᠂ ᠰᠢᠨ᠎ᠡ ᠰᠤᠷᠲᠠᠯ ᠢ ᠪᠣᠶ ᠪᠤᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠲᠡᠭᠡᠭᠰᠢᠯᠡᠬᠦᠯᠵᠡᠢ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠢᠨᠠᠨ ᠪᠤᠳᠤᠯᠳᠠ᠂ ᠴᠠᠭ ᠠᠭᠤᠷ᠂ ᠳᠠᠩᠰᠠ ᠡᠪᠬᠡᠮᠡᠯ᠂ ᠲᠡᠦᠬᠡ ᠣᠶᠢᠯᠠᠯᠭ᠎ᠠ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ  ᠵᠡᠷᠭᠡ  ᠨᠢ ᠰᠢᠨ᠎ᠡ ᠠᠮᠵᠢᠯᠲᠠ   ᠶᠢ ᠣᠯᠵᠤ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ ᠤᠨ ᠠᠵᠢᠯ ᠦᠶᠯᠡᠰ ᠵᠡᠷᠭᠡ ᠨᠢ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠠᠷᠠᠳ ᠤᠨ ᠠᠭᠠᠷ  ᠤᠨ ᠰᠡᠷᠭᠡᠶᠢᠯᠡᠯᠲᠡ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠰᠢᠨ᠎ᠡ ᠠᠬᠢᠯᠳᠠ  ᠶᠢ ᠪᠡᠶᠡᠯᠡᠬᠦᠯᠦᠭᠰᠡᠨ ᠪᠠᠶᠢᠨ᠎ᠠ  ᠃       ᠲᠥᠯᠥᠭᠡᠯᠡᠭᠴᠢᠳ ᠡ᠂ ᠥᠩᠭᠡᠷᠡᠭᠰᠡᠨ ᠭᠡᠳᠦᠨ ᠵᠢᠯ ᠳᠤ  ᠪᠢᠳᠡ ᠬᠦᠴᠢᠷ ᠪᠡᠷᠬᠡᠰᠢᠶᠡᠯ ᠢ ᠢᠯᠠᠨ ᠲᠠᠪᠠᠵᠤ  ᠂ ᠡᠯᠪᠡᠭ ᠶᠡᠭᠡ ᠦᠷ᠎ᠡ ᠠᠮᠵᠢᠯᠳᠠ ᠤᠯᠵᠤ  ᠂   ᠪᠠᠳᠤ ᠪᠠᠬᠢ ᠬᠥᠭᠵᠢᠯᠲᠡ ᠶᠢᠨ ᠰᠠᠭᠤᠷᠢ ᠶᠢ ᠴᠤᠭᠴᠠᠯᠠᠨ᠂ ᠬᠦᠴᠦᠷᠬᠡᠭ ᠴᠢᠩᠭ᠎ᠠ ᠬᠥᠭᠵᠢᠯᠲᠡ ᠶᠢᠨ ᠬᠦᠳᠡᠯᠭᠡᠭᠴᠢ ᠬᠦᠴᠦᠨ ᠢ ᠬᠤᠷᠠᠮᠳᠤᠭᠤᠯᠵᠤ᠂ ᠨᠡᠩ ᠶᠡᠭᠡ ᠬᠥᠭᠵᠢᠯᠲᠡ  ᠶᠢᠨ ᠣᠷᠣᠨ ᠵᠠᠢ ᠶᠢ ᠨᠡᠭᠡᠭᠡᠳ᠂ ᠡᠯ᠎ᠡ ᠱᠠᠲᠤᠨ ᠤ ᠤᠳᠤᠷᠢᠳᠤᠯᠭ᠎ᠠ  ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠦᠷᠭᠡᠨ ᠤᠯᠠᠨ ᠠᠷᠠᠳ ᠢᠷᠭᠡᠳ ᠲᠤ ᠮᠡᠳᠡᠷᠡᠭᠳᠡᠨ ᠰᠠᠶᠢᠰᠢᠶᠠᠭᠳᠠᠭᠰᠠᠨ ᠪᠠᠶᠢᠨ᠎ᠠ᠃ ᠡᠳᠡᠭᠡᠷ ᠠᠮᠵᠢᠯᠲᠠ ᠪᠦᠳᠦᠮᠵᠢ  ᠪᠤᠯ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ  ᠪᠠ ᠵᠥᠪ ᠣᠨᠣᠪᠴᠢᠲᠠᠢ ᠰᠢᠢᠳᠪᠦᠷᠢᠲᠦ ᠪᠣᠳᠣᠯᠭ᠎ᠠ ᠠᠴᠠ ᠢᠷᠡᠭᠰᠡᠨ ᠦᠷ᠎ᠡ ᠪᠦᠳᠦᠮᠵᠢ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠪᠦᠲᠦᠮᠵᠢᠲᠡᠢ ᠬᠢᠨᠠᠯᠲᠠ᠂ ᠬᠦᠴᠦᠲᠡᠢ ᠳᠡᠮᠵᠢᠯᠭᠡ ᠠᠴᠠ ᠢᠷᠡᠭᠰᠡᠨ ᠦᠷ᠎ᠡ ᠪᠦᠳᠦᠮᠵᠢ᠂  ᠦᠩᠭᠡᠷᠡᠭᠰᠡᠨ ᠬᠤᠭᠤᠴᠠᠭᠠᠨ ᠤ ᠤᠳᠤᠷᠢᠳᠬᠤ ᠪᠠᠭ ᠤᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢᠶᠠᠨ ᠪᠦᠯᠬᠦᠮᠳᠡᠬᠦᠯᠦᠨ ᠲᠠᠭᠠᠭᠤᠯᠵᠤ  ᠬᠠᠳᠠᠭᠤᠵᠢᠯᠳᠠᠢ ᠲᠡᠮᠡᠴᠡᠭᠰᠡᠨ ᠤ ᠦᠷ᠎ᠡ ᠪᠦᠳᠦᠮᠵᠢ  ᠶᠤᠮ᠃ ᠠᠳᠡ ᠪᠢ ᠬᠤᠰᠢᠭᠤ ᠠᠷᠠᠳ ᠤᠨ ᠵᠠᠰᠠᠭ   ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠥᠷᠭᠡᠨ ᠣᠯᠠᠨ ᠠᠷᠠᠳ ᠢᠷᠭᠡᠳ᠂ ᠺᠠᠳ᠋ᠷ ᠠᠵᠢᠯᠲᠠᠨ᠂ ᠠᠷᠠᠳ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂  ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠠᠷᠠᠳ ᠤᠨ ᠪᠦᠯᠬᠦᠮ᠂ ᠴᠡᠷᠢᠭ ᠴᠠᠭᠳᠠᠭ᠎ᠠ ᠨᠠᠷ ᠵᠢᠴᠢ ᠲᠠᠶᠢᠹᠤᠰᠧ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠢᠨ ᠳᠤ ᠡᠷᠬᠢᠮ ᠲᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕     ᠠᠮᠵᠢᠯᠲᠠ ᠪᠦᠳᠦᠮᠵᠢ ᠪᠠᠨ ᠳ᠋ᠦᠩᠨᠡᠨ ᠨᠤᠲᠠᠯᠠᠬᠤ ᠶᠢᠨ ᠲᠠᠭᠠᠤ᠂  ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠵᠤ᠂  ᠤᠷᠤᠰᠢᠵᠤ ᠪᠠᠶᠢᠭ᠎ᠠ ᠠᠰᠠᠭᠤᠳᠠᠯ ᠪᠠ  ᠲᠤᠯᠭᠠᠷᠠᠵᠤ ᠪᠠᠶᠢᠭ᠎ᠠ ᠬᠦᠴᠢᠷᠳᠡᠯ  ᠢᠶᠠᠨ ᠪᠢᠳᠡ ᠲᠠᠨᠢᠵᠤ ᠮᠡᠳᠡᠬᠦ  ᠴᠢᠬᠤᠯᠠᠳᠠᠢ ᠪᠠᠶᠢᠭ᠎ᠠ᠂ ᠲᠤᠬᠠᠶᠢᠯᠠᠪᠠᠯ᠄ ᠠᠵᠤ ᠦᠢᠯᠡᠰ ᠤᠨ ᠬᠥᠭᠵᠢᠯᠲᠡ ᠶᠢᠨ ᠰᠠᠭᠤᠷᠢ  ᠪᠠᠰᠠ ᠪᠠᠭᠤᠷᠠᠢ ᠪᠠᠶᠢᠨ᠎ᠠ᠃《 ᠭᠠᠭᠴᠠ ᠲᠦᠷᠦᠯ ᠲᠤᠮᠤᠷᠠᠨ ᠬᠦᠭᠵᠢᠬᠦ  》 ᠠᠵᠤ ᠦᠢᠯᠡᠰ ᠤᠨ ᠪᠦᠲᠦᠴᠡ ᠳᠤ ᠲᠤᠶᠢᠯᠪᠤᠷᠢᠲᠠᠢ ᠬᠤᠪᠢᠷᠠᠯᠲᠠ ᠭᠠᠷᠤᠭᠰᠠᠨ ᠦᠭᠡᠢ  ᠂ ᠠᠵᠤ ᠦᠶᠯᠡᠰ ᠤᠨ ᠬᠡᠪᠴᠢᠶ᠎ᠡ ᠪᠠᠭ᠎ᠠ᠂ ᠬᠡᠯᠬᠢᠶᠡᠰᠦ ᠣᠬᠤᠷ᠂ ᠨᠡᠮᠡᠯᠲᠡ ᠥᠷᠲᠡᠭ ᠳᠣᠤᠷ᠎ᠠ᠂ ᠲᠠᠷᠢᠶᠠᠯᠠᠩ ᠮᠠᠯᠵᠢᠯ ᠠᠵᠤ ᠦᠶᠯᠡᠳᠪᠦᠷᠢ ᠠᠷᠠᠯᠵᠢᠶ᠎ᠠ ᠬᠤᠳᠠᠯᠳᠤᠭᠠᠨ ᠤ ᠠᠭᠤᠰᠤᠯᠴᠠᠯ ᠨᠢᠭᠲᠠ ᠪᠤᠰᠤ ᠪᠠᠶᠢᠭ᠎ᠠ︔ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ  ᠬᠡᠯᠪᠡᠷᠢ ᠳᠥᠭᠦᠮ ᠪᠦᠳᠦᠭᠦᠯᠢᠭ᠂ ᠲᠠᠷᠢᠶᠠᠨ ᠭᠠᠵᠠᠷ ᠢ ᠬᠡᠲᠦᠷᠡᠲᠡᠯ᠎ᠡ ᠵᠠᠷᠤᠬᠤ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠵᠤ᠂ ᠣᠳᠣ ᠦᠶ᠎ᠡ ᠶᠢᠨ ᠲᠠᠷᠢᠶᠠᠯᠠᠩ ᠦᠢᠯᠡᠳᠪᠦᠷᠢᠯᠡᠯ ᠤᠨ ᠱᠠᠭᠠᠷᠳᠠᠯᠭ᠎ᠠ   ᠯᠤᠭ᠎ᠠ  ᠪᠠᠰᠠ ᠵᠥᠷᠢᠶ᠎ᠡ ᠲᠠᠢ ᠪᠠᠶᠢᠭ᠎ᠠ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠰ ᠤᠨ ᠲᠥᠪᠯᠡᠷᠡᠯ ᠢᠯᠡᠷᠬᠡᠶ ᠪᠤᠰᠤ᠂ ᠭᠠᠷᠭᠠᠯᠲᠠ ᠶᠢᠨ ᠦᠷ᠎ᠡ ᠠᠰᠢᠭ ᠲᠤᠤᠷ᠎ᠠ᠂ ᠰᠠᠭᠤᠷᠢ ᠲᠦᠬᠦᠭᠡᠷᠦᠮᠵᠢ ᠶᠢ ᠦᠷᠬᠦᠯᠵᠢᠯᠡᠨ ᠴᠢᠩᠭᠠᠳᠬᠠᠬᠤ ᠴᠢᠬᠤᠯᠠ ᠲᠠᠢ ᠪᠠᠶᠢᠭ᠎ᠠ︔  ᠭᠤᠷᠪᠠᠳᠤᠭᠠᠷ ᠠᠵᠤ ᠦᠢᠯᠡᠰ ᠤᠨ ᠳᠡᠰ ᠳᠠᠪᠬᠤᠷᠭ᠎ᠠ ᠨᠡᠯᠢᠶᠡᠳ ᠳᠣᠣᠷ᠎ᠠ᠂ ᠲᠠᠲᠠᠬᠤ ᠬᠦᠴᠦᠨ ᠪᠠᠭᠤᠷᠠᠢ᠂ ᠳᠠᠶᠢᠴᠢᠯᠠᠬᠤ ᠦᠢᠯᠡᠳᠦᠯ ᠢᠯᠡᠷᠬᠡᠶ ᠪᠤᠰᠤ ᠪᠠᠶᠢᠵᠤ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠬᠤ ᠴᠢᠬᠤᠯᠠᠲᠠᠶ ᠪᠠᠶᠢᠭ᠎ᠠ︔ ᠠᠷᠠᠯᠵᠢᠶ᠎ᠠ  ᠭᠦᠶᠯᠭᠡᠭᠡᠨ ᠤ ᠬᠦᠷᠢᠶᠡᠨ ᠳᠠᠬᠢ ᠣᠷᠣᠨ ᠪᠠᠶᠢᠷᠢ ᠶᠢᠨ ᠳᠠᠪᠠᠭᠤᠯᠢᠭ ᠨᠢ ᠨᠡᠯᠢᠶᠡᠳ ᠰᠠᠶᠢᠨ ᠬᠥᠭᠵᠢᠯᠲᠡ  ᠶᠢᠨ ᠳᠠᠪᠠᠭᠤᠯᠢᠭ ᠪᠣᠯᠵᠤ ᠬᠤᠪᠢᠷᠠᠭᠠᠳᠤᠶ ᠪᠠᠶᠢᠭ᠎ᠠ᠃ ᠬᠤᠲᠠ ᠬᠥᠳᠡᠭᠡ ᠶᠢᠨ ᠬᠥᠭᠵᠢᠯᠲᠡ ᠶᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠢ  ᠪᠠᠶᠢᠭ᠎ᠠ᠃  ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠰᠠᠭᠤᠷᠢ ᠲᠦᠬᠦᠭᠡᠷᠦᠮᠵᠢ ᠮᠥᠨ ᠬᠦ ᠬᠤᠴᠣᠷᠤᠩᠭᠤᠶ᠂ ᠠᠶᠢᠯ ᠲᠣᠰᠬᠤᠨ ᠤ ᠵᠠᠮ᠂  ᠤᠰᠤ  ᠂  ᠴᠠᠬᠢᠯᠭᠠᠨ᠂  ᠴᠢᠮᠡᠭᠡ ᠬᠤᠯᠪᠣᠭ᠎ᠠ ᠵᠢᠴᠢ ᠭᠠᠮᠰᠢᠭ ᠢ ᠰᠡᠷᠭᠡᠶᠢᠯᠡᠬᠦ  ᠵᠡᠷᠭᠡ ᠦᠢᠯᠡᠴᠢᠯᠡᠬᠡᠨ ᠤ ᠠᠵᠢᠯ ᠤᠨ ᠲᠠᠯ᠎ᠠ ᠪᠠᠷ  ᠦᠷᠬᠦᠯᠵᠢᠯᠡᠨ ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠶ  ᠪᠠᠶᠢᠵᠤ︔  ᠮᠠᠯᠵᠢᠬᠤ ᠲᠠᠷᠢᠶᠠᠯᠠᠬᠤ ᠣᠷᠣᠨ ᠤ ᠬᠦᠮᠦᠨ ᠠᠷᠠᠳ ᠨᠢ ᠨᠠᠰᠤᠵᠢᠬᠤ᠂  ᠬᠤᠳᠠ  ᠬᠦᠷᠢᠶ᠎ᠡ ᠨᠢ ᠬᠤᠭᠤᠰᠣᠷᠠᠬᠤ  ᠦᠵᠡᠭᠳᠡᠯ ᠮᠠᠰᠢ ᠲᠣᠪᠣᠶᠢᠮ᠎ᠠ ᠪᠤᠯᠵᠤ᠂ ᠬᠤᠲᠠ ᠬᠥᠳᠡᠭᠡ   ᠶᠢ ᠬᠤᠯᠪᠤᠭᠰᠠᠨ ᠨᠡᠶᠢᠳᠡ ᠶᠢᠨ ᠵᠠᠮ ᠬᠠᠷᠢᠯᠴᠠᠭᠠᠨ ᠤ ᠠᠰᠠᠭᠤᠳᠠᠯ  ᠪᠠᠰᠠ ᠰᠠᠶᠢᠲᠤᠷ ᠰᠢᠢᠳᠪᠦᠷᠢᠯᠡᠭᠳᠦᠭᠡᠳᠦᠢ  ︔  ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠡᠭᠦᠷᠭᠡ ᠬᠦᠨᠳᠦ  ᠂ ᠨᠤᠲᠤᠭ ᠤᠨ ᠰᠤᠷᠲᠠᠯ ᠢ  ᠪᠤᠯᠪᠠᠰᠤᠨᠵᠢᠭᠤᠯᠬᠤ ᠪᠠ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠬᠤ ᠴᠢᠬᠤᠯᠠᠲᠠᠶ ᠪᠠᠶᠢᠵᠤ᠂ ᠬᠥᠳᠡᠭᠡ ᠲᠣᠰᠬᠤᠨ   ᠢ  ᠬᠥᠭᠵᠢᠭᠦᠯᠦᠨ ᠮᠠᠨᠳᠤᠭᠤᠯᠬᠤ ᠡᠭᠦᠷᠭᠡ  ᠬᠦᠨᠳᠦ  ᠵᠠᠮ ᠬᠤᠯᠠ  ︔  ᠬᠤᠳᠠ ᠶᠢᠨ ᠪᠠᠶᠢᠭᠤᠯᠤᠯᠲᠠ  ᠂ ᠬᠤᠳᠠ ᠶᠢᠨ ᠬᠠᠮᠢᠶᠠᠷᠤᠯᠲᠠ  ᠶᠢ  ᠪᠠᠰᠠ ᠴᠢᠩᠭᠠᠳᠬᠠᠬᠤ ᠴᠢᠬᠤᠯᠠᠲᠠᠢ ᠪᠠᠶᠢᠵᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ  ᠠᠰᠠᠭᠤᠳᠠᠯ ᠪᠦᠷᠢᠮᠦᠰᠦᠨ ᠴᠡᠭᠴᠡᠯᠡᠭᠳᠡᠵᠦ ᠲᠡᠶᠢᠯᠦᠬᠡᠳᠦᠢ᠂ ᠳᠤᠷ᠎ᠠ ᠪᠠᠷ ᠢᠶᠠᠨ ᠵᠣᠭᠰᠣᠭᠠᠵᠤ ᠲᠠᠯᠪᠢᠬᠤ ᠦᠵᠡᠭᠳᠡᠯ ᠭᠠᠵᠠᠷ ᠪᠣᠯᠭᠠᠨ ᠳᠤ ᠬᠠᠷᠠᠭᠳᠠᠵᠤ  ᠂  ᠬᠠᠭᠤᠴᠢᠨ ᠰᠠᠭᠤᠭᠠᠯᠢ  ᠲᠣᠭᠤᠷᠢᠭ ᠤᠨ ᠲᠡᠦᠬᠡᠨ ᠥᠷᠢ ᠦᠭᠴᠡᠭᠡ  ᠨᠡᠯᠢᠶᠡᠳ  ᠶᠡᠭᠡ  ᠂  ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠳᠠᠷᠤᠭᠠᠰᠤ  ᠪᠠᠰᠠ ᠪᠦᠷᠢᠮᠦᠰᠦᠨ ᠠᠷᠢᠯᠤᠭᠠᠳᠤᠶ᠂  ᠨᠡᠶᠢᠭᠡᠮ ᠲᠣᠭᠤᠷᠢᠭ ᠤᠨ ᠦᠢᠯᠡᠴᠢᠯᠡᠭᠡ   ᠨᠢ  ᠠᠷᠠᠳ ᠤᠨ ᠰᠠᠨᠠᠭᠠᠨ ᠳᠤ ᠬᠦᠷᠬᠦ ᠦᠬᠡᠢ᠂ ᠠᠳᠠᠯ ᠠᠬᠤᠢ ᠶᠢᠨ ᠺᠤᠮᠫᠠᠨᠢ ᠪᠠ ᠰᠠᠭᠤᠭᠠᠯᠢ ᠡᠷᠦᠬᠡ ᠶᠢᠨ ᠬᠤᠭᠤᠷᠣᠨᠳᠣᠬᠢ ᠵᠥᠷᠢᠴᠡᠯ ᠮᠠᠰᠢ ᠲᠤᠪᠤᠶᠢᠮ᠎ᠠ  ᠪᠠᠶᠢᠨ᠎ᠠ  ᠃ ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠤᠨ ᠳᠤᠲᠠᠭᠤᠳᠠᠯ ᠪᠠᠰᠠ ᠨᠡᠯᠢᠶᠡᠳ ᠣᠯᠠᠨ  ᠪᠠᠶᠢᠭ᠎ᠠ᠃ ᠠᠷᠠᠳ ᠤᠨ ᠠᠮᠢᠳᠤᠷᠠᠯ ᠤᠨ ᠪᠠᠳᠤᠯᠠᠭᠠᠨ ᠤ ᠴᠢᠳᠠᠪᠤᠷᠢ ᠨᠡᠯᠢᠶᠡᠳ ᠲᠤᠷᠤᠢ᠂  ᠪᠦᠬᠦ ᠨᠡᠶᠢᠭᠡᠮ   ᠢᠶᠠᠷ ᠢᠶᠠᠨ  ᠦᠢᠯᠡᠰ ᠪᠦᠳᠦᠬᠡᠬᠦ ᠠᠭᠤᠷ ᠠᠮᠢᠰᠬᠤᠯ ᠲᠡᠶᠢᠮᠦ ᠰᠠᠶᠢᠨ ᠪᠢᠰᠢ  ᠂ ᠠᠵᠢᠯ ᠣᠯᠭᠤᠯᠲᠠ ᠶᠢᠨ ᠠᠷᠭ᠎ᠠ ᠵᠠᠮ  ᠮᠦᠨ ᠬᠦ᠋ ᠢᠪᠴᠤᠤ ᠪᠠᠶᠢᠵᠤ᠂ ᠰᠣᠶᠣᠯ ᠲᠠᠮᠢᠷ ᠤᠨ ᠦᠢᠯᠡᠰ ᠤᠨ ᠣᠷᠣᠭᠤᠯᠤᠯᠲᠠ ᠬᠦᠷᠦᠯᠴᠡᠬᠦ ᠦᠭᠡᠢ᠂ ᠰᠣᠶᠣᠯ  ᠤᠨ ᠠᠵᠤ ᠦᠢᠯᠡᠰ ᠪᠠᠰᠠ ᠡᠬᠢᠯᠡᠯᠳᠡ ᠶᠢᠨ ᠱᠠᠳᠤᠨ ᠳᠠᠭᠠᠨ ᠪᠠᠶᠢᠭ᠎ᠠ᠃ ᠰᠤᠷᠭᠠᠨ ᠬᠥᠮᠦᠵᠢᠯ ᠪᠠ ᠡᠮ ᠡᠮᠨᠡᠯᠬᠡ   ᠨᠢ ᠪᠠᠰᠠᠯᠠ  ᠦᠢ ᠤᠯᠠᠨ ᠠᠶᠢᠯ ᠪᠦᠯᠢ ᠬᠦᠮᠦᠨ ᠠᠷᠠᠳ ᠢ ᠭᠠᠴᠢᠭᠳᠠᠭᠤᠯᠤᠨ ᠲᠦᠪᠡᠭᠳᠡᠬᠦᠯᠵᠦ᠂《 ᠴᠢᠳᠠᠪᠤᠷᠢᠳᠠᠨ ᠢ ᠦᠯᠡᠳᠡᠭᠡᠬᠦ ᠳᠤ ᠬᠦᠴᠢᠷ 》 ᠨᠢ ᠮᠠᠨ ᠤ ᠨᠢᠳᠤᠨ ᠡᠮᠦᠨ᠎ᠡ ᠲᠠᠯᠪᠢᠭᠳᠠᠵᠤ ᠪᠠᠶᠢᠭ᠎ᠠ  ᠵᠠᠶᠢᠯᠠᠰᠢ ᠦᠭᠡᠢ ᠪᠣᠳᠠᠲᠤ ᠪᠠᠶᠢᠳᠠᠯ  ᠪᠤᠯᠤᠭᠠᠳ  ᠪᠠᠶᠢᠨ᠎ᠠ  ᠃  ᠲᠦᠭᠰᠢᠭᠦᠷᠢ   ᠶᠢ  ᠰᠡᠷᠭᠡᠶᠢᠯᠡᠬᠦ  ᠳᠠᠷᠤᠯᠲᠠ  ᠪᠠᠰᠠ  ᠨᠡᠯᠢᠶᠡᠳ  ᠶᠡᠭᠡ  ᠪᠠᠶᠢᠭ᠎ᠠ᠃  ᠵᠠᠬᠢᠳᠠᠯ ᠰᠤᠷᠪᠤᠯᠵᠢᠯᠠᠭ᠎ᠠ  ᠂ ᠣᠷᠴᠢᠨ ᠲᠣᠭᠤᠷᠢᠨ ᠤ ᠬᠠᠮᠠᠭᠠᠯᠠᠯᠳᠠ᠂ ᠠᠶᠤᠯᠭᠦᠢ ᠦᠢᠯᠡᠳᠪᠦᠷᠢᠯᠡᠯ᠂ ᠮᠥᠩᠭᠦᠨ  ᠭᠦᠢᠯᠭᠡᠭᠡᠨ ᠤ ᠲᠦᠭᠰᠢᠭᠦᠷᠢ ᠰᠡᠷᠭᠡᠶᠢᠯᠡᠯᠳᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠮᠥᠨ ᠬᠦ  ᠪᠠᠭ᠎ᠠ  ᠪᠤᠰᠤ  ᠭᠡᠮ  ᠰᠣᠭᠤᠭ  ᠣᠷᠣᠰᠢᠵᠤ  ᠂   ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠡᠳᠦᠷ ᠢᠷᠡᠬᠦᠶ᠎ᠡ ᠲᠤᠪᠤᠶᠢᠮ᠎ᠠ ᠪᠤᠯᠵᠤ᠂ ᠵᠠᠶᠢᠯᠠᠰᠢ ᠦᠭᠡᠢ ᠵᠠᠷᠤᠯᠭ᠎ᠠ ᠦᠷᠭᠦᠯᠵᠢᠯᠡᠨ ᠨᠡᠮᠡᠭᠳᠡᠵᠦ᠂ ᠥᠷᠢ ᠥᠭᠴᠡᠭᠡ ᠶᠢ ᠠᠷᠢᠯᠭᠠᠬᠤ ᠳᠠᠷᠤᠯᠲᠠ ᠡᠳᠦᠷ ᠢᠷᠡᠬᠦᠶ᠎ᠡ ᠶᠡᠬᠡᠰᠦᠨ᠂ ᠡᠳ᠋ ᠤᠨ ᠵᠠᠰᠠᠭ ᠤᠨ ᠬᠥᠭᠵᠢᠯᠲᠡ ᠶᠢ ᠲᠤᠯᠭᠠᠭᠤᠷᠢᠯᠠᠬᠤ ᠴᠢᠳᠠᠪᠤᠷᠢ ᠮᠡᠳᠡᠭᠳᠡᠮ᠎ᠡ ᠬᠦᠷᠦᠯᠴᠡᠬᠦ ᠦᠭᠡᠢ  ᠪᠠᠶᠢᠨ᠎ᠠ  ᠃  ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠬᠦᠯᠵᠢᠯᠡᠨ ᠴᠢᠩᠭᠠᠳᠬᠠᠬᠤ ᠴᠢᠬᠤᠯᠠᠳᠠᠢ ᠪᠠᠶᠢᠭ᠎ᠠ᠃  ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠬᠠᠷᠠᠬᠠᠨ ᠰᠢᠯᠢᠳᠡᠭᠵᠢᠭᠡᠳᠦᠢ᠂ ᠵᠠᠷᠢᠮ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠶᠠᠪᠤᠴᠠ   ᠨᠢ ᠤᠳᠠᠭᠠᠨ᠂  ᠭᠦᠢᠴᠡᠳᠬᠡᠬᠦ ᠭᠤᠭᠴᠤᠭ᠎ᠠ ᠨᠢ ᠤᠯᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠤᠶᠤ ᠲᠦᠷᠦᠯ ᠵᠦᠢᠯ ᠤᠨ ᠪᠠᠶᠢᠭᠤᠯᠤᠯᠲᠠ ᠶᠢᠨ ᠳᠤᠮᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ  ᠵᠣᠷᠢᠭ ᠰᠠᠨᠠᠭ᠎ᠠ ᠪᠠ ᠦᠢᠯᠡᠴᠢᠯᠡᠬᠦ ᠤᠬᠠᠮᠰᠠᠷ ᠨᠢ ᠳᠤᠲᠠᠮᠠᠭ ᠪᠠᠶᠢᠵᠤ᠂ ᠺᠠᠳ᠋ᠷ ᠤᠨ ᠡᠩᠨᠡᠭᠡᠨ ᠤ ᠦᠵᠡᠯ ᠰᠠᠨᠠᠭ᠎ᠠ ᠪᠦᠷᠢᠮᠦᠰᠦᠨ ᠴᠢᠯᠥᠭᠡᠯᠡᠭᠳᠡᠭᠡᠳᠦᠢ᠂ ᠬᠥᠭᠵᠢᠯᠲᠡ ᠶᠢ ᠠᠳᠬᠤᠬᠤ ᠴᠢᠳᠠᠪᠤᠷᠢ ᠴᠢᠩᠭ᠎ᠠ ᠪᠤᠰᠤ᠂  ᠡᠭᠦᠷᠭᠡᠯᠡᠬᠦ ᠵᠣᠷᠢᠭ ᠦᠭᠡᠢ᠂ ᠡᠭᠦᠷᠭᠡᠯᠡᠬᠦ ᠴᠢᠳᠠᠪᠤᠷᠢ ᠦᠭᠡᠢ ᠵᠡᠷᠭᠡ ᠠᠰᠠᠭᠤᠳᠠᠯ ᠣᠷᠣᠰᠢᠵᠤ᠂ ᠠᠵᠢᠯ ᠤᠨ ᠴᠢᠳᠠᠪᠤᠷᠢ  ᠪᠠ ᠦᠢᠯᠡᠴᠢᠯᠡᠭᠡᠨ ᠤ  ᠪᠦᠲᠦᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ  ᠪᠠᠶᠢᠭ᠎ᠠ᠃ ᠡᠳᠡᠭᠡᠷ ᠠᠰᠠᠭᠤᠳᠠᠯ ᠢ ᠪᠢᠳᠡ ᠡᠷᠭᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨᠬᠦ ᠰᠢᠶᠳᠪᠦᠷᠢᠯᠡᠬᠦ ᠬᠡᠷᠡᠭᠲᠡᠶ᠃       ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠰᠡᠳᠬᠢᠴᠡ ᠪᠠ ᠬᠠᠷᠠᠯᠲᠠ ᠡᠭᠦᠷᠭᠡ      ᠢᠷᠡᠭᠡᠳᠦᠢ ᠶᠢᠨ ᠲᠠᠪᠤᠨ ᠵᠢᠯ ᠳᠤ᠂ ᠲᠠᠶᠢᠹᠤᠰᠧ ᠬᠤᠰᠢᠭᠤᠨ ᠤ ᠬᠥᠭᠵᠢᠯᠲᠡ ᠨᠢ  ᠨᠡᠶᠢᠬᠡᠮ ᠵᠢᠷᠤᠮ ᠤᠨ ᠣᠳᠣᠬᠢᠴᠢᠯᠠᠯᠲᠠ ᠶᠢᠨ ᠠᠶᠠᠨ ᠢ ᠡᠬᠢᠯᠡᠬᠦᠯᠬᠦ ᠬᠤᠭᠤᠴᠠᠭ᠎ᠠ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠬᠤᠭᠤᠴᠠᠭ᠎ᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠬᠤᠭᠤᠴᠠᠭ᠎ᠠ᠂ ᠭᠠᠳᠠᠭᠠᠳᠤ ᠨᠡᠭᠡᠭᠡᠯᠲᠡ ᠶᠢ ᠳᠡᠭᠡᠭᠰᠢᠯᠡᠭᠦᠯᠬᠦ ᠬᠤᠭᠤᠴᠠᠭ᠎ᠠ᠂ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠠᠪᠠᠯᠲᠠ ᠶᠢᠨ ᠬᠤᠭᠤᠴᠠᠭᠠᠨ ᠳᠤ ᠣᠷᠣᠰᠢᠵᠤ᠂ ᠬᠤᠷᠸ᠎ᠠ ᠣᠷᠴᠢᠨ ᠲᠣᠭᠤᠷᠢᠨ ᠠᠴᠠ ᠠᠪᠴᠤ ᠦᠵᠡᠭᠰᠡᠨ ᠴᠦ᠂  ᠲᠣᠰ ᠪᠡᠶ᠎ᠡ ᠶᠢᠨ ᠳᠠᠪᠠᠭᠤᠯᠢᠭ ᠪᠠ ᠬᠥᠭᠵᠢᠯᠲᠡ ᠶᠢᠨ ᠳᠠᠯᠳᠠ ᠬᠦᠴᠦᠨ ᠠᠴᠠ ᠠᠪᠴᠤ ᠦᠵᠡᠭᠰᠡᠨ ᠴᠦ᠂ ᠠᠵᠠ ᠲᠣᠬᠢᠶᠠᠯ ᠤᠯᠠᠨ᠂ ᠣᠷᠣᠨ ᠵᠠᠢ ᠥᠷᠭᠡᠨ᠂ ᠳᠠᠯᠳᠠ ᠬᠦᠴᠦᠨ ᠶᠡᠭᠡ ᠮᠦᠷᠳᠡᠭᠡᠨ ᠡᠮᠦᠨᠡᠬᠢ ᠶᠢ ᠲᠠᠭᠤᠵᠤ ᠬᠦᠢᠴᠡᠬᠦ  ᠪᠤᠶᠤ ᠬᠤᠶᠢᠨᠠᠬᠢ  ᠳᠤ ᠲᠠᠭᠤᠭᠳᠠᠵᠤ ᠬᠦᠢᠴᠡᠭᠳᠡᠬᠦ ᠬᠦᠨᠳᠦ ᠳᠠᠷᠤᠯᠲᠠ ᠲᠤᠯᠭᠠᠷᠠᠵᠤ ᠪᠤᠢ᠃ ᠪᠢᠳᠡ ᠡᠷᠭᠡᠪᠰᠢ ᠰᠢᠨ᠎ᠡ ᠴᠠᠭ ᠦᠶ᠎ᠡ ᠶᠢᠨ ᠳᠤᠮᠳᠠᠳᠤ ᠤᠯᠤᠰ   ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠪᠠ ᠤᠯᠤᠰ᠂ ᠣᠷᠣᠨ᠂ ᠠᠶᠢᠮᠠᠭ  ᠂ ᠬᠤᠰᠢᠭᠤᠨ ᠤ ᠨᠢᠭᠡᠳᠦᠯᠲᠡᠢ  ᠪᠠᠶᠢᠷᠢᠯᠠᠭᠤᠯᠤᠯᠲᠠ ᠶᠣᠰᠣᠭᠠᠷ ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠭᠠᠨ ᠲᠡᠮᠡᠴᠡᠬᠦ ᠬᠠᠷᠠᠯᠲᠠ ᠪᠠᠨ ᠰᠠᠶᠢᠳᠤᠷ ᠣᠨᠢᠯᠠᠵᠤ᠂  ᠪᠠᠶᠢᠷᠢ ᠲᠤᠭᠳᠠᠭᠠᠯᠳᠠ ᠪᠠᠨ ᠣᠨᠣᠪᠴᠢᠲᠠᠢ ᠣᠯᠵᠤ᠂ ᠴᠠᠭ ᠦᠶ᠎ᠡ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂  ᠢᠳᠡᠪᠬᠢᠳᠡᠢ ᠬᠦᠴᠦᠯᠡᠵᠦ ᠪᠤᠯᠭᠤᠮᠵᠢᠳᠠᠢ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠲᠠᠶᠢᠹᠤᠰᠧ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨ᠎ᠡ᠃      ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠬᠤᠶᠢᠰᠢᠳᠠ ᠶᠢᠨ ᠲᠠᠪᠤᠨ ᠵᠢᠯ ᠤᠨ ᠶᠡᠷᠦᠩᠬᠡᠶ ᠰᠡᠳᠬᠢᠴᠡ ᠪᠣᠯ ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ  ᠪᠤᠯᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠳᠤᠳᠬᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ  ᠵᠠᠮᠨᠠᠵᠤ᠂ ᠥᠪᠡᠷᠲᠡᠭᠡᠨ ᠵᠠᠰᠠᠬᠤ ᠣᠷᠣᠨ ᠤ 《 ᠬᠤᠶᠠᠷ ᠬᠠᠯᠬᠠᠪᠴᠢ 》᠂ 《 ᠬᠤᠶᠠᠷ ᠰᠠᠭᠤᠷᠢᠨ 》 ᠪᠠ 《 ᠨᠢᠭᠡ  ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠲᠣᠭᠲᠠᠭᠤᠨ  ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ  ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠤᠯᠭᠠᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠴᠦᠰ ᠤᠨ ᠵᠣᠷᠢᠯᠭ᠎ᠠ  ᠪᠤᠯᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠦᠯᠦᠪᠵᠢᠬᠦᠯᠵᠦ᠂ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ  ᠶᠢ ᠠᠬᠢᠭᠤᠯᠤᠨ᠂ ᠬᠥᠳᠡᠭᠡ ᠲᠣᠰᠬᠤᠨ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ  ᠠᠬᠢᠭᠤᠯᠵᠤ᠂ ᠠᠵᠤ ᠠᠬᠤᠶ ᠶᠢᠨ ᠠᠯᠤᠰ ᠢ ᠵᠤᠷᠢᠵᠤ ᠲᠣᠭᠲᠠᠭᠤᠨ ᠢᠶᠠᠷ ᠤᠷᠤᠭᠰᠢᠯᠠᠬᠤ ᠪᠠ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠶᠢ ᠪᠡᠶᠡᠯᠡᠬᠦᠯᠦᠨ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠰᠢᠯᠢ ᠶᠢᠨ ᠭᠤᠤᠯ ᠠᠶᠢᠮᠠᠭ ᠤᠨ ᠡᠮᠦᠨᠡᠲᠦ ᠬᠡᠰᠡᠭ ᠤᠨ  ᠭᠠᠵᠠᠷ ᠤᠷᠤᠨ ᠤ ᠰᠢᠨ᠎ᠡ ᠠᠵᠤ ᠠᠬᠤᠶ  ᠶᠢᠨ ᠨᠡᠮᠡᠭᠳᠡᠯ ᠤᠨ ᠲᠤᠶᠢᠯ ᠢ ᠪᠠᠶᠢᠭᠤᠯᠤᠨ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠵᠣᠬᠢᠴᠠᠯ ᠲᠠᠢ᠂ ᠦᠵᠡᠰᠬᠦᠯᠡᠩᠲᠦ  ᠭᠤᠶᠤ᠂  ᠠᠵᠠ  ᠵᠢᠷᠭᠠᠯᠠᠩᠳᠤ ᠲᠠᠶᠢᠹᠤᠰᠧ ᠬᠤᠰᠢᠭᠤ ᠶᠢ  ᠪᠠᠶᠢᠭᠤᠯᠬᠤ ᠪᠠᠷ ᠴᠢᠷᠮᠠᠶᠢᠨ᠎ᠠ᠃      ᠭᠤᠤᠯ ᠪᠣᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠣᠯ᠄ 《 ᠠᠷᠪᠠᠨ ᠳᠥᠷᠪᠡᠳᠦᠭᠡᠷ ᠲᠠᠪᠤᠨ ᠵᠢᠯ 》  ᠤᠨ ᠵᠢᠱᠢᠭᠰᠡᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 2026 ᠣᠨ ᠪᠣᠯᠬᠤ ᠳᠤ᠂  ᠤᠷᠤᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ ᠵᠢᠯ ᠳᠤᠮᠳᠠᠴᠢ ᠶᠢᠨ 5% ᠣᠷᠴᠢᠮ ᠢᠶᠠᠷ ᠨᠡᠮᠡᠭᠳᠡᠭᠦᠯᠵᠦ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ ᠶᠢ 8% ᠣᠷᠴᠢᠮ ᠢᠶᠠᠷ ᠨᠡᠮᠡᠭᠳᠡᠬᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ  ᠪᠤᠳᠠᠰ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠶ ᠬᠡᠮᠵᠢᠶ᠎ᠡ ᠶᠢ 8% ᠣᠷᠴᠢᠮ ᠢᠶᠠᠷ ᠨᠡᠮᠡᠭᠳᠡᠬᠦᠯᠦᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ  ᠪᠤᠯᠬᠤᠶᠢᠴᠠ ᠣᠷᠣᠯᠭ᠎ᠠ ᠶᠢ ᠲᠤᠰᠪᠤᠷᠢ 7% ᠪᠠ 10% ᠣᠷᠴᠢᠮ ᠢᠶᠠᠷ ᠨᠡᠮᠡᠭᠳᠡᠬᠦᠯᠵᠦ  ᠂ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ᠂ ᠨᠡᠶᠢᠭᠡᠮ  ᠤᠨ ᠪᠣᠯᠪᠠᠰᠤᠨ ᠤ ᠬᠡᠮᠵᠢᠶ᠎ᠡ᠂ ᠠᠮᠢ ᠠᠬᠤᠢ ᠣᠷᠴᠢᠨ ᠲᠣᠭᠤᠷᠢᠨ ᠤ ᠳᠠᠪᠠᠭᠤᠯᠢᠭ᠂ ᠠᠷᠠᠳ ᠤᠯᠠᠨ ᠤ ᠪᠤᠶᠠᠨ ᠵᠢᠷᠭᠠᠯ᠂ ᠨᠡᠶᠢᠭᠡᠮ ᠤᠨ ᠵᠠᠰᠠᠯᠲᠠ ᠶᠢᠨ ᠦᠷ᠎ᠡ ᠠᠰᠢᠭ ᠵᠡᠷᠭᠡ ᠬᠥᠭᠵᠢᠯᠲᠡ ᠶᠢᠨ ᠪᠠᠳᠤᠯᠠᠭᠠᠨ ᠤ ᠴᠢᠳᠠᠪᠤᠷᠢ   ᠶᠢ ᠢᠯᠡᠳᠲᠡ ᠴᠢᠩᠭᠠᠷᠠᠭᠤᠯᠤᠨ᠎ᠠ᠃      ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠭᠡᠷᠡᠭᠳᠡᠢ  ᠄     ( ᠨᠢᠭᠡ ) ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠲᠣᠪᠣᠶᠢᠮ᠎ᠠ ᠰᠠᠶᠢᠨ ᠠᠳᠬᠤᠵᠤ᠂ ᠠᠵᠤ ᠠᠬᠤᠶ  ᠶᠢᠨ ᠲᠦᠷᠭᠡᠨ ᠨᠡᠮᠡᠭᠳᠡᠯ ᠢ ᠪᠡᠶᠡᠯᠡᠭᠦᠯᠦᠨ᠎ᠡ᠃  ᠨᠢᠬᠡ ᠳᠤ᠂ ᠲᠦᠷᠦᠯ ᠵᠦᠢᠯ ᠢ ᠲᠥᠯᠥᠪᠯᠡᠬᠦ ᠲᠡᠭᠡᠷ᠎ᠡ ᠶᠡᠬᠡᠬᠡᠨ ᠬᠦᠴᠦ ᠤᠷᠤᠭᠤᠯᠬᠤ ᠭᠡᠷᠡᠭᠳᠡᠢ᠃ ᠲᠠᠶᠢᠹᠤᠰᠧ ᠬᠤᠰᠢᠭᠤᠨ ᠤ  ᠬᠠᠷᠢᠴᠠᠩᠭᠤᠢ ᠳᠠᠪᠠᠭᠤᠯᠢᠭ   ᠲᠠᠭᠠᠨ ᠰᠠᠭᠤᠷᠢᠯᠠᠵᠤ᠂ ᠤᠯᠤᠰ   ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂  ᠲᠡᠭᠡᠳᠦ ᠱᠠᠲᠤᠨ ᠤ ᠴᠢᠬᠤᠯᠠ ᠶᠡᠭᠡ ᠲᠦᠯᠦᠪᠵᠢᠬᠦᠯᠬᠡ ᠪᠠᠶᠢᠷᠢᠯᠠᠭᠤᠯᠤᠯᠲᠠ ᠶᠢ ᠤᠨᠢᠯᠠᠵᠤ ᠪᠠᠶᠢᠭᠠᠳ᠂ 《 ᠣᠷᠣ ᠦᠭᠡᠢ ᠭᠠᠵᠠᠷ ᠣᠪᠣᠭ᠎ᠠ ᠪᠣᠰᠬᠠᠬᠤ 》 ᠳᠤᠮᠳᠠ ᠲᠥᠷᠥᠯ ᠵᠦᠢᠯ ᠢ  ᠵᠤᠷᠢᠭᠳᠠᠢ ᠲᠦᠰᠦᠪᠯᠡᠨ᠂ 《 ᠶᠠᠯᠢᠮ ᠦᠬᠡᠢ ᠶᠠᠭᠤᠮ᠎ᠠ ᠶᠢ ᠶᠡᠭᠡ ᠪᠤᠯᠭᠠᠬᠤ 》 ᠳᠤᠮᠳᠠ ᠠᠵᠤ ᠦᠢᠯᠡᠰ ᠢ  ᠴᠢᠳᠠᠮᠠᠭᠠᠢ   ᠪᠠᠷ ᠬᠦᠭᠵᠢᠬᠦᠯᠦᠨ᠎ᠡ᠃  ᠲᠠᠭᠠᠭᠤᠯᠤᠭᠴᠢ ᠠᠵᠤ ᠠᠬᠤᠶᠢᠯᠠᠯ ᠤᠨ 《  ᠬᠡᠯᠬᠢᠶᠡᠰᠦᠨ  ᠲᠤᠯᠤᠭᠠᠢ 》 ᠶᠢᠨ ᠦᠶᠯᠡᠳᠦᠯ ᠢ  ᠲᠤᠪᠤᠶᠢᠯᠭᠠᠵᠤ᠂ ᠠᠵᠤ ᠦᠢᠯᠡᠰ ᠤᠨ ᠬᠡᠯᠬᠢᠶᠡᠰᠦ ᠶᠢᠨ ᠲᠡᠭᠡᠳᠦ ᠳᠣᠣᠷᠠᠳᠤ  ᠬᠡᠯᠬᠢᠶᠡᠨ ᠤ ᠠᠵᠤ ᠠᠬᠤᠶᠢᠯᠠᠯ᠂ ᠬᠠᠮᠵᠢᠯᠴᠠᠨ ᠢᠵᠢ ᠪᠦᠷᠢᠳᠦᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠤᠨ᠂ ᠠᠵᠤ ᠦᠢᠯᠡᠰ ᠤᠨ ᠬᠡᠯᠬᠢᠶᠡᠰᠦ ᠶᠢᠨ ᠤᠶᠠᠨ ᠬᠠᠳᠠᠨ ᠴᠢᠨᠠᠷ   ᠢ  ᠨᠡᠮᠡᠭᠳᠡᠬᠦᠯᠦᠨ᠎ᠡ᠃ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠬᠠᠨᠳᠤᠰᠢ ᠪᠠ ᠪᠡᠯᠡ ᠣᠷᠣᠭᠤᠯᠤᠯᠲᠠ ᠶᠢᠨ ᠬᠠᠨᠳᠤᠰᠢ ᠶᠢ ᠣᠨᠣᠪᠴᠢᠲᠠᠢ ᠡᠵᠡᠮᠳᠡᠨ᠂  ᠲᠡᠭᠡᠳᠦ  ᠱᠠᠳᠤ   ᠯᠤᠭ᠎ᠠ ᠢᠳᠡᠪᠬᠢᠲᠡᠢ ᠬᠠᠷᠢᠴᠠᠵᠤ ᠲᠦᠷᠦᠯ ᠵᠦᠢᠯ ᠢ  ᠴᠢᠷᠮᠠᠶᠢᠨ ᠣᠯᠵᠤ ᠪᠠᠶᠢᠭᠠᠳ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ ᠳᠠᠬᠢ ᠨᠡᠩ ᠤᠯᠠᠨ ᠲᠦᠷᠦᠯ ᠵᠦᠢᠯ ᠢ ᠤᠯᠤᠰ᠂ ᠣᠷᠣᠨ᠂ ᠠᠶᠢᠮᠠᠭ ᠤᠨ ︽ ᠪᠤᠷᠤ  ᠲᠦᠯᠦᠪ  ︾ ᠲᠤ ᠣᠷᠣᠭᠤᠯᠬᠤ ᠪᠠᠷ ᠴᠢᠷᠮᠠᠶᠢᠨ᠎ᠠ᠃ ᠰᠠᠭᠤᠷᠢ ᠲᠥᠬᠦᠭᠡᠷᠦᠮᠵᠢ᠂ ᠠᠵᠤ ᠦᠶᠯᠡᠰ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠭᠠᠮᠰᠢᠭ ᠢ ᠰᠡᠷᠭᠡᠶᠢᠯᠡᠵᠦ ᠬᠤᠬᠢᠷᠠᠯ ᠢ ᠪᠠᠭᠠᠰᠬᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠲᠥᠷᠥᠯ ᠵᠦᠶᠯ ᠤᠨ ᠨᠥᠭᠡᠴᠡ  ᠶᠢ  ᠨᠡᠮᠡᠭᠳᠡᠬᠦᠯᠦᠨ᠎ᠡ᠃  ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠡᠭᠡᠷ᠎ᠡ ᠶᠡᠬᠡᠬᠡᠨ ᠬᠦᠴᠦ  ᠤᠷᠤᠭᠤᠯᠬᠤ ᠭᠡᠷᠡᠭᠳᠡᠢ᠃  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ ᠂  ᠠᠷᠠᠯᠵᠢᠶᠠᠴᠢᠨ ᠤᠷᠢᠬᠤ  ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠷᠭ᠎ᠠ ᠮᠠᠶ᠋ᠢᠭ   ᠤᠨ ᠰᠢᠨ᠎ᠡ ᠶᠢ ᠡᠭᠦᠳᠴᠦ᠂ ᠪᠥᠬᠦ ᠠᠷᠠᠳ ᠢᠶᠠᠷ ᠢᠶᠠᠨ  ᠠᠷᠠᠯᠵᠢᠶᠠᠴᠢᠨ ᠤᠷᠢᠬᠤ ᠶᠢ ᠵᠣᠷᠢᠭᠵᠢᠭᠤᠯᠤᠨ᠂ ᠠᠷᠠᠯᠵᠢᠶᠠᠴᠢᠨ ᠢᠶᠠᠷ  ᠠᠷᠠᠯᠵᠢᠶᠠᠴᠢᠨ ᠤᠷᠢᠬᠤ ᠶᠢ ᠠᠬᠢᠭᠤᠯᠵᠤ᠂ ᠠᠵᠤ ᠦᠶᠯᠡᠰ ᠤᠨ ᠬᠡᠯᠬᠢᠶ᠎ᠡ  ᠪᠠᠷ ᠠᠷᠠᠯᠵᠢᠶᠠᠴᠢᠨ ᠤᠷᠢᠬᠤ ᠶᠢ ᠭᠦᠨᠵᠡᠭᠡᠶᠢᠷᠡᠭᠦᠯᠦᠨ᠂ ᠨᠤᠲᠤᠭ ᠤᠨ ᠠᠬ᠎ᠠ ᠳᠡᠭᠦᠦ ᠨᠡᠷ ᠤᠨ ᠨᠤᠲᠤᠭ ᠲᠠᠭᠠᠨ ᠪᠤᠴᠠᠵᠤ  ᠦᠢᠯᠡᠰ ᠪᠦᠳᠦᠬᠡᠬᠦ ᠶᠢ ᠤᠷᠢᠶᠠᠯᠠᠵᠤ᠂ 《  ᠵᠦᠭ ᠪᠤᠯᠭᠠᠨ ᠠᠴᠠ ᠡᠷᠳᠡᠨᠢ ᠬᠤᠷᠠᠮᠳᠤᠭᠤᠯᠬᠤ 》 ᠠᠷᠠᠯᠵᠢᠶᠠᠴᠢᠨ ᠤᠷᠢᠬᠤ  ᠲᠦᠯᠦᠪᠰᠢᠷᠡᠯ ᠢ  ᠪᠤᠢ ᠪᠤᠯᠭᠠᠬᠤ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠠᠵᠠ ᠲᠣᠬᠢᠶᠠᠯ   ᠢ ᠡᠵᠡᠮᠳᠡᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠢ ᠲᠠᠶᠢᠹᠤᠰᠧ ᠬᠤᠰᠢᠭᠤᠨ ᠳᠠᠭᠠᠨ ᠣᠷᠣᠭᠤᠯᠬᠤ ᠪᠠᠷ ᠴᠢᠷᠮᠠᠶᠢᠨ᠎ᠠ᠃  ᠭᠤᠷᠪᠠ ᠳᠤ᠂ ᠲᠥᠷᠥᠯ ᠵᠦᠶᠯ ᠢ ᠠᠬᠢᠭᠤᠯᠬᠤ ᠲᠡᠭᠡᠷ᠎ᠡ ᠶᠡᠬᠡᠬᠡᠨ ᠬᠦᠴᠦ  ᠤᠷᠤᠭᠤᠯᠬᠤ ᠭᠡᠷᠡᠭᠳᠡᠢ᠃ 《 ᠠᠵᠢᠯ ᠡᠬᠢᠯᠡᠭᠦᠯᠬᠦ ᠲᠥᠷᠥᠯ ᠵᠦᠶᠯ   ᠤᠨ ᠠᠬᠢᠴᠠ ᠶᠢ ᠠᠳᠬᠤᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠶᠯ ᠤᠨ ᠠᠰᠢᠭᠯᠠᠯᠲᠠ ᠳᠤ ᠣᠷᠣᠬᠤ ᠶᠢ ᠠᠳᠬᠤᠬᠤ᠂ ᠭᠡᠷ᠎ᠡ ᠲᠣᠭᠲᠠᠬᠤ ᠲᠥᠷᠥᠯ ᠵᠦᠶᠯ ᠤᠨ ᠮᠥᠷᠳᠡᠯᠲᠡ ᠶᠢ ᠠᠳᠬᠤᠬᠤ᠂ ᠨᠥᠭᠡᠴᠡᠯᠡᠬᠦ ᠲᠥᠷᠥᠯ ᠵᠦᠶᠯ   ᠤᠨ ᠡᠮᠦᠨᠡᠬᠢ ᠬᠤᠭᠤᠴᠠᠭ᠎ᠠ ᠶᠢ ᠠᠳᠬᠤᠬᠤ 》 ᠶᠡᠷᠦᠩᠬᠡᠶ ᠰᠡᠳᠬᠢᠮᠵᠢ ᠶᠣᠰᠣᠭᠠᠷ᠂ 《 ᠳᠥᠷᠪᠡᠨ ᠨᠢᠭᠡ 》ᠳᠠᠭᠠᠭᠠᠴᠢᠯᠠᠨ  ᠬᠠᠷᠢᠴᠠᠬᠤ ᠲᠣᠭᠲᠠᠴᠠ ᠶᠢ ᠪᠠᠷᠢᠮᠳᠠᠯᠠᠨ᠂  ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠥᠬᠦᠷᠰᠡᠭ ᠬᠠᠮᠲᠤᠷᠠᠯᠴᠠᠭ᠎ᠠ ᠰᠢᠯᠢᠳᠡᠭ ᠦᠶᠯᠡᠴᠢᠯᠡᠭᠡ ᠪᠦᠬᠦᠢ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠶᠢᠨ ᠣᠷᠴᠢᠨ  ᠨᠦᠬᠦᠴᠡᠯ ᠢ ᠪᠤᠢ ᠪᠤᠯᠭᠠᠨ  ᠂ ᠤᠰᠤ᠂ ᠴᠠᠬᠢᠯᠭᠠᠨ᠂ ᠳᠤᠯᠠᠭᠠᠯᠠᠭ᠎ᠠ᠂ ᠭᠠᠵᠠᠷ ᠰᠢᠷᠣᠶ ᠵᠡᠷᠭᠡ ᠳᠤ ᠬᠤᠯᠪᠤᠭᠳᠠᠭᠰᠠᠨ ᠭᠠᠷᠳᠠᠮ ᠬᠦᠢᠴᠡᠳᠭᠡᠯ ᠢ ᠬᠢᠬᠦ ᠪᠠ  ᠲᠦᠬᠦᠭᠡᠷᠦᠮᠵᠢ  ᠶᠢ ᠪᠦᠷᠢᠳᠦᠬᠦᠯᠬᠦ ᠵᠡᠷᠭᠡ  ᠲᠠᠯᠠᠪᠠᠷ ᠬᠠᠮᠤᠭ ᠤᠨ ᠰᠢᠯᠢᠳᠡᠭ ᠦᠶᠯᠡᠴᠢᠯᠡᠭᠡ᠂ ᠬᠠᠮᠤᠭ ᠤᠨ ᠰᠠᠶᠢᠨ ᠪᠠᠲᠤᠯᠠᠭ᠎ᠠ᠂ ᠬᠠᠮᠤᠭ ᠤᠨ ᠦᠨᠳᠦᠷ ᠪᠦᠲᠦᠮᠵᠢ ᠶᠢ  ᠪᠡᠶᠡᠯᠡᠬᠦᠯᠦᠨ᠎ᠡ᠃    ( ᠬᠤᠶᠠᠷ ) ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠵᠤ᠂ ᠣᠳᠣ ᠦᠶ᠎ᠡ ᠶᠢᠨ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠦᠨ᠎ᠡ᠃  ᠨᠢᠬᠡ ᠳᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢ ᠦᠷᠭᠦᠯᠵᠢᠯᠡᠨ  ᠬᠦᠭᠵᠢᠬᠦᠯᠬᠦ ᠭᠡᠷᠡᠭᠳᠡᠢ᠃ 《 ᠲᠠᠷᠢᠶᠠᠯᠠᠩ ᠢᠶᠠᠷ ᠬᠤᠰᠢᠭᠤ ᠪᠠᠨ ᠴᠣᠭᠴᠠᠯᠠᠬᠤ 》 ᠶᠢ ᠪᠠᠷᠢᠮᠲᠠᠯᠠᠨ ᠂ ᠲᠠᠷᠢᠶᠠᠨ ᠭᠠᠵᠠᠷ   ᠤᠨ ᠬᠠᠮᠠᠭᠠᠯᠠᠯᠳᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ 《 ᠲᠠᠷᠢᠶᠠᠯᠠᠩ ᠤᠨ ᠪᠤᠰᠤ ᠪᠣᠯᠭᠠᠬᠤ 》 ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ 《 ᠠᠮᠤ ᠪᠤᠳᠠᠭᠠᠨ ᠤ ᠪᠤᠰᠤ ᠪᠣᠯᠭᠠᠬᠤ 》 ᠶᠢ ᠰᠡᠷᠭᠡᠶᠢᠯᠡᠨ ᠬᠤᠷᠢᠭᠯᠠᠨ᠎ᠠ᠃ 《 ᠳᠥᠷᠪᠡᠨ ᠤᠰᠤ ᠳᠥᠷᠪᠡᠨ ᠲᠣᠭᠲᠠᠭᠠᠯ 》 ᠤᠨ ᠱᠠᠭᠠᠷᠳᠠᠯᠭ᠎ᠠ  ᠶᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ  ᠶᠢ ᠬᠡᠷᠡᠭᠵᠢᠭᠦᠯᠦᠨ᠂  ᠤᠰᠤᠯᠢᠭ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢ ᠬᠠᠭᠤᠷᠠᠶ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠳᠠ ᠲᠡᠰᠢ ᠬᠤᠪᠢᠷᠠᠭᠤᠯᠬᠤ ᠶᠢ ᠠᠬᠢᠭᠤᠯᠵᠤ᠂ ᠭᠠᠵᠠᠷ ᠳᠣᠤᠷᠠᠬᠢ ᠤᠰᠤ ᠶᠢ ᠬᠡᠮᠵᠢᠶᠡᠨ ᠠᠴᠠ  ᠬᠡᠲᠦᠷᠡᠲᠡᠯ᠎ᠡ ᠭᠡᠷᠡᠭᠯᠡᠬᠦ ᠶᠢ ᠡᠷᠡᠰ ᠬᠤᠷᠢᠭᠯᠠᠨ᠎ᠠ᠃ ᠲᠠᠷᠢᠵᠤ  ᠮᠠᠯᠵᠢᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠠᠭᠤᠷᠢᠨ ᠭᠠᠵᠠᠷ ᠢ ᠰᠢᠯᠢᠳᠡᠭᠵᠢᠭᠦᠯᠦᠨ᠂ ᠬᠡᠯᠬᠢᠶᠡᠰᠦ  ᠶᠢ ᠤᠯᠠᠮ  ᠤᠷᠳᠤᠳᠬᠠᠵᠤ᠂ ᠠᠵᠤ ᠦᠢᠯᠡᠰ ᠢ ᠬᠦᠴᠦᠷᠬᠡᠭᠵᠢᠭᠦᠯᠦᠨ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠦᠬᠦ ᠬᠡᠯᠬᠢᠶᠡᠰᠦ ᠶᠢᠨ ᠬᠥᠭᠵᠢᠯᠲᠡ ᠶᠢ ᠠᠬᠢᠭᠤᠯᠤᠨ᠎ᠠ᠃  ᠣᠷᠣᠨ ᠤ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ ᠣᠳᠣ ᠦᠶ᠎ᠡ ᠶᠢᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠮᠠᠯ ᠠᠵᠤ ᠠᠬᠤᠶ  ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠡᠭᠦᠯᠳᠡᠷ  ᠤᠨ ᠮᠢᠬᠠᠨ ᠤ ᠦᠬᠡᠷ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢ ᠰᠠᠶᠢᠵᠢᠷᠠᠭᠤᠯᠤᠨ᠂ ᠮᠢᠩᠭᠠᠨ ᠲᠣᠯᠣᠭᠠᠶ ᠠᠴᠠ ᠳᠡᠭᠡᠭᠰᠢᠬᠢ ᠮᠢᠬᠠᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠲᠤᠭ᠎ᠠ ᠬᠡᠮᠵᠢᠶ᠎ᠡ ᠶᠢ ᠨᠡᠮᠡᠭᠳᠡᠬᠦᠯᠵᠦ᠂  ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠦᠷᠡᠵᠢᠭᠦᠯᠦᠨ ᠪᠣᠶᠢᠵᠢᠭᠤᠯᠬᠤ᠂  ᠡᠳ᠋ᠰᠢᠬᠦᠯᠦᠨ ᠪᠤᠯᠪᠠᠰᠤᠷᠠᠭᠤᠯᠬᠤ ᠪᠥᠬᠦ ᠠᠵᠤ ᠦᠶᠯᠡᠰ ᠤᠨ ᠭᠡᠯᠬᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ 2026 ᠣᠨ ᠪᠣᠯᠬᠤ ᠳᠤ᠂ ᠪᠥᠬᠦ ᠬᠤᠰᠢᠭᠤᠨ ᠤ  ᠮᠢᠬᠠᠨ ᠤᠨ ᠦᠬᠡᠷ ᠤᠨ ᠲᠤᠭ᠎ᠠ  ᠲᠤᠯᠤᠭᠠᠢ ᠶᠢ 15 ᠲᠦᠮᠡ ᠳᠤ ᠬᠦᠷᠭᠡᠵᠦ᠂ ᠮᠠᠯ ᠤᠨ ᠲᠤᠭ᠎ᠠ ᠲᠣᠯᠣᠭᠠᠶ ᠶᠢ 35 ᠲᠦᠮᠡ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ 《 ᠭᠤᠷᠪᠠᠨ ᠪᠦᠲᠦᠭᠡᠭᠳᠡᠬᠦᠨ ᠨᠢᠭᠡ ᠲᠡᠮᠳᠡᠭ 》 ᠢᠶᠠᠷ ᠰᠢᠯᠭᠠᠨ ᠭᠡᠷᠡᠴᠢᠯᠡᠬᠦᠯᠬᠦ  ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠲᠠᠶᠢᠹᠤᠰᠧ ᠬᠤᠰᠢᠭᠤ   ᠪᠠᠨ ᠤᠯᠤᠰ ᠤᠨ ᠲᠡᠰ ᠤᠨ ᠣᠷᠭᠠᠨᠢᠭ ᠪᠦᠲᠦᠭᠡᠭᠳᠡᠬᠦᠨ ᠤ  ᠵᠢᠱᠢᠶ᠎ᠡ ᠦᠵᠡᠭᠦᠯᠬᠦ ᠤᠷᠤᠨ ᠪᠠ ᠣᠷᠭᠠᠨᠢᠭ ᠪᠦᠲᠦᠭᠡᠭᠳᠡᠬᠦᠨ  ᠤ ᠴᠢᠬᠤᠯᠠ ᠬᠠᠩᠭᠠᠯᠭ᠎ᠠ ᠶᠢᠨ ᠭᠠᠵᠠᠷ ᠪᠤᠯᠭᠠᠵᠤ ᠰᠢᠯᠭᠠᠨ ᠭᠡᠷᠡᠴᠢᠯᠡᠬᠦᠯᠬᠦ ᠪᠠᠷ ᠴᠢᠷᠮᠠᠶᠢᠨ᠎ᠠ᠃  ᠬᠤᠶᠠᠷ ᠲᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠪᠤᠵᠠᠭᠠᠶᠢᠷᠠᠭᠤᠯᠤᠨ  ᠬᠦᠴᠦᠷᠭᠡᠭᠵᠢᠬᠦᠯᠬᠦ ᠭᠡᠷᠡᠭᠳᠡᠢ᠃ 《 ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ 》 ᠶᠢ ᠪᠠᠷᠢᠮᠲᠠᠯᠠᠨ᠂ ᠠᠵᠤ ᠦᠶᠯᠡᠳᠪᠦᠷᠢ ᠶᠢᠨ ᠠᠵᠤ ᠦᠶᠯᠡᠰ ᠤᠨ ᠰᠢᠰᠲ᠋ᠧᠮᠵᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠵᠤ ᠦᠶᠯᠡᠳᠪᠦᠷᠢ ᠶᠢᠨ ᠦᠶᠯᠡᠳᠬᠦᠨ ᠤ ᠶᠡᠷᠦᠩᠬᠡᠶ ᠥᠷᠲᠡᠭ ᠢ 100 ᠳ᠋ᠦᠩᠰᠢᠭᠤᠷ ᠲᠥᠭᠦᠷᠢᠭ ᠲᠠᠪᠠᠭᠤᠯᠤᠨ᠂ ᠵᠠᠭᠤᠨ ᠳ᠋ᠦᠩᠰᠢᠭᠤᠷ ᠤᠨ ᠪᠣᠬᠢᠷᠲᠤᠯ ᠥᠬᠡᠶ ᠠᠵᠤ ᠦᠶᠯᠡᠰ ᠤᠨ ᠬᠦᠷᠢᠶᠡᠯᠡᠩ ᠢ  ᠪᠠᠶᠢᠭᠤᠯᠬᠤ ᠪᠠᠷ ᠴᠢᠷᠮᠠᠶᠢᠨ᠎ᠠ᠃  ᠲᠤᠨᠤᠭ ᠲᠦᠬᠦᠭᠡᠷᠦᠮᠵᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠨᠴᠠᠯᠢᠭᠲᠤ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ   ᠤ ᠲᠣᠭᠤᠷᠢᠨ  ᠳᠤ᠂ ᠪᠡᠭᠡᠵᠢᠩ ᠲᠢᠶᠠᠨᠵᠢᠨ ᠾᠧᠪᠧᠶ ᠵᠢᠴᠢ ᠪᠦᠬᠦ ᠤᠯᠤᠰ ᠤᠨ ᠲᠣᠮᠣ ᠳᠤᠮᠳᠠ ᠬᠡᠯᠪᠡᠷᠢ ᠶᠢᠨ ᠬᠤᠲᠠ ᠳᠤ ᠬᠠᠩᠭᠠᠬᠤ ᠮᠠᠯ ᠤᠨ ᠠᠰᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠠ ᠭᠠᠷᠭᠠᠯᠳᠠ ᠶᠢᠨ ᠰᠠᠭᠤᠷᠢᠨ ᠭᠠᠵᠠᠷ ᠢ  ᠪᠠᠶᠢᠭᠤᠯᠤᠨ᠎ᠠ᠃ ᠣᠳᠣ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠ ᠮᠡᠷᠭᠡᠵᠢᠯ ᠲᠣᠨᠣᠭᠯᠠᠯ ᠤᠨ ᠳᠠᠪᠠᠭᠤᠯᠢᠭ ᠢ ᠭᠦᠢᠴᠡᠳ ᠠᠰᠢᠭᠯᠠᠨ᠂ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠠᠵᠤ ᠦᠢᠯᠡᠰ ᠤᠨ ᠬᠤᠷᠰᠢᠯᠴᠠᠭ᠎ᠠ ᠶᠢ  ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠶ ᠵᠢᠴᠢ  ᠤᠮᠠᠷᠠᠲᠤ ᠬᠡᠰᠡᠭ ᠤᠨ ᠭᠠᠵᠠᠷ ᠣᠷᠣᠨ ᠢ ᠨᠥᠯᠥᠭᠡᠯᠡᠨ ᠳᠠᠶᠢᠴᠢᠯᠠᠬᠤ ᠬᠥᠩᠭᠡᠨ ᠠᠵᠤ ᠦᠢᠯᠡᠳᠪᠦᠷᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠣᠷᠣᠨ ᠤ ᠴᠡᠪᠡᠷ ᠡᠨᠧᠷᠭᠢ ᠶᠢ ᠵᠣᠷᠢᠭᠵᠢᠭᠤᠯᠤᠨ ᠬᠥᠭᠵᠢᠭᠦᠯᠬᠦ ᠠᠵᠠ ᠲᠣᠬᠢᠶᠠᠯ ᠢ ᠡᠵᠡᠮᠳᠡᠨ᠂ ᠪᠦᠬᠦ ᠣᠷᠣᠨ ᠪᠦᠬᠦ ᠠᠶᠢᠮᠠᠭ ᠤᠨ ᠠᠵᠤ ᠦᠢᠯᠡᠰ ᠤᠨ ᠵᠠᠬᠢᠶᠠᠯᠠᠭ᠎ᠠ ᠶᠢ ᠬᠦᠯᠢᠶᠡᠨ ᠠᠪᠴᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠲᠣᠨᠣᠭᠯᠠᠯ ᠤᠨ ᠦᠢᠯᠡᠰ ᠢ ᠪᠤᠵᠠᠭᠠᠶᠢᠷᠠᠭᠤᠯᠤᠨ᠂  ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠎ᠡ᠃  ᠵᠤᠬᠢᠶᠠᠮᠠᠯ ᠠᠯᠮᠠᠰ ᠤᠨ ᠲᠥᠷᠥᠯ ᠵᠦᠶᠯ ᠢᠶᠠᠷ  ᠲᠤᠯᠬᠤ ᠴᠡᠭ ᠪᠣᠯᠭᠠᠵᠤ᠂ ᠬᠡᠲᠦ ᠬᠠᠲᠠᠭᠤ ᠮᠠᠲ᠋ᠧᠷᠢᠶᠠᠯ ᠤᠨ ᠠᠵᠤ ᠦᠶᠯᠡᠰ ᠤᠨ ᠬᠡᠯᠬᠢᠶ᠎ᠡ ᠶᠢ  ᠠᠮᠢᠳᠤᠯᠢᠬᠵᠢᠭᠤᠯᠤᠨ᠂ 《 ᠳᠤᠮᠳᠠᠳᠤ ᠤᠯᠤᠰ ᠤᠨ ᠤᠮᠠᠷᠠᠲᠤ ᠶᠢᠨ ᠬᠡᠲᠦ ᠬᠠᠲᠠᠭᠤ ᠮᠠᠲ᠋ᠧᠷᠢᠶᠠᠯ ᠤᠨ ᠲᠥᠪ 》 ᠢ ᠬᠦᠴᠦᠯᠡᠨ ᠪᠠᠶᠢᠭᠤᠯᠤᠨ᠎ᠠ᠃ 《 ᠤᠨᠠᠯᠳᠠ ᠪᠠᠷ ᠠᠮᠵᠢᠯᠳᠠ ᠶᠢ ᠰᠢᠯᠭᠠᠬᠤ 》 ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠰᠢᠯᠢᠳᠡᠭᠵᠢᠭᠦᠯᠦᠨ ᠥᠷᠭᠡᠳᠬᠡᠵᠦ ᠳᠡᠰ ᠳᠡᠪᠰᠢᠭᠦᠯᠬᠦ ᠶᠢ ᠠᠬᠢᠭᠤᠯᠤᠨ᠎ᠠ᠃  ᠰᠢᠨᠵᠢᠯᠡᠭᠡ ᠮᠡᠷᠭᠡᠵᠢᠯ  ᠤᠨ ᠣᠷᠣᠭᠤᠯᠤᠯᠲᠠ ᠶᠢ ᠣᠯᠠᠨ ᠲᠠᠯ᠎ᠠ ᠪᠠᠷ ᠨᠡᠮᠡᠭᠳᠡᠬᠦᠯᠦᠨ᠂  ᠰᠢᠨᠵᠢᠯᠡᠭᠡ ᠮᠡᠷᠭᠡᠵᠢᠯ ᠤᠨ  ᠬᠡᠯᠪᠡᠷᠢᠳᠦ ᠠᠵᠤ ᠠᠬᠤᠶᠢᠯᠠᠯ ᠢ ᠶᠡᠬᠡᠪᠡᠷ ᠣᠷᠣᠭᠤᠯᠤᠨ ᠠᠪᠴᠢᠷᠠᠵᠤ᠂ ᠲᠣᠰ ᠭᠠᠵᠠᠷ ᠣᠷᠣᠨ ᠤ ᠪᠠᠨ ᠰᠢᠨ᠎ᠡ ᠶᠢ ᠡᠭᠦᠳᠬᠦ ᠬᠡᠯᠪᠡᠷᠢ  ᠶᠢᠨ ᠠᠵᠤ ᠠᠬᠤᠶᠢᠯᠠᠯ ᠢ ᠪᠤᠶᠢᠵᠢᠭᠤᠯᠤᠨ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠮᠡᠷᠭᠡᠵᠢᠯ ᠤᠨ ᠭᠤᠤᠯᠯᠠᠭᠴᠢ ᠠᠵᠤ ᠠᠬᠤᠶᠢᠯᠠᠯ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠢ 30 ᠠᠴᠠ ᠳᠡᠭᠡᠭᠰᠢ ᠨᠡᠮᠡᠭᠳᠡᠬᠦᠯᠦᠨ᠂  2 ᠠᠴᠠ ᠳᠡᠭᠡᠭᠰᠢ ᠠᠵᠤ ᠠᠬᠤᠶᠢᠯᠠᠯ ᠢ  ᠤᠯᠤᠰ ᠤᠨ ᠭᠤᠤᠯ ᠵᠠᠬ᠎ᠠ   ᠳᠤ ᠭᠠᠷᠭᠠᠬᠤ ᠪᠠᠷ ᠴᠢᠷᠮᠠᠶᠢᠨ᠎ᠠ᠃  ᠭᠤᠷᠪᠠ ᠳᠤ᠂ ᠭᠤᠷᠪᠠᠳᠤᠭᠠᠷ ᠠᠵᠤ ᠦᠢᠯᠡᠰ ᠢ ᠴᠡᠴᠡᠭᠯᠡᠭᠦᠯᠦᠨ ᠬᠦᠭᠵᠢᠬᠦᠯᠬᠦ ᠭᠡᠷᠡᠭᠳᠡᠢ᠃《 ᠠᠷᠠᠯᠵᠢᠶ᠎ᠠ ᠵᠢᠭᠤᠯᠴᠢᠯᠠᠯ ᠢᠶᠠᠷ ᠬᠤᠰᠢᠭᠤ ᠪᠠᠨ ᠬᠦᠭᠵᠢᠬᠡᠬᠦ 》 ᠶᠢ ᠪᠠᠷᠢᠮᠲᠠᠯᠠᠵᠤ᠂ ᠬᠠᠭᠠᠨ ᠤ ᠠᠳᠤᠭᠤᠨ ᠰᠣᠶᠣᠯ ᠢ ᠬᠥᠭᠵᠢᠭᠦᠯᠬᠦ ᠪᠠᠷ ᠭᠤᠣᠯ ᠰᠡᠳᠦᠪ ᠪᠣᠯᠭᠠᠨ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠠᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠨᠦᠯᠦᠭᠡ ᠶᠢ ᠰᠠᠶᠢᠲᠤᠷ ᠠᠰᠢᠭᠯᠠᠨ᠂ 《 ᠵᠤᠨ ᠤ ᠴᠠᠭ ᠲᠤ ᠲᠠᠯ᠎ᠠ ᠨᠤᠲᠤᠭ ᠢᠶᠠᠷ ᠲᠤᠭᠤᠷᠢᠭᠤᠯᠤᠨ᠂ ᠡᠪᠦᠯ ᠤᠨ ᠤᠯᠠᠷᠢᠯ ᠳᠤ ᠮᠥᠰᠥ ᠴᠠᠰᠤᠨ ᠲᠡᠭᠡᠷ᠎ᠡ ᠨᠠᠭᠠᠳᠤᠭᠤᠯᠬᠤ 》 ᠠᠵᠢᠯ ᠢ ᠭᠦᠢᠴᠡᠳ ᠬᠢᠵᠦ᠂ ᠰᠢᠯᠢ ᠶᠢᠨ ᠭᠤᠣᠯ   ᠤᠨ ᠲᠠᠯ᠎ᠠ ᠨᠤᠲᠤᠭ ᠤᠨ 《 ᠵᠢᠭᠤᠯᠴᠢᠯᠠᠭᠴᠢᠳ ᠤᠨ ᠴᠤᠭᠯᠠᠭᠠᠨ ᠤ ᠲᠢᠩᠬᠢᠮ 》 ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ ᠣᠨᠴᠠᠯᠢᠭᠲᠤ ᠠᠵᠤ ᠦᠶᠯᠡᠰ ᠲᠤ ᠲᠦᠰᠢᠭᠯᠡᠨ᠂  ᠪᠡᠶᠡᠴᠢᠯᠡᠨ ᠣᠶᠢᠯᠠᠭᠠᠬᠤ᠂  ᠲᠤᠭᠤᠷᠢᠨ ᠵᠤᠭᠠᠴᠠᠬᠤ  ᠪᠠ ᠣᠨᠴᠠᠯᠢᠭᠲᠤ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠵᠢᠭᠤᠯᠴᠢᠯᠠᠯ ᠤᠨ ᠦᠶᠯᠡᠰ ᠢ ᠬᠥᠭᠵᠢᠭᠦᠯᠵᠦ᠂   ᠦᠩᠭᠡ ᠢᠯᠭᠠᠷᠠᠭᠰᠠᠨ ᠳᠥᠷᠪᠡᠨ ᠤᠯᠠᠷᠢᠯ ᠤᠨ ᠵᠢᠭᠤᠯᠴᠢᠯᠠᠯ ᠢ ᠡᠬᠦᠳᠦᠨ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ  ᠰᠦᠷᠦᠭᠵᠢᠭᠰᠡᠨ᠂ ᠲᠡᠮᠳᠡᠭᠵᠢᠭᠰᠡᠨ ᠬᠦᠭᠵᠢᠯᠳᠡ ᠶᠢ ᠠᠬᠢᠭᠤᠯᠤᠨ᠎ᠠ᠃ ᠵᠠᠮ ᠬᠠᠷᠢᠯᠴᠠᠭ᠎ᠠ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠵᠦ᠂  ᠪᠤᠳᠠᠰ ᠤᠨ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ᠂ ᠬᠥᠮᠥᠷᠭᠡᠯᠡᠨ ᠬᠠᠳᠠᠭᠠᠯᠠᠵᠤ ᠬᠥᠯᠳᠡᠭᠡᠵᠦ ᠭᠡᠯᠬᠢᠶᠡᠵᠢᠬᠦᠯᠬᠦ᠂  ᠢᠯᠭᠠᠨ ᠰᠠᠯᠭᠠᠵᠤ ᠲᠤᠬᠢᠷᠠᠭᠤᠯᠤᠨ ᠬᠦᠷᠭᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠶᠯᠡᠳᠪᠦᠷᠢᠯᠡᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠭᠤᠤᠯᠳᠠᠯᠭ᠎ᠠ ᠲᠠᠢ ᠡᠬᠦᠳᠦᠨ᠎ᠡ᠃  ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠪᠦᠰᠡ ᠶᠢᠨ ᠴᠢᠨᠠᠷᠲᠠᠶ ᠠᠷᠠᠯᠵᠢᠶ᠎ᠠ ᠭᠦᠶᠯᠭᠡᠭᠡᠨ ᠤ ᠲᠥᠪᠯᠡᠷᠡᠭᠦᠯᠵᠦ ᠲᠠᠷᠬᠠᠭᠠᠬᠤ ᠭᠠᠵᠠᠷ᠂ ᠪᠡᠭᠡᠵᠢᠩ ᠲᠢᠶᠠᠨᠵᠢᠨ ᠾᠧᠪᠧᠶ ᠶᠢᠨ ᠠᠵᠤ ᠠᠬᠤᠶ  ᠶᠢᠨ ᠬᠤᠩᠭᠢᠯ ᠤᠨ ᠪᠤᠳᠠᠰ ᠤᠨ ᠭᠦᠶᠯᠭᠡᠭᠡᠨ ᠤ  ᠲᠦᠪᠯᠡᠷᠡᠯ ᠤᠨ  ᠴᠡᠭ ᠢ  ᠪᠠᠶᠢᠭᠤᠯᠬᠤ ᠪᠠᠷ ᠴᠢᠷᠮᠠᠶᠢᠨ᠎ᠠ᠃ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ  ᠪᠠ ᠵᠢᠭᠡᠯᠡᠯᠭᠡ ᠶᠢᠨ ᠬᠠᠷᠢᠴᠠᠯ ᠢ 100 % ᠠᠴᠠ ᠳᠠᠪᠠᠭᠤᠯᠤᠨ᠎ᠠ᠃    ( ᠭᠤᠷᠪᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠬᠥᠳᠡᠭᠡ ᠲᠣᠰᠬᠤᠨ ᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠬᠦ ᠭᠡᠷᠡᠭᠳᠡᠢ᠃ 《 ᠳᠥᠷᠪᠡ ᠶᠢ ᠦᠯᠦ ᠲᠠᠶᠠᠭᠳᠠᠬᠤ  》 ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠳᠤᠯᠠᠨ᠂《 ᠬᠤᠶᠠᠷ ᠲᠤ ᠦᠯᠦ ᠵᠣᠪᠠᠭ᠋ᠤ ᠥᠬᠡᠶ ᠭᠤᠷᠪᠠ ᠶᠢ  ᠵᠠᠪᠠᠯ ᠪᠠᠲᠤᠯᠠᠬᠤ 》 ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂  ᠰᠤᠷᠭᠠᠨ ᠬᠥᠮᠦᠵᠢᠯ᠂  ᠡᠮ ᠡᠮᠨᠡᠯᠬᠡ᠂ ᠣᠷᠣᠨ ᠰᠠᠭᠤᠴᠠ ᠪᠠ ᠤᠰᠤ ᠤᠮᠳᠠ ᠵᠡᠷᠭᠡ  ᠪᠠᠳᠤᠯᠠᠭᠠᠨ ᠤ ᠲᠠᠯ᠎ᠠ ᠳᠤ ᠬᠤᠯᠪᠤᠭᠳᠠᠭᠰᠠᠨ ᠡᠯ᠎ᠡ  ᠲᠦᠷᠦᠯ   ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ  ᠨᠠᠶᠢᠳᠠᠪᠤᠷᠢᠵᠢᠭᠤᠯᠤᠨ᠂ ᠬᠢᠯᠪᠠᠷ ᠪᠤᠰᠤ ᠪᠠᠷ ᠣᠯᠤᠭᠰᠠᠨ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠦᠷ᠎ᠡ ᠪᠦᠲᠦᠭᠡᠯ ᠢ ᠡᠷᠡᠰ ᠰᠠᠬᠢᠨ ᠬᠠᠮᠠᠭᠠᠯᠠᠵᠤ᠂  ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠳᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤ ᠬᠠᠪᠰᠤᠷᠤᠨ ᠲᠡᠳᠬᠦᠬᠦ ᠪᠠ ᠶᠡᠷᠦᠩᠬᠡᠶᠢᠯᠡᠨ ᠠᠪᠤᠷᠠᠨ ᠲᠤᠰᠠᠯᠠᠬᠤ ᠠᠵᠢᠯ ᠢ ᠲᠥᠷᠥᠯ ᠬᠤᠪᠢᠶᠠᠨ ᠰᠠᠶᠢᠲᠤᠷ ᠬᠢᠵᠦ᠂ ᠬᠡᠪᠴᠢᠶᠡᠵᠢᠯ  ᠤᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠨ᠎ᠠ᠃ 《 ᠲᠠᠪᠤᠨ ᠶᠡᠭᠡ ᠬᠥᠭᠵᠢᠯ ᠮᠠᠨᠳᠤᠯ 》  ᠤᠨ ᠤᠨᠢᠨ ᠲᠡᠭᠡᠷ᠎ᠡ ᠨᠢ ᠬᠦᠴᠦᠯᠡᠬᠦ ᠭᠡᠷᠡᠭᠳᠡᠢ᠃ 《 ᠠᠵᠤ ᠦᠶᠯᠡᠰ ᠬᠥᠭᠵᠢᠭᠰᠡᠨ᠂  ᠣᠷᠣᠰᠢᠨ  ᠰᠠᠭᠤᠷᠢᠰᠢᠬᠤ  ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠴᠢᠨᠡᠭᠡᠯᠢᠭᠵᠢᠭᠰᠡᠨ 》 ᠶᠡᠷᠦᠩᠬᠡᠶ ᠱᠠᠭᠠᠷᠳᠠᠯᠭ᠎ᠠ ᠶᠣᠰᠣᠭᠠᠷ᠂ ᠠᠵᠤ ᠦᠶᠯᠡᠰ᠂ ᠴᠢᠳᠠᠪᠤᠷᠢᠲᠠᠨ᠂ ᠰᠣᠶᠣᠯ᠂  ᠵᠤᠬᠢᠶᠠᠨ ᠪᠠᠶᠢᠭᠤᠯᠤᠯᠳᠠ   ᠶᠢᠨ《 ᠲᠠᠪᠤᠨ ᠶᠡᠭᠡ ᠬᠥᠭᠵᠢᠯ ᠮᠠᠨᠳᠤᠯ 》 ᠢ  ᠬᠦᠨᠵᠡᠬᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠢ ᠠᠭᠤᠰᠤᠯᠴᠠᠭᠤᠯᠤᠨ ᠬᠥᠭᠵᠢᠭᠦᠯᠬᠦ   ᠶᠢᠨ ᠲᠣᠭᠤᠷᠢᠨ ᠳᠤ ᠂ ᠣᠨᠴᠠᠯᠢᠭᠲᠤ ᠠᠵᠤ ᠦᠶᠯᠡᠰ᠂ ᠳᠠᠪᠠᠭᠤᠯᠢᠭ ᠠᠵᠤ ᠦᠶᠯᠡᠰ᠂ ᠭᠤᠤᠯᠯᠠᠬᠤ ᠠᠵᠤ ᠦᠶᠯᠡᠰ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ  ᠴᠢᠩᠭᠠᠷᠠᠭᠤᠯᠤᠨ᠂ ᠣᠯᠠᠨ ᠲᠦᠮᠡᠨ ᠤ ᠣᠷᠣᠯᠭ᠎ᠠ ᠶᠢᠨ ᠣᠯᠠᠨ ᠲᠠᠯᠠᠵᠢᠭᠰᠠᠨ ᠨᠡᠮᠡᠭᠳᠡᠯ   ᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠲᠤᠯᠭᠠᠭᠤᠷᠢᠯᠠᠯ ᠢ  ᠴᠢᠩᠭᠠᠳᠬᠠᠨ᠂ ᠰᠢᠨ᠎ᠡ ᠬᠡᠯᠪᠡᠷᠢ ᠶᠢᠨ  ᠲᠠᠷᠢᠶᠠᠯᠠᠩ ᠮᠠᠯᠵᠢᠯ ᠤᠨ ᠡᠵᠡᠩᠨᠡᠯᠲᠡ ᠶᠢᠨ ᠭᠤᠤᠯ ᠴᠣᠭᠴᠠ ᠶᠢ ᠲᠦᠷᠭᠡᠳᠬᠡᠨ ᠪᠣᠶᠢᠵᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠮᠠᠯᠵᠢᠬᠤ ᠲᠠᠷᠢᠶᠠᠯᠠᠬᠤ ᠣᠷᠣᠨ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠡᠷᠳᠡᠮ  ᠴᠢᠳᠠᠯ ᠢᠶᠠᠨ  ᠭᠠᠷᠭᠠᠬᠤ ᠶᠢ ᠵᠣᠷᠢᠭᠵᠢᠭᠤᠯᠤᠨ ᠳᠡᠮᠵᠢᠵᠦ᠂ ᠮᠡᠳᠡᠯᠭᠡ ᠮᠡᠷᠭᠡᠵᠢᠯ   ᠲᠠᠢ᠂ ᠡᠵᠡᠩᠨᠡᠵᠦ ᠬᠠᠮᠢᠶᠠᠷᠬᠤ ᠳᠠᠭᠠᠨ ᠴᠢᠳᠠᠮᠠᠭᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠤᠯ ᠬᠥᠭ ᠠᠶᠠᠰ ᠪᠠ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠡᠬᠦᠳᠦᠨ᠎ᠡ᠃  ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ ᠭᠤᠶᠤᠵᠢᠭᠤᠯᠤᠯᠳᠠ᠂ ᠬᠥᠮᠦᠨ ᠮᠠᠯ ᠢ ᠰᠠᠯᠭᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠢᠨᠵᠧᠨᠧᠷᠢᠩ  ᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠠᠬᠢᠭᠤᠯᠵᠤ᠂ ᠮᠠᠯᠴᠢᠨ ᠲᠠᠷᠢᠶᠠᠴᠢᠨ ᠤ ᠠᠮᠤᠷ ᠲᠠᠶᠢᠪᠤᠩ ᠠᠵᠤ ᠲᠦᠷᠦᠭᠦ ᠠᠮᠢ ᠠᠬᠤᠢ ᠶᠢᠨ ᠭᠡᠷ ᠣᠷᠣᠨ ᠢ ᠴᠢᠷᠮᠠᠶᠢᠨ ᠪᠠᠶᠢᠭᠤᠯᠵᠤ᠂ ᠬᠥᠳᠡᠭᠡ ᠲᠣᠰᠬᠤᠨ   ᠤ ᠡᠵᠡᠬᠦᠶᠢᠷᠡᠵᠦ ᠬᠤᠭᠤᠰᠤᠷᠠᠬᠤ ᠶᠢ ᠰᠡᠷᠭᠡᠶᠢᠯᠡᠨ᠂  ᠭᠠᠳᠠᠭᠰᠢ ᠭᠠᠷᠤᠭᠰᠠᠳ ᠢ ᠨᠤᠲᠤᠭ ᠲᠤᠨᠢ ᠢᠷᠡᠬᠦᠯᠬᠦ ᠪᠠᠷ ᠴᠢᠷᠮᠠᠶᠢᠨ᠎ᠠ᠃ 《 ᠨᠠᠮ ᠤᠨ ᠬᠤᠷᠢᠶ᠎ᠠ  ᠤᠳᠤᠷᠢᠳᠤᠭᠰᠠᠨ᠂ ᠵᠠᠰᠠᠭ ᠤᠨ ᠣᠷᠳᠣᠨ  ᠬᠠᠷᠢᠭᠤᠴᠠᠭᠰᠠᠨ᠂  ᠪᠦᠬᠦ ᠨᠡᠶᠢᠭᠡᠮ ᠢᠶᠠᠷ ᠢᠶᠠᠨ ᠬᠠᠮᠵᠢᠯᠴᠠᠭᠰᠠᠨ᠂  ᠠᠷᠠᠳ ᠣᠯᠠᠨ ᠢᠶᠠᠷ ᠢᠶᠠᠨ ᠤᠷᠤᠯᠴᠠᠭᠰᠠᠨ᠂ ᠬᠠᠤᠯᠢ ᠲᠦᠷᠢᠮ ᠢᠶᠠᠷ ᠪᠠᠳᠤᠯᠠᠭᠰᠠᠨ  》  ᠣᠲᠣ ᠦᠶ᠎ᠡ ᠶᠢᠨ ᠨᠡᠶᠢᠭᠡᠮ ᠤᠨ ᠵᠠᠰᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠷᠭᠤ ᠵᠠᠭᠠᠯᠳᠤᠯᠭ᠎ᠠ ᠥᠬᠡᠶ ᠲᠣᠰᠬᠤᠨ ᠢ ᠰᠠᠶᠢᠰᠢᠶᠠᠨ ᠬᠦᠭᠢᠬᠦᠯᠬᠦ ᠡᠷᠴᠢᠮ ᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠮᠤᠷ ᠲᠣᠭᠲᠠᠭᠤᠨ᠂ ᠡᠶ᠎ᠡ ᠨᠠᠶᠢᠷᠠᠮᠳᠠᠭᠤ ᠬᠠᠮᠲᠤ ᠣᠷᠣᠰᠢᠬᠤ ᠶᠢ ᠠᠬᠢᠭᠤᠯᠤᠨ᠎ᠠ᠃     ( ᠲᠦᠷᠪᠡ ) ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠨ᠎ᠠ᠃ ᠬᠤᠲᠠ ᠪᠠᠯᠭᠠᠰᠤᠨ ᠤ ᠦᠢᠯᠡᠳᠦᠯ ᠴᠢᠳᠠᠮᠵᠢ   ᠶᠢ ᠦᠷᠬᠦᠯᠵᠢᠯᠡᠨ ᠲᠡᠭᠡᠭᠰᠢᠯᠡᠬᠦᠯᠬᠦ ᠭᠡᠷᠡᠭᠳᠡᠢ᠃ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠱᠤᠭᠤᠮ ᠢ ᠴᠢᠩᠭ᠎ᠠ  ᠬᠢᠵᠠᠭᠠᠷᠯᠠᠨ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ  ᠤᠨ ᠲᠣᠬᠢᠷᠠᠭᠤᠯᠤᠯ ᠡᠵᠡᠮᠳᠡᠯ ᠢ ᠴᠢᠩᠭᠠᠳᠬᠠᠵᠤ᠂ ᠪᠣᠤᠴᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯᠠᠪᠠᠢ  ᠶᠢ 17 ᠬᠠᠪᠳᠠᠭᠠᠢ ᠳᠥᠷᠪᠡᠯᠵᠢᠨ ᠺᠢᠯᠤᠮᠧᠲᠷ ᠤᠨ ᠳᠣᠲᠣᠷ᠎ᠠ ᠬᠢᠵᠠᠭᠠᠷᠯᠠᠨ᠎ᠠ᠃ ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ  ᠴᠢᠩᠭᠠᠳᠬᠠᠵᠤ᠂ ᠨᠢᠭᠡ ᠪᠦᠯᠦᠭ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠵᠡᠭᠡᠯᠢ ᠭᠤᠳᠤᠮᠵᠢ ᠶᠢᠨ 《 ᠲᠠᠪᠤ ᠶᠢ ᠳᠡᠭᠡᠭᠰᠢᠯᠡᠭᠦᠯᠬᠦ 》 ᠢᠨᠵᠧᠨᠧᠷᠢᠩ᠂ ᠬᠤᠲᠠ ᠶᠢᠨ ᠵᠠᠮ ᠱᠤᠭᠤᠮ ᠲᠤᠤᠷ ᠬᠤᠭᠤᠯᠠᠢ ᠶᠢᠨ ᠪᠠᠶᠢᠭᠤᠯᠤᠯᠲᠠ ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ 2026 ᠣᠨ ᠪᠣᠯᠬᠤ ᠳᠤ᠂ ᠬᠤᠲᠠ ᠪᠠᠯᠭᠠᠰᠣᠵᠢᠯᠳᠡ ᠶᠢᠨ ᠨᠣᠷᠮ᠎ᠠ ᠶᠢ 60 % ᠳᠤ  ᠬᠦᠷᠭᠡᠵᠦ᠂ ᠰᠢᠲᠠᠮᠠᠬᠠᠶ ᠬᠡᠶ ᠶᠢᠨ ᠲᠦᠭᠡᠮᠡᠯᠵᠢᠯᠲᠡ ᠶᠢᠨ ᠨᠣᠷᠮ᠎ᠠ ᠶᠢ 15 % ᠳᠤ  ᠬᠦᠷᠭᠡᠨ᠂ ᠢᠯᠴᠢ ᠬᠠᠩᠭᠠᠬᠤ ᠨᠣᠷᠮ᠎ᠠ ᠶᠢ 90 % ᠳᠤ ᠬᠦᠷᠭᠡᠵᠦ᠂ ᠠᠮᠢᠳᠤᠷᠠᠯ ᠤᠨ ᠬᠤᠭ ᠨᠣᠪᠰᠢ ᠶᠢᠨ ᠬᠤᠤᠷ ᠥᠬᠡᠶᠢᠳᠡᠭᠦᠯᠦᠨ ᠰᠢᠶᠳᠪᠦᠷᠢᠯᠡᠬᠦ ᠨᠣᠷᠮ᠎ᠠ ᠶᠢ 100 % ᠳᠤ ᠬᠦᠷᠭᠡᠨ᠂  ᠬᠤᠳᠠ ᠵᠠᠮ   ᠢ  ᠬᠦᠮᠦᠨ ᠲᠤᠮᠳᠠᠴᠢ ᠪᠠᠷ 25 ᠬᠠᠪᠳᠠᠭᠠᠢ ᠳᠥᠷᠪᠡᠯᠵᠢᠨ ᠮᠧᠲᠷ ᠨᠤᠭᠳᠠᠭᠤᠯᠵᠤ  ᠂  ᠵᠦᠯᠭᠡ ᠭᠠᠵᠠᠷ ᠤᠨ ᠨᠣᠷᠮ᠎ᠠ ᠶᠢ 22 % ᠳᠤ ᠬᠦᠷᠭᠡᠨ᠂   ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠶ ᠶᠢ  ᠬᠦᠮᠦᠨ ᠲᠤᠮᠳᠠᠴᠢ ᠪᠠᠷ 15 ᠬᠠᠪᠳᠠᠭᠠᠢ ᠳᠥᠷᠪᠡᠯᠵᠢᠨ ᠮᠧᠲᠷ  ᠨᠤᠭᠳᠠᠭᠤᠯᠤᠨ  ᠂   ᠴᠡᠴᠡᠷᠯᠢᠭᠵᠢᠭᠰᠡᠨ ᠬᠤᠲᠠ ᠶᠢ  ᠡᠬᠦᠳᠦᠨ ᠪᠠᠶᠢᠭᠤᠯᠬᠤ ᠪᠠᠷ ᠴᠢᠷᠮᠠᠶᠢᠨ᠎ᠠ᠃  ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢ  ᠲᠡᠬᠦᠯᠳᠡᠷᠵᠢᠬᠦᠯᠬᠦ ᠭᠡᠷᠡᠭᠳᠡᠢ᠃ ᠲᠦᠷᠭᠡᠨ ᠬᠤᠷᠳᠤᠴᠠᠲᠤ ᠲᠡᠮᠦᠷ ᠵᠠᠮ᠂ ᠲᠦᠷᠭᠡᠨ ᠬᠤᠷᠳᠤᠴᠠᠲᠤ ᠵᠠᠰᠠᠮᠠᠯ ᠵᠠᠮ ᠢᠶᠠᠷ  ᠨᠢᠷᠤᠭᠤ ᠪᠤᠯᠭᠠᠵᠤ  ᠂ ᠤᠯᠤᠰ ᠪᠠ ᠮᠤᠵᠢ ᠶᠢᠨ ᠲᠡᠰ ᠤᠨ ᠭᠤᠣᠯ ᠱᠤᠭᠤᠮ ᠢᠶᠠᠷ ᠲᠤᠯᠭᠠᠭᠤᠷᠢ ᠪᠤᠯᠭᠠᠨ᠂  ︽ᠳᠥᠷᠪᠡᠨ ᠰᠠᠶᠢᠨᠳᠠᠢ ᠬᠥᠳᠡᠭᠡ ᠶᠢᠨ ᠵᠠᠮ︾ ᠢᠶᠠᠷ ᠰᠠᠭᠤᠷᠢ  ᠪᠤᠯᠭᠠᠵᠤ᠂ ᠵᠠᠰᠠᠮᠠᠯ ᠵᠠᠮ ᠲᠡᠮᠦᠷ ᠵᠠᠮ ᠤᠨ ᠥᠷᠲᠡᠭᠡ ᠪᠠᠷ ᠬᠦᠢᠰᠦ ᠪᠣᠯᠭᠠᠭᠰᠠᠨ ᠣᠷᠣᠨ ᠪᠦᠰᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠬᠦ ᠲᠠᠯ᠎ᠠ ᠪᠠᠷ ᠪᠠᠶᠢᠭᠤᠯᠵᠤ᠂  ︽304︾ ᠮᠤᠵᠢ ᠶᠢᠨ ᠲᠡᠰ ᠤᠨ ᠵᠠᠰᠠᠮᠠᠯ ᠵᠠᠮ᠂  ᠪᠡᠭᠡᠵᠢᠩ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠬᠦ ᠶᠢ ᠠᠬᠢᠭᠤᠯᠤᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠲᠠᠶᠢᠪᠤᠰᠧ ᠬᠤᠰᠢᠭᠤ  ᠪᠠᠨ ᠰᠢᠯᠢ ᠶᠢᠨ ᠭᠤᠣᠯ ᠠᠶᠢᠮᠠᠭ ᠤᠨ  ᠭᠠᠳᠠᠭᠰᠢ ᠨᠡᠪᠳᠡᠷᠡᠬᠦ  ᠴᠢᠬᠤᠯᠠ ᠵᠠᠮ ᠪᠠ ᠡᠮᠦᠨ᠎ᠡ ᠡᠬᠦᠳᠡ ᠪᠣᠯᠭᠠᠬᠤ ᠪᠠᠷ ᠴᠢᠷᠮᠠᠶᠢᠨ᠎ᠠ᠃ ᠨᠡᠶᠢᠲᠡ ᠶᠢᠨ ᠵᠠᠮ ᠬᠠᠷᠢᠯᠴᠠᠭᠠᠨ ᠤ ᠡᠬᠢ ᠪᠠᠶᠠᠯᠢᠭ ᠢ ᠨᠢᠬᠡᠳᠬᠡᠨ ᠰᠢᠯᠢᠳᠡᠭᠵᠢᠭᠦᠯᠵᠦ᠂ ᠬᠤᠲᠠ ᠬᠥᠳᠡᠭᠡ ᠶᠢᠨ ᠣᠯᠠᠨ ᠲᠦᠮᠡᠨ ᠤ ᠶᠠᠪᠤᠵᠤ ᠰᠠᠭᠤᠬᠤ ᠳᠤ ᠬᠦᠴᠢᠷᠲᠡᠶ᠂ ᠶᠠᠪᠤᠵᠤ ᠰᠠᠭᠤᠬᠤ ᠳᠤ ᠦᠨᠡᠲᠡᠶ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠶᠳᠪᠦᠷᠢᠯᠡᠨ᠎ᠡ᠃  ᠪᠠᠭ᠎ᠠ ᠰᠠᠪᠠ ᠭᠠᠵᠠᠷ ᠤᠨ ᠵᠠᠰᠠᠯᠳᠠ ᠶᠢ ᠬᠡᠷᠡᠭᠵᠢᠭᠦᠯᠵᠦ ᠂ ᠦᠶᠡᠷ ᠰᠡᠷᠭᠡᠶᠢᠯᠡᠬᠦ  ᠰᠢᠰᠲ᠋ᠧᠮ ᠢ ᠲᠡᠭᠦᠯᠳᠡᠷᠵᠢᠭᠦᠯᠦᠨ᠂ ᠦᠶᠡᠷ ᠤᠰᠤᠲᠤᠯ ᠤᠨ ᠭᠠᠮᠰᠢᠭ ᠤᠨ ᠬᠤᠬᠢᠷᠠᠯ ᠢ ᠪᠠᠭᠠᠰᠬᠠᠨ᠎ᠠ᠃ ᠬᠤᠲᠠ ᠬᠦᠳᠡᠭᠡ ᠶᠢᠨ ᠴᠠᠬᠢᠯᠭᠠᠨ ᠬᠦᠴᠦᠨ ᠤ ᠥᠭᠡᠷᠡᠴᠢᠯᠡᠯᠲᠡ ᠶᠢ ᠠᠬᠢᠭᠤᠯᠵᠤ᠂ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ   ᠶᠢ ᠤᠯᠠᠮ ᠰᠠᠶᠢᠨ ᠬᠠᠩᠭᠠᠨ᠎ᠠ᠃ 5G ᠰᠦᠯᠵᠢᠶ᠋ᠨ ᠤ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂  ᠥᠷᠭᠡᠨ ᠪᠦᠰᠡᠲᠦ ᠰᠦᠯᠵᠢᠶ᠎ᠡ ᠬᠦᠳᠡᠭᠡ ᠲᠣᠰᠬᠤᠨ ᠳᠤ ᠨᠡᠶᠢᠳᠡᠮ ᠪᠦᠷᠬᠦᠬᠦ ᠶᠢ ᠪᠡᠶᠡᠯᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ  ᠴᠢᠩᠭᠠᠷᠠᠭᠤᠯᠬᠤ ᠭᠡᠷᠡᠭᠳᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ ᠶᠢᠨ ᠳᠠᠷᠤᠭ᠎ᠠ ᠶᠢᠨ ᠲᠦᠷᠢᠮ᠂  ᠨᠠᠭᠤᠷ ᠭᠤᠣᠯ ᠤᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠢ ᠶᠢᠨ ᠤᠢ ᠶᠢᠨ ᠬᠤᠶᠠᠳᠤᠭᠠᠷ ᠬᠤᠭᠤᠴᠠᠭ᠎ᠠ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ᠂ ᠠᠶᠢᠯ ᠲᠣᠰᠬᠤᠨ ᠤ ᠨᠣᠭᠤᠭᠠᠷᠠᠭᠤᠯᠤᠯᠲᠠ᠂ ᠮᠠᠭᠤᠵᠢᠷᠠᠭᠰᠠᠨ ᠬᠠᠯᠬᠠᠪᠴᠢ ᠤᠢ ᠶᠢᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃《 ᠨᠦᠬᠦᠷᠯᠡᠯ ᠬᠠᠶᠢᠷ᠎ᠠ ᠶᠢᠨ ᠣᠶ 》᠂ 《  ᠠᠬᠠᠨ ᠲᠡᠬᠦᠦᠰ ᠤᠨ ᠣᠶ 》᠂ 《 ᠵᠠᠯᠠᠭᠤᠴᠤᠳ ᠤᠨ ᠣᠶ 》 ᠶᠢᠨ ᠠᠵᠢᠯᠯᠠᠭ᠎ᠠ ᠶᠢ ᠢᠳᠡᠪᠬᠢᠲᠡᠶ  ᠦᠷᠨᠢᠬᠦᠯᠦᠨ᠂ 《 ᠰᠢᠷᠭᠤᠯᠵᠢ ᠣᠶ 》 ᠶᠢᠨ ᠲᠥᠷᠥᠯ ᠵᠦᠶᠯ ᠢ ᠴᠢᠷᠮᠠᠶᠢᠨ ᠣᠯᠵᠤ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠠᠵᠤ ᠠᠬᠤᠶ ᠶᠢᠨ ᠤᠢ ᠮᠤᠳᠤ ᠶᠢ ᠰᠠᠶᠢᠲᠤᠷ ᠳᠠᠷᠢᠵᠤ᠂  ᠤᠢ ᠮᠤᠳᠤ ᠪᠠᠷ ᠠᠰᠢᠭ ᠤᠷᠤᠯᠭ᠎ᠠ ᠪᠠᠨ ᠨᠡᠮᠡᠭᠳᠡᠬᠦᠯᠦᠨ᠎ᠡ᠃ ᠡᠪᠡᠰᠦ ᠪᠡᠯᠴᠢᠭᠡᠷ ᠢᠶᠠᠷ ᠮᠠᠯ ᠤᠨ ᠲᠤᠭ᠎ᠠ ᠪᠠᠨ ᠲᠣᠭᠲᠠᠭᠠᠬᠤ ᠶᠢ  ᠪᠠᠷᠢᠮᠳᠠᠯᠠᠵᠤ᠂ ᠲᠠᠷᠢᠶᠠᠯᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ᠂ ᠮᠠᠯᠵᠢᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠤᠯᠠᠷᠢᠯ ᠤᠨ ᠴᠢᠨᠠᠷᠲᠠᠶ ᠪᠡᠯᠴᠢᠭᠡᠷ ᠰᠡᠷᠬᠦᠬᠡᠬᠦ ᠳᠦᠷᠢᠮ ᠢ ᠦᠷᠬᠦᠯᠵᠢᠯᠡᠨ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ   ᠢ ᠡᠪᠳᠡᠵᠦ ᠬᠠᠤᠯᠢ ᠲᠦᠷᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦᠨ᠎ᠡ᠃  ᠡᠵᠡᠬᠦᠢ ᠭᠤᠤ ᠭᠠᠩᠭ᠎ᠠ   ᠶᠢᠨ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂   ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠬᠦᠯᠦᠨ᠂  ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠨ ᠬᠢᠵᠦ᠂ ᠠᠭᠠᠷ ᠮᠠᠨᠳᠠᠯ᠂ ᠬᠥᠷᠥᠰᠥ ᠰᠢᠷᠣᠢ᠂ ᠤᠰᠤᠨ ᠤ ᠰᠤᠷᠪᠤᠯᠵᠢ ᠶᠢᠨ ᠪᠣᠬᠢᠷᠲᠤᠯ ᠢ ᠵᠠᠰᠠᠬᠤ ᠶᠢ  ᠴᠢᠩᠭᠠᠳᠬᠠᠨ᠂ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ᠂ ᠲᠠᠭᠠᠯᠠᠮᠵᠢᠲᠠᠢ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠠᠶᠢᠭᠤᠯᠤᠨ᠎ᠠ᠃       ( ᠲᠠᠪᠤ ) ᠠᠷᠠᠳ ᠤᠨ ᠠᠮᠢᠳᠤᠷᠠᠯ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠬᠠᠩᠭᠠᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠭᠡᠷᠡᠭᠳᠡᠢ᠃ ᠠᠷᠠᠳ ᠤᠨ ᠠᠮᠢᠳᠤᠷᠠᠯ ᠳᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠬᠤᠪᠢ ᠶᠢᠨ ᠵᠢᠩ ᠢ 85% ᠠᠴᠠ ᠳᠡᠭᠡᠭᠰᠢ ᠪᠠᠶᠢᠯᠭᠠᠨ᠂   ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠴᠢᠩᠭᠠᠳᠬᠠᠵᠤ᠂  ᠠᠵᠢᠯ ᠣᠯᠭᠤᠯᠲᠠ ᠶᠢ ᠳᠡᠮᠵᠢᠬᠦ ᠴᠢᠨᠠᠷᠲᠠᠶ ᠲᠥᠷᠥ ᠶᠢᠨ ᠪᠣᠳᠣᠯᠭ᠎ᠠ ᠶᠢ ᠭᠦᠶᠴᠡᠳ ᠰᠠᠶᠢᠨ ᠬᠡᠷᠡᠭᠯᠡᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4 % ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂  ᠨᠠᠰᠤᠵᠢᠯ ᠤᠨ ᠳᠠᠭᠠᠳᠬᠠᠯ᠂  ᠡᠮᠨᠡᠯᠬᠡ ᠶᠢᠨ ᠳᠠᠭᠠᠳᠬᠠᠯ ᠳᠤ ᠤᠷᠤᠬᠤ ᠶᠣᠰᠣᠲᠠᠶ ᠶᠢ ᠨᠢ ᠪᠦᠬᠦᠨ ᠢ ᠤᠷᠤᠭᠤᠯᠤᠨ᠂  ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠤᠨ ᠬᠠᠷᠠᠭᠠᠯᠵᠠᠯ᠂ ᠲᠦᠷ ᠴᠠᠭ ᠤᠨ  ᠲᠤᠰᠠᠯᠠᠮᠵᠢ ᠵᠡᠷᠭᠡ ᠠᠷᠭ᠎ᠠ ᠲᠦᠷᠢᠮ ᠢ ᠲᠡᠭᠦᠯᠳᠡᠷᠵᠢᠭᠦᠯᠵᠦ᠂ ᠵᠡᠮᠳᠡᠭᠴᠦᠳ᠂ ᠬᠡᠷ  ᠲᠡᠭᠡᠨ ᠬᠤᠴᠣᠷᠤᠭᠰᠠᠨ ᠨᠠᠰᠤᠲᠠᠶᠢᠴᠤᠳ᠂ ᠡᠮᠡᠭᠲᠡᠶᠢᠴᠦᠳ ᠪᠠ ᠬᠡᠦᠬᠡᠳ ᠪᠠᠭᠠᠴᠤᠳ ᠵᠡᠷᠭᠡ ᠣᠨᠴᠣᠭᠤᠶ ᠬᠥᠮᠦᠰ ᠢ  ᠬᠠᠶᠢᠷᠠᠯᠠᠨ  ᠬᠠᠯᠠᠮᠵᠢᠯᠠᠬᠤ ᠠᠵᠢᠯ ᠢ ᠰᠠᠶᠢᠲᠤᠷ ᠬᠢᠨ᠎ᠠ᠃ ᠣᠷᠣᠨ ᠰᠠᠭᠤᠴᠠ ᠶᠢᠨ  ᠪᠠᠳᠤᠯᠠᠭᠠᠨ ᠤ ᠲᠦᠷᠢᠮ ᠢ  ᠲᠡᠬᠦᠯᠳᠡᠷᠵᠢᠬᠦᠯᠦᠨ᠂  ᠪᠠᠳᠤᠯᠠᠭᠠᠨ ᠤ ᠴᠢᠨᠠᠷᠲᠠᠢ ᠣᠷᠣᠨ ᠰᠠᠭᠤᠴᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂  ᠤᠷᠢᠵᠤ ᠤᠷᠤᠭᠤᠯᠤᠭᠰᠠᠨ ᠴᠢᠳᠠᠪᠤᠷᠢᠲᠠᠨ ᠨᠠᠷ ᠲᠤ ᠲᠦᠷ ᠭᠡᠷᠡᠭᠯᠡᠬᠦ ᠤᠷᠤᠨ ᠰᠠᠭᠤᠴᠠ ᠬᠠᠩᠭᠠᠨ᠎ᠠ᠃  ᠬᠥᠮᠦᠨ ᠠᠮᠠ ᠶᠢᠨ  ᠨᠠᠰᠤᠵᠢᠯ ᠤᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃  ᠪᠦᠳᠦᠬᠦᠯᠢᠭ ᠵᠠᠩ ᠳᠠᠳᠬᠠᠯ   ᠤᠨ ᠦᠬᠡᠷᠡᠴᠢᠯᠡᠯᠳᠡ ᠪᠠ ᠣᠷᠣᠰᠢᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠵᠡᠷᠭᠡ ᠳᠤᠨᠢ ᠠᠬᠢᠭᠤᠯᠬᠤ ᠶᠢ ᠪᠠᠷᠢᠮᠲᠠᠯᠠᠵᠤ᠂ ᠣᠷᠣᠰᠢᠭᠤᠯᠭ᠎ᠠ ᠶᠢᠨ ᠦᠢᠯᠡ ᠠᠵᠢᠯᠯᠠᠭ᠎ᠠ ᠶᠢ ᠴᠢᠩᠭ᠎ᠠ ᠲᠦᠷᠢᠮᠵᠢᠬᠦᠯᠦᠨ᠂  ᠲᠦᠷᠢᠮ ᠲᠣᠭᠲᠠᠭᠠᠯ  ᠵᠦᠷᠢᠴᠡᠵᠦ  ᠪᠠᠶᠢᠭᠤᠯᠤᠭᠰᠠᠨ ᠣᠩᠭᠤᠨ ᠪᠤᠯᠠᠰᠢ ᠶᠢ ᠴᠡᠭᠴᠡᠯᠡᠨ ᠵᠠᠰᠠᠬᠤ ᠠᠵᠢᠯ ᠢ ᠡᠷᠡᠰ ᠰᠠᠶᠢᠲᠤᠷ ᠠᠳᠬᠤᠨ᠎ᠠ᠃  ᠴᠢᠨᠠᠷ ᠰᠠᠶᠢᠲᠠᠢ ᠰᠤᠷᠭᠠᠨ ᠬᠥᠮᠦᠵᠢᠯ ᠢ ᠶᠡᠬᠡᠪᠡᠷ ᠬᠦᠭᠵᠢᠬᠦᠯᠬᠦ ᠭᠡᠷᠡᠭᠳᠡᠢ᠃ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 《 ᠬᠤᠶᠠᠷ ᠢ ᠪᠠᠭᠠᠰᠬᠠᠬᠤ 》 ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠰᠣᠶᠣᠯ ᠭᠡᠭᠡᠷᠡᠯ ᠢ ᠡᠷᠬᠢᠮᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠢᠨ᠎ᠡ ᠰᠤᠷᠲᠠᠯ ᠢ ᠪᠠᠳᠠᠷᠠᠭᠤᠯᠵᠤ᠂ ᠰᠤᠷᠭᠠᠭᠤᠯᠢ᠂ ᠬᠡᠷ ᠪᠦᠯᠢ᠂ ᠨᠡᠶᠢᠭᠡᠮ ᠭᠤᠷᠪᠠᠨ ᠲᠠᠯ᠎ᠠ ᠠᠴᠠ ᠬᠠᠮᠵᠢᠯᠴᠠᠭᠰᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠰᠤᠷᠭᠠᠭᠤᠯᠢ ᠡᠷᠬᠢᠯᠡᠬᠦ  ᠦᠨᠳᠦᠰᠦᠨ ᠨᠥᠬᠦᠴᠡᠯ ᠢ ᠴᠢᠷᠮᠠᠶᠢᠨ ᠰᠠᠶᠢᠵᠢᠷᠠᠭᠤᠯᠵᠤ᠂  ᠪᠠᠭᠰᠢ ᠰᠤᠷᠤᠭᠴᠢᠳ ᠲᠤ ᠨᠡᠩ ᠰᠢᠯᠢᠳᠡᠭ ᠵᠢᠭᠠᠨ ᠰᠤᠷᠭᠠᠯᠳᠠ ᠶᠢᠨ ᠤᠷᠴᠢᠨ ᠨᠦᠬᠦᠴᠡᠯ ᠢ ᠬᠠᠩᠭᠠᠨ᠂  ᠪᠠᠭᠰᠢ ᠶᠢᠨ ᠡᠩᠨᠡᠭᠡ ᠶᠢ ᠲᠣᠭᠲᠠᠪᠤᠷᠢᠵᠢᠭᠤᠯᠵᠤ᠂ ᠠᠩᠬ᠎ᠠ ᠳᠤᠮᠳᠠᠳᠤ ᠶᠢᠨ ᠰᠤᠷᠤᠭᠴᠢ ᠶᠢᠨ ᠢᠷᠡᠯᠲᠡ ᠶᠢ ᠲᠤᠭᠳᠠᠪᠤᠷᠢᠵᠢᠭᠤᠯᠤᠨ  ᠂ ᠠᠶᠢᠮᠠᠭ ᠤᠨ ᠳᠣᠲᠣᠨ᠎ᠠ ᠭᠠᠳᠠᠨᠠᠬᠢ ᠨᠡᠷᠡᠲᠦ ᠰᠤᠷᠭᠠᠭᠤᠯᠢ  ᠲᠠᠢ ᠬᠠᠮᠲᠤᠷᠠᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠤᠷᠭᠠᠭᠤᠯᠢ ᠶᠢᠨ  ᠪᠠᠭᠰᠢ ᠠᠵᠢᠯᠲᠠᠨ ᠤ ᠡᠩᠨᠡᠭᠡ ᠶᠢ  ᠰᠢᠯᠢᠳᠡᠭᠵᠢᠬᠦᠯᠦᠨ ᠬᠦᠴᠦᠷᠭᠡᠭᠵᠢᠬᠦᠯᠵᠦ᠂  ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠰᠠᠶᠢᠵᠢᠷᠠᠭᠤᠯᠤᠨ᠂ ᠰᠤᠷᠭᠠᠨ ᠬᠥᠮᠦᠵᠢᠯ ᠤᠨ 《 ᠪᠡᠶ᠎ᠡ ᠤᠷᠪᠠᠭ᠋ᠤ ᠳᠠᠶᠢᠨ 》 ᠤ ᠢᠯᠠᠯᠲᠠ ᠶᠢ ᠲᠡᠮᠡᠴᠡᠨ ᠣᠯᠵᠤ᠂ ᠲᠠᠶᠢᠹᠤᠰᠧ ᠬᠤᠰᠢᠭᠤᠨ ᠤ ᠪᠠᠨ ᠰᠤᠷᠭᠠᠨ ᠬᠥᠮᠦᠵᠢᠯ ᠤᠨ ᠰᠢᠨ᠎ᠡ ᠭᠡᠷᠡᠯ ᠭᠢᠯᠪᠠᠭ᠎ᠠ ᠶᠢ ᠢᠯᠡᠷᠡᠭᠦᠯᠦᠨ᠎ᠡ᠃ ᠡᠷᠡᠭᠦᠯ ᠡᠩᠬᠡ ᠲᠠᠶᠢᠹᠤᠰᠧ ᠬᠤᠰᠢᠭᠤ ᠶᠢ ᠲᠦᠷᠭᠡᠳᠬᠡᠨ ᠪᠠᠶᠢᠭᠤᠯᠬᠤ ᠭᠡᠷᠡᠭᠳᠡᠢ᠃ 《 ᠭᠤᠷᠪᠠᠨ ᠡᠮ ᠡᠮᠨᠡᠯᠭᠡ 》 ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ  ᠤᠨ ᠳᠦᠷᠢᠮ ᠪᠠ ᠡᠮ ᠡᠮᠨᠡᠯᠭᠡ ᠶᠢᠨ ᠪᠠᠳᠤᠯᠠᠭᠠᠨ ᠤ ᠳᠦᠷᠢᠮ ᠢ  ᠪᠦᠷᠢᠨᠰᠢᠬᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂  ᠱᠠᠲᠤ  ᠬᠤᠪᠢᠶᠠᠵᠤ ᠣᠨᠣᠰᠢᠯᠠᠨ ᠡᠮᠨᠡᠬᠦ ᠰᠢᠰᠲ᠋ᠧᠮᠵᠢ ᠶᠢ  ᠲᠡᠬᠦᠯᠳᠡᠷᠵᠢᠬᠦᠯᠦᠨ᠂ ᠪᠠᠴᠢᠮ ᠬᠡᠷᠡᠭᠰᠡᠬᠦ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠣᠨᠣᠰᠢᠯᠠᠨ ᠡᠮᠴᠢᠯᠡᠬᠦ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠶᠡᠷᠦᠩᠬᠡᠶ ᠰᠠᠯᠠᠭᠠᠨ ᠤ ᠡᠮᠴᠢ ᠪᠣᠯᠤᠨ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠮᠣᠩᠭᠤᠯ ᠬᠢᠲᠠᠳ ᠡᠮ ᠡᠮᠨᠡᠯᠭᠡ ᠶᠢ ᠤᠯᠠᠮᠵᠢᠯᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠲᠡᠭᠡᠭᠰᠢᠯᠡᠬᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠶᠢᠩᠭᠤ ᠶᠢᠨ ᠴᠢᠨᠠᠷᠳᠠᠢ ᠰᠠᠶᠢᠲᠤᠷ ᠠᠳᠬᠤᠨ᠎ᠠ᠃  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂  ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ  ᠲᠡᠯᠬᠡᠷᠡᠬᠦᠯᠦᠨ᠂ ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃  ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠦᠭᠵᠢᠬᠦᠯᠬᠦ ᠭᠡᠷᠡᠭᠳᠡᠢ᠃ ᠨᠡᠶᠢᠭᠡᠮ ᠵᠢᠷᠤᠮ  ᠤᠨ ᠭᠤᠤᠯᠯᠠᠭᠴᠢ ᠥᠷᠲᠡᠭ ᠤᠨ ᠦᠵᠡᠯᠲᠡ ᠶᠢ ᠶᠡᠬᠡᠪᠡᠷ  ᠦᠢᠯᠡᠳᠦᠯᠭᠡᠵᠢᠭᠦᠯᠵᠦ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠤᠨ᠎ᠠ᠃ ᠰᠢᠯᠢᠳᠡᠭ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠤᠳᠬ᠎ᠠ ᠤᠷᠠᠯᠢᠭ ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ᠂ ᠣᠯᠠᠨ ᠲᠦᠮᠡᠨ ᠤ ᠰᠣᠶᠣᠯ ᠣᠶᠤᠨ ᠤ ᠠᠮᠢᠳᠤᠷᠠᠯ ᠢ ᠲᠠᠰᠤᠷᠠᠯᠲᠠ ᠤᠢᠭᠡᠢ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠤᠮᠪᠠᠯᠲᠠ ᠶᠢᠨ ᠣᠷᠳᠣᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ  ᠵᠡᠷᠭᠡ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂  ᠭᠤᠷᠪᠠᠨ ᠱᠠᠲᠤᠨ ᠤ ᠪᠦᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ ᠲᠦᠬᠦᠭᠡᠷᠦᠮᠵᠢ ᠶᠢᠨ ᠰᠦᠯᠵᠢᠶ᠎ᠡ ᠪᠠ ᠬᠤᠲᠠ  ᠪᠠᠯᠭᠠᠰᠤᠨ ᠤ《 15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ 》 ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠠᠳᠤᠯᠠᠬᠤ ᠭᠡᠷᠡᠭᠳᠡᠢ᠃ ᠬᠠᠤᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂  ︽ᠨᠠᠢᠮᠠᠳᠤᠭᠠᠷ ᠲᠠᠪᠤᠨ ᠵᠢᠯ︾   ᠤᠨ ᠬᠠᠤᠯᠢ ᠲᠦᠭᠡᠮᠡᠯᠵᠢᠭᠦᠯᠬᠦ ᠠᠵᠢᠯ ᠢ ᠭᠦᠨᠵᠡᠭᠡᠢ  ᠭᠡᠷᠡᠭᠵᠢᠬᠦᠯᠦᠨ᠂  ᠬᠠᠤᠯᠢᠵᠢᠭᠰᠠᠨ ᠵᠠᠰᠠᠭ ᠤᠨ  ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃  ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠢᠳᠪᠦᠷᠢᠯᠡᠬᠦ ᠶᠢ ᠴᠢᠩᠭᠠᠳᠬᠠᠨ᠂ ᠣᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠦᠴᠦᠯᠡᠨ ᠰᠢᠢᠳᠪᠦᠷᠢᠯᠡᠵᠦ  ᠂《 ᠠᠮᠤᠷ ᠠᠮᠤᠭᠤᠯᠠᠩ ᠲᠠᠶᠢᠹᠤᠰᠧ ᠬᠤᠰᠢᠭᠤ 》 ᠶᠢᠨ ᠪᠠᠶᠢᠭᠤᠯᠤᠯᠲᠠ ᠶᠢ  ᠬᠦᠨᠵᠡᠬᠡᠶᠢᠷᠡᠬᠦᠯᠦᠨ᠂ ᠡᠯ᠎ᠡ ᠲᠥᠷᠥᠯ ᠤᠨ ᠬᠠᠤᠯᠢ  ᠪᠤᠰᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃  ᠪᠠᠴᠢᠮ ᠪᠠᠶᠢᠳᠠᠯ ᠢ ᠠᠷᠭᠠᠴᠠᠬᠤ ᠣᠶᠤᠨᠴᠢ ᠵᠢᠯᠤᠭᠤᠳᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ  ᠤᠨ ᠬᠤᠬᠢᠷᠠᠯ ᠢ ᠪᠠᠭᠠᠰᠬᠠᠬᠤ᠂ ᠦᠶᠡᠷ ᠤᠰᠤᠳᠠᠯ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ  ᠲᠦᠮᠡᠨ   ᠤ ᠠᠮᠢ ᠨᠠᠰᠤ ᠪᠣᠯᠤᠨ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ  ᠪᠠᠳᠤᠳᠬᠠᠬᠤ ᠪᠠᠷ ᠭᠤᠣᠯ ᠰᠢᠵᠢᠮ ᠪᠤᠯᠭᠠᠨ᠂ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠷᠠᠳ  ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠬᠠᠯᠬᠠᠪᠴᠢ ᠶᠢ ᠪᠠᠶᠢᠭᠤᠯᠤᠨ᠎ᠠ᠃    ᠲᠥᠯᠥᠭᠡᠯᠡᠭᠴᠢᠳ ᠡ᠂ ᠨᠥᠬᠦᠳ ᠡ᠂ ᠲᠡᠦᠬᠡ ᠪᠤᠯ ᠡᠷᠡᠮᠡᠬᠡᠶᠢᠯᠡᠨ ᠲᠠᠪᠰᠢᠬᠴᠢ᠂ ᠡᠷᠡᠯᠬᠡᠭᠯᠡᠨ ᠲᠡᠮᠡᠴᠡᠭᠴᠢ ᠶᠢ ᠯᠡ ᠬᠠᠷᠠᠭᠠᠯᠵᠠᠬᠤ ᠠᠴᠠ ᠪᠢᠰᠢ ᠬᠠᠷᠢᠨ ᠡᠷᠡᠭᠡᠯᠵᠡᠨ ᠲᠠᠲᠠᠭᠠᠯᠵᠠᠭᠴᠢ᠂ ᠴᠠᠯᠠᠭᠠᠶᠢᠷᠠᠨ ᠬᠤᠶᠢᠷᠭᠤᠰᠢᠭᠴᠢ᠂ ᠪᠡᠷᠬᠡᠰᠢᠶᠡᠨ ᠬᠠᠯᠠᠰᠢᠷᠠᠭᠴᠢ ᠶᠢ ᠬᠦᠯᠢᠶᠡᠳᠡᠭ ᠦᠭᠡᠢ ᠪᠢᠯᠡ᠃ ᠪᠢᠳᠡ ᠠᠵᠢᠯᠴᠢ ᠪᠣᠷᠣᠭᠵᠢᠭᠤᠨ ᠠᠮᠢᠳᠤᠷᠠᠵᠤ᠂ ᠰᠢᠷᠭᠠᠭᠤ ᠬᠠᠳᠠᠭᠤᠵᠢᠯᠳᠠᠢ ᠠᠵᠢᠯᠯᠠᠳᠠᠭ ᠰᠢᠯᠢᠳᠡᠭ ᠰᠤᠷᠲᠠᠯ   ᠢᠶᠠᠨ ᠦᠷᠭᠦᠯᠵᠢᠯᠡᠨ ᠪᠠᠳᠠᠷᠠᠭᠤᠯᠵᠤ᠂  ᠯᠠᠪᠳᠠᠭᠤ ᠪᠠᠳᠤᠳᠠᠢ ᠪᠠᠷ ᠦᠢᠯᠡᠰ ᠪᠦᠳᠦᠬᠡᠨ᠂ ᠳᠠᠷᠤᠤ ᠬᠢᠴᠢᠶᠡᠩᠭᠦᠢ ᠪᠠᠷ ᠠᠵᠢᠯ ᠬᠢᠳᠡᠭ ᠵᠣᠷᠢᠭ ᠰᠠᠨᠠᠭ᠎ᠠ ᠪᠠᠨ  ᠦᠷᠭᠦᠯᠵᠢᠯᠡᠨ ᠪᠠᠷᠢᠮᠲᠠᠯᠠᠵᠤ᠂  ᠠᠷᠠᠳ ᠲᠦᠮᠡᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠳᠠᠭ ᠯᠠ ᠶᠤᠮ ᠪᠣᠯ  ᠵᠢᠱᠢᠵᠦ ᠲᠣᠭᠲᠠᠭᠰᠠᠨ ᠬᠠᠷᠠᠯᠲᠠ ᠡᠭᠦᠷᠭᠡ ᠪᠠᠨ ᠯᠠᠪᠲᠠᠢ ᠪᠡᠶᠡᠯᠡᠭᠦᠯᠵᠦ ᠴᠢᠳᠠᠨ᠎ᠠ ᠭᠡᠳᠡᠭ   ᠲᠤ ᠪᠠᠳᠤ ᠢᠳᠡᠬᠡᠯ  ᠲᠠᠢ ᠪᠠᠶᠢᠨ᠎ᠠ  ︕      ᠭᠤᠷᠪᠠ᠂ 2022 ᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠳᠠ     ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠥᠪᠵᠢᠭᠦᠯᠭᠡ  ᠶᠢ  ᠭᠡᠷᠡᠭᠵᠢᠬᠦᠯᠵᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠭᠤᠤᠯ ᠪᠤᠯᠬᠤ ᠤᠷᠢᠳᠴᠢᠯᠠᠭᠰᠠᠨ ᠬᠠᠷᠠᠯᠲᠠ ᠪᠣᠯ᠄  ᠣᠷᠣᠨ ᠨᠤᠳᠤᠭ ᠤᠨ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 5 % ᠪᠠᠷ ᠨᠡᠮᠡᠭᠳᠡᠭᠦᠯᠵᠦ᠂ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ ᠶᠢ 5 %  ᠪᠠᠷ  ᠨᠡᠮᠡᠭᠳᠡᠬᠦᠯᠦᠨ᠂ ᠨᠡᠶᠢᠭᠡᠮ ᠤᠨ ᠬᠡᠷᠡᠭᠯᠡᠭᠡᠨ ᠤ  ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠶ ᠬᠡᠮᠵᠢᠶ᠎ᠡ ᠶᠢ 6 % ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ ᠶᠢ  ᠲᠤᠰᠪᠤᠷᠢ  3 % ᠪᠠ 5 % ᠪᠠᠷ  ᠨᠡᠮᠡᠭᠳᠡᠬᠦᠯᠦᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠵᠦᠶ ᠵᠣᠬᠢᠰᠲᠠᠶ   ᠬᠡᠮᠵᠢᠶᠡᠨ ᠳᠤ ᠪᠠᠶᠢᠯᠭᠠᠵᠤ᠂ 《 ᠵᠢᠷᠭᠤᠭ᠎ᠠ ᠶᠢ ᠲᠣᠭᠲᠠᠪᠤᠷᠢᠵᠢᠭᠤᠯᠬᠤ 》 《 ᠵᠢᠷᠭᠤᠭ᠎ᠠ ᠶᠢ ᠪᠠᠲᠤᠯᠠᠬᠤ 》 ᠠᠵᠢᠯ ᠢ ᠦᠷᠭᠦᠯᠵᠢᠯᠡᠨ ᠰᠠᠶᠢᠲᠤᠷ ᠬᠢᠭᠰᠡᠨ ᠰᠠᠭᠤᠷᠢᠨ ᠳᠡᠭᠡᠷ᠎ᠡ᠂  ᠲᠤᠭᠳᠠᠭᠤᠨ  ᠪᠠᠶᠢᠯᠭᠠᠬᠤ ᠶᠢ ᠲᠡᠷᠢᠬᠦᠨ ᠳᠤ ᠲᠠᠯᠪᠢᠵᠤ᠂  ᠲᠤᠭᠳᠠᠭᠤᠨ ᠤ ᠲᠤᠮᠳᠠ ᠤᠷᠤᠭᠰᠢ ᠲᠠᠪᠰᠢᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠤᠮᠳᠠ ᠪᠠᠶᠢᠷᠢ ᠲᠦᠪᠰᠢᠨ  ᠢᠶᠠᠨ ᠲᠡᠭᠡᠭᠰᠢᠯᠡᠬᠦᠯᠬᠦ ᠪᠠᠷ ᠴᠢᠷᠮᠠᠶᠢᠨ᠎ᠠ᠃       ( ᠨᠢᠭᠡ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ᠂ 《 ᠬᠤᠶᠠᠷ ᠲᠤ ᠦᠯᠦ ᠵᠣᠪᠠᠭ᠋ᠤ᠂ ᠭᠤᠷᠪᠠ ᠶᠢ ᠵᠠᠪᠠᠯ ᠪᠠᠲᠤᠯᠠᠬᠤ 》 ᠬᠤᠷᠢᠭ᠎ᠠ ᠱᠤᠭᠤᠮ ᠢ ᠪᠠᠲᠤ ᠰᠠᠬᠢᠵᠤ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ  ᠦᠵᠡᠭᠳᠡᠯ ᠭᠠᠷᠬᠤ ᠦᠬᠡᠢ ᠶᠢ ᠦᠨᠡᠨ ᠬᠦ ᠪᠠᠲᠤᠯᠠᠨ᠎ᠠ᠃ ᠠᠵᠤ ᠦᠢᠯᠡᠰ᠂ ᠴᠢᠳᠠᠪᠤᠷᠢᠲᠠᠨ᠂ ᠰᠣᠶᠣᠯ ᠂ ᠠᠮᠢ ᠠᠬᠤᠢ  ᠂ ᠵᠤᠬᠢᠶᠠᠨ ᠪᠠᠶᠢᠭᠤᠯᠤᠯᠳᠠ ᠶᠢᠨ 《 ᠲᠠᠪᠤᠨ ᠶᠡᠭᠡ ᠬᠥᠭᠵᠢᠯ ᠮᠠᠨᠳᠤᠯ 》 ᠢ  ᠬᠦᠴᠦᠲᠡᠢ ᠠᠳᠬᠤᠵᠤ᠂  ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠴᠢᠨᠠᠭᠰᠢᠳᠠ ᠲᠡᠭᠡᠭᠰᠢᠯᠡᠬᠦᠯᠦᠨ᠂ 《 5 + 1 》 ᠲᠦᠰᠦᠪ   ᠤᠨ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠲᠥᠷᠥᠯ ᠵᠦᠶᠯ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 1.65 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠤᠨᠴᠠᠯᠢᠬᠳᠤ ᠠᠵᠤ ᠦᠶᠯᠡᠰ᠂ ᠠᠮᠢ ᠠᠬᠤᠶ ᠣᠷᠴᠢᠨ ᠲᠣᠭᠤᠷᠢᠨ᠂ ᠰᠠᠭᠤᠷᠢ ᠲᠥᠬᠦᠭᠡᠷᠦᠮᠵᠢ ᠵᠡᠷᠭᠡ ᠳᠤ ᠬᠤᠯᠪᠤᠭᠳᠠᠭᠰᠠᠨ 42 ᠲᠥᠷᠥᠯ ᠵᠦᠶᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠲᠥᠮᠥᠰᠥ ᠲᠠᠷᠢᠬᠤ ᠪᠠ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯᠯᠠᠭ᠎ᠠ ᠶᠢ ᠭᠦᠨᠵᠡᠭᠡᠶ ᠭᠡᠷᠡᠭᠵᠢᠬᠦᠯᠦᠨ᠂ ᠨᠠᠩ ᠣᠯᠠᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠥᠮᠦᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠭᠰᠡᠨ ᠡᠵᠡᠩᠨᠡᠯᠲᠡ ᠬᠥᠭᠵᠢᠯᠲᠡ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠪᠠᠷ ᠲᠣᠬᠢᠶᠠᠯ ᠪᠣᠯᠭᠠᠨ᠂ ᠬᠥᠮᠦᠨ ᠮᠠᠯ ᠢ ᠰᠠᠯᠭᠠᠬᠤ᠂ ᠡᠷᠦᠬᠡ ᠶᠢᠨ ᠵᠣᠷᠯᠣᠩ ᠢ ᠥᠭᠡᠷᠡᠴᠢᠯᠡᠬᠦ᠂ ᠪᠣᠬᠢᠷ ᠤᠰᠤ ᠶᠢ ᠵᠠᠰᠠᠬᠤ᠂ ᠣᠷᠴᠢᠨ ᠲᠣᠭᠤᠷᠢᠨ ᠢ  ᠴᠡᠭᠴᠡᠯᠡᠬᠦ ᠵᠡᠷᠭᠡ ᠢᠨᠵᠧᠨᠧᠷᠢᠩ  ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ  ᠰᠠᠭᠤᠷᠢᠰᠢᠬᠤ ᠣᠷᠴᠢᠨ ᠨᠥᠬᠦᠴᠡᠯ ᠤᠨ ᠣᠷᠣᠭᠤᠯᠤᠯᠲᠠ ᠪᠠ ᠬᠠᠮᠠᠭᠠᠯᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ 《 ᠨᠡᠶᠢᠲᠡᠯᠢᠭ ᠵᠢᠱᠢᠶ᠎ᠡ ᠪᠠᠷ ᠳᠠᠭᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠱᠠᠲᠤᠯᠢᠭ ᠢᠶᠠᠷ ᠠᠬᠢᠭᠤᠯᠬᠤ 》 ᠶᠢ ᠪᠠᠷᠢᠮᠲᠠᠯᠠᠵᠤ᠂ 19  ᠣᠷᠣᠨ ᠤ ᠲᠠᠰ ᠤᠨ ᠮᠠᠯ ᠠᠵᠤ ᠠᠬᠤᠶ ᠶᠢᠨ ᠤᠳᠤᠬᠢᠴᠢᠯᠠᠯᠳᠠ ᠶᠢᠨ ᠵᠢᠱᠢᠶ᠎ᠡ ᠦᠵᠡᠭᠦᠯᠬᠦ ᠭᠠᠴᠠᠭ᠎ᠠ᠂ 10 ᠠᠶᠢᠮᠠᠭ ᠤᠨ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ᠂ 8 ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠤᠯᠳᠠᠯᠭ᠎ᠠ ᠲᠠᠢ ᠭᠠᠴᠠᠭ᠎ᠠ ᠲᠣᠰᠬᠤᠨ ᠪᠠ  5 ᠬᠤᠰᠢᠭᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ ᠪᠠᠶᠢᠭᠤᠯᠤᠯᠲᠠ  ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠢ ᠵᠢᠯᠤᠭᠤᠳᠤᠨ ᠵᠠᠩ ᠳᠠᠳᠬᠠᠯ   ᠢ ᠦᠬᠡᠷᠡᠴᠢᠯᠡᠵᠦ᠂ ᠪᠣᠯᠪᠠᠰᠤᠨ ᠰᠠᠶᠢᠬᠠᠨ ᠬᠥᠳᠡᠭᠡ ᠶᠢᠨ ᠰᠤᠷᠲᠠᠯ᠂  ᠰᠢᠯᠢᠳᠡᠭ ᠰᠠᠶᠢᠨ ᠬᠡᠷ ᠤᠨ ᠰᠤᠷᠲᠠᠯ᠂ ᠠᠵᠢᠯᠴᠢ ᠪᠣᠷᠣᠭᠵᠢᠭᠤᠨ ᠠᠷᠠᠳ ᠤᠨ ᠰᠤᠷᠲᠠᠯ ᠢ ᠪᠤᠢ ᠪᠤᠯᠭᠠᠨ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠤᠨ᠎ᠠ᠃     ( ᠬᠤᠶᠠᠷ ) ᠠᠵᠤ ᠦᠶᠯᠡᠰ ᠤᠨ ᠬᠡᠪᠴᠢᠶ᠎ᠡ ᠶᠢ ᠲᠠᠰᠤᠷᠠᠯᠲᠠ ᠤᠢᠭᠡᠢ ᠦᠷᠭᠡᠳᠬᠡᠨ ᠪᠤᠵᠠᠭᠠᠶᠢᠷᠠᠭᠤᠯᠤᠨ᠎ᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠦᠭᠵᠢᠬᠦᠯᠬᠦ ᠭᠡᠷᠡᠭᠳᠡᠢ᠃ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠳᠠᠪᠠᠭᠤᠯᠢᠭ ᠪᠠ ᠲᠠᠷᠢᠶᠠᠯᠠᠩ ᠮᠠᠯ ᠠᠵᠤ ᠠᠬᠤᠢ  ᠶᠢᠨ ᠲᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ᠂ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ  ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠪᠥᠬᠦ ᠵᠢᠯ ᠤᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 103 ᠲᠦᠮᠡᠨ ᠮᠤ᠋ ᠳᠤ  ᠲᠤᠭᠳᠠᠪᠤᠷᠢᠵᠢᠭᠤᠯᠤᠨ᠂ ᠠᠵᠤ ᠠᠬᠤᠢ ᠶᠢᠨ ᠲᠠᠷᠢᠮᠠᠯ ᠢ 38 ᠲᠦᠮᠡᠨ ᠮᠤ᠋  ᠳᠤ ᠬᠦᠷᠭᠡᠨ᠎ᠡ᠃  ᠰᠠᠶᠢᠨ ᠡᠭᠦᠯᠳᠡᠷ ᠤᠨ ᠮᠢᠬᠠᠨ ᠤ ᠦᠬᠡᠷ ᠢ ᠦᠷᠡᠵᠢᠭᠦᠯᠦᠨ ᠪᠣᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠷᠳᠣᠨ ᠲᠠᠷᠭᠤᠯᠠᠭᠤᠯᠬᠤ  ᠭᠤᠭᠴᠤᠭᠠᠨ ᠤ ᠬᠦᠷᠦᠯᠴᠡᠬᠦ ᠥᠬᠡᠶ ᠲᠠᠯ᠎ᠠ ᠪᠠᠨ ᠨᠦᠬᠦᠪᠦᠷᠢᠯᠡᠨ᠂ 2000 ᠲᠣᠯᠣᠭᠠᠢ  ᠰᠠᠶᠢᠨ ᠡᠭᠦᠯᠳᠡᠷ ᠤᠨ ᠮᠢᠬᠠᠨ ᠤ ᠦᠬᠡᠷ  ᠤᠷᠤᠭᠤᠯᠵᠤ᠂ 7 ᠲᠦᠮᠡᠨ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ 5 ᠶᠢ ᠰᠢᠨ᠎ᠡ ᠪᠠᠷ ᠪᠠᠶᠢᠭᠤᠯᠤᠨ᠂ 2 ᠰᠠᠭᠤᠷᠢ ᠮᠢᠩᠭᠠᠨ ᠲᠣᠯᠣᠭᠠᠢ ᠠᠴᠠ ᠳᠡᠭᠡᠭᠰᠢᠬᠢ ᠮᠢᠬᠠᠨ ᠤ ᠦᠬᠡᠷ ᠪᠣᠷᠳᠣᠨ ᠲᠠᠷᠭᠤᠯᠠᠭᠤᠯᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠵᠤ᠂ 5 ᠲᠦᠮᠡᠨ ᠬᠠᠪᠳᠠᠭᠠᠢ ᠳᠥᠷᠪᠡᠯᠵᠢᠨ  ᠮᠧᠲᠷ  ᠮᠠᠯ ᠤᠨ ᠰᠠᠷᠠᠪᠴᠢ᠂ 5 ᠲᠦᠮᠡᠨ ᠬᠠᠪᠳᠠᠭᠠᠢ ᠳᠥᠷᠪᠡᠯᠵᠢᠨ  ᠮᠧᠲᠷ ᠡᠪᠡᠰᠦ ᠬᠠᠳᠠᠭᠠᠯᠠᠬᠤ ᠫᠧᠩ᠂ 3 ᠲᠦᠮᠡᠨ ᠪᠣᠰᠤᠭ᠎ᠠ ᠳᠥᠷᠪᠡᠯᠵᠢᠨ ᠮᠧᠲᠷ ᠨᠣᠭᠤᠭᠠᠨ ᠳᠠᠷᠤᠰᠢ ᠶᠢᠨ ᠵᠣᠭᠤᠷᠢ ᠶᠢ ᠪᠠᠶᠢᠭᠤᠯᠤᠨ᠎ᠠ᠃ ᠲᠠᠭᠠᠭᠤᠯᠤᠭᠴᠢ ᠠᠵᠤ ᠠᠬᠤᠶᠢᠯᠠᠯ ᠢ  ᠤᠷᠤᠭᠤᠯᠬᠤ ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂  ᠲᠠᠷᠢᠶᠠᠯᠠᠩ ᠮᠠᠯ ᠠᠵᠤ ᠠᠬᠤᠢ ᠶᠢᠨ ᠲᠠᠭᠠᠭᠤᠯᠤᠭᠴᠢ ᠠᠵᠤ ᠠᠬᠤᠶᠢᠯᠠᠯ 1  ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ 1 ᠶᠢ ᠰᠢᠨ᠎ᠡ ᠪᠠᠷ  ᠨᠡᠮᠡᠭᠳᠡᠬᠦᠯᠦᠨ᠂  ᠪᠠᠷᠢᠮᠵᠢᠶᠠᠵᠢᠭᠰᠠᠨ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 150 ᠶᠢ ᠮᠠᠭᠠᠳᠯᠠᠨ ᠲᠣᠭᠲᠠᠭᠠᠵᠤ᠂ 50  ᠡᠷᠦᠬᠡ  ᠲᠤᠰᠬᠠᠢ ᠬᠤᠷᠰᠢᠶᠠᠵᠢᠯ ᠢ ᠴᠡᠭᠴᠡᠯᠡᠨ ᠲᠦᠷᠢᠮᠵᠢᠬᠦᠯᠦᠨ᠎ᠡ᠃ ᠠᠵᠤ ᠦᠶᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ  ᠬᠦᠴᠦᠯᠡᠨ ᠠᠬᠢᠭᠤᠯᠬᠤ ᠭᠡᠷᠡᠭᠳᠡᠢ᠃ 《 ᠵᠢᠷᠭᠤᠭ᠎ᠠ ᠶᠢ ᠲᠣᠭᠲᠠᠪᠤᠷᠢᠵᠢᠭᠤᠯᠬᠤ 》 ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠬᠢᠯᠳᠦᠯ ᠤᠨ ᠲᠣᠬᠢᠷᠠᠭᠤᠯᠤᠯᠲᠠ ᠪᠠ ᠮᠦᠷᠳᠡᠯ ᠦᠢᠯᠡᠴᠢᠯᠡᠭᠡ   ᠶᠢ ᠴᠢᠩᠭᠠᠳᠬᠠᠨ᠂  ᠵᠤᠬᠢᠶᠠᠮᠠᠯ ᠠᠯᠮᠠᠰ ᠴᠢᠯᠠᠭᠤᠨ  ᠤ ᠨᠢᠭᠡᠳᠦᠭᠡᠷ ᠬᠤᠭᠤᠴᠠᠭ᠎ᠠ᠂  ᠡᠤ ᠹᠧᠩ  ᠮᠢᠬᠠᠨ ᠤ ᠦᠬᠡᠷ ᠤᠨ ᠨᠠᠷᠢᠯᠢᠭ ᠡᠳ᠋ᠰᠢᠬᠦᠯᠦᠯᠳᠡ᠂ ᠪᠠᠶ ᠬᠤᠶ ᠱᠧᠩ ᠰᠢᠬᠢᠷ ᠤᠨ ᠦᠶᠯᠡᠰ᠂ ᠱᠧᠩ ᠲᠠᠢ ᠡᠯ ᠡᠮ ᠤᠨ ᠦᠢᠯᠡᠳᠪᠦᠷᠢ᠂ ᠺᠧ ᠲᠠᠢ ᠯᠦᠩ ᠳ᠋ᠠ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠶᠯ ᠤᠨ ᠲᠣᠭᠲᠠᠭᠤᠨ ᠢᠶᠠᠷ  ᠶᠠᠪᠤᠭᠳᠠᠬᠤ ᠶᠢ  ᠪᠠᠳᠤᠯᠠᠵᠤ᠂ ᠬᠤᠭ ᠨᠣᠪᠰᠢ ᠶᠢ ᠬᠤᠣᠷ ᠦᠬᠡᠶᠢᠳᠡᠬᠦᠯᠦᠭᠰᠡᠨ ᠢᠯᠴᠢ ᠴᠠᠬᠢᠯᠭᠠᠨ   ᠤ ᠬᠠᠮ ᠦᠢᠯᠡᠳᠪᠦᠷᠢᠯᠡᠯ᠂ ᠠᠯᠮᠠᠰ ᠴᠢᠯᠠᠭᠤᠨ ᠤ ᠰᠢᠬᠠᠭᠤᠷ ᠮᠠᠰᠢᠨ ᠦᠢᠯᠡᠳᠬᠦ᠂ 40 ᠰᠠᠶ᠎ᠠ ᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂   ᠰᠦᠯᠢᠶᠣᠣ ᠪᠦᠲᠦᠭᠡᠭᠳᠡᠬᠦᠨ ᠦᠢᠯᠡᠳᠪᠦᠷᠢᠯᠡᠬᠦ ᠵᠡᠷᠭᠡ ᠲᠥᠷᠥᠯ ᠵᠦᠢᠯ   ᠤᠨ ᠠᠰᠢᠭᠯᠠᠯᠲᠠ ᠳᠤ ᠣᠷᠣᠬᠤ ᠶᠢ  ᠠᠬᠢᠭᠤᠯᠤᠨ᠂ 《 ᠲᠠᠯ᠎ᠠ ᠨᠤᠲᠤᠭ ᠤᠨ ᠸᠠᠩ 》᠂ 《 ᠬᠤᠩ ᠵᠢᠩ ᠶᠤᠸᠠᠨ 》 ᠬᠤᠶᠠᠷ ᠶᠡᠭᠡ ᠨᠡᠷᠡᠲᠦ ᠲᠠᠸᠠᠷ ᠤᠨ ᠲᠡᠮᠳᠡᠭ ᠤᠨ ᠥᠷᠢᠰᠦᠯᠳᠦᠬᠦ ᠬᠦᠴᠦᠨ ᠪᠠ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ   ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ  ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠤ ᠦᠶᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠠᠰᠢᠭᠯᠠᠯᠲᠠ ᠳᠤ ᠣᠷᠣᠭᠤᠯᠤᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠭᠡᠷᠡᠭᠳᠡᠢ᠃ 《 ᠳᠦᠷᠪᠡᠨ ᠤᠯᠠᠷᠢᠯ ᠤᠨ ᠵᠢᠭᠤᠯᠴᠢᠯᠠᠯ 》 ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠠᠰᠢᠭᠲᠠᠢ ᠠᠵᠠ ᠲᠣᠬᠢᠶᠠᠯ ᠢ  ᠪᠠᠳᠤ ᠡᠵᠡᠮᠳᠡᠨ᠂ ᠵᠢᠭᠤᠯᠴᠢᠯᠠᠯ ᠤᠨ ᠦᠢᠯᠡᠰ ᠤᠨ 《 ᠦᠵᠡᠮᠵᠢ ᠶᠢᠨ ᠣᠷᠣᠨ ᠤ ᠪᠠᠶᠢᠭᠤᠯᠤᠯᠳᠠ 》 ᠠᠴᠠ 《 ᠰᠣᠳᠣᠨ ᠵᠦᠢᠯ ᠤᠨ ᠡᠬᠦᠳᠦᠯᠳᠡ 》 ᠲᠡᠶᠢᠰᠢ ᠬᠤᠪᠢᠷᠠᠬᠤ ᠶᠢ ᠦᠷᠭᠦᠯᠵᠢᠯᠡᠨ  ᠠᠬᠢᠭᠤᠯᠵᠤ᠂   ᠬᠠᠭᠠᠨ ᠤ ᠠᠳᠤᠭᠤᠨ ᠵᠤᠰᠠᠭᠠᠯ  ᠂  ᠠᠳᠤᠭᠤᠳᠤ  ᠪᠠᠯᠭᠠᠰᠤ  ᠂  ᠪᠢᠶᠠᠨ ᠴᠢᠶᠠᠩ ᠲᠤᠰᠬᠤᠨ᠂  ᠵᠢᠭᠤᠯᠴᠢᠯᠠᠭᠴᠢ ᠳᠤ ᠦᠶᠯᠡᠴᠢᠯᠡᠬᠦ ᠲᠥᠪ᠂  ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠱᠤᠭᠤᠮ ᠤᠨ ᠴᠢᠨᠠᠷ ᠴᠢᠨᠰᠠᠭ᠎ᠠ  ᠶᠢ ᠳᠡᠭᠡᠭᠰᠢᠯᠡᠭᠦᠯᠬᠦ ᠵᠡᠷᠭᠡ ᠲᠥᠷᠥᠯ ᠵᠦᠶᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂  ︽ᠳᠤᠮᠳᠠᠳᠤ  ᠶᠢᠨ ᠦᠨᠳᠦᠰᠦᠲᠡᠨ ᠤ ᠮᠣᠷᠢᠨ ᠤᠷᠤᠯᠳᠤᠭᠠᠨ︾ ᠵᠡᠷᠭᠡ ᠨᠡᠷᠡᠳᠦ ᠲᠡᠮᠳᠡᠭᠳᠦ ᠠᠵᠢᠯᠯᠠᠭ᠎ᠠ ᠶᠢ  ᠰᠠᠶᠢᠲᠤᠷ ᠡᠷᠬᠢᠯᠡᠨ᠎ᠡ᠃ ᠤᠯᠤᠰ ᠤᠨ ᠲᠠᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ  ᠤᠷᠤᠭᠤᠯᠬᠤ  ᠵᠢᠱᠢᠶ᠎ᠡ ᠦᠵᠡᠭᠦᠯᠦᠨ ᠲᠠᠰ ᠳᠡᠪᠰᠢᠭᠦᠯᠬᠦ ᠲᠥᠷᠥᠯ ᠵᠦᠶᠯ ᠢ ᠭᠦᠨᠵᠡᠭᠡᠶ ᠬᠡᠷᠡᠭᠵᠢᠭᠦᠯᠵᠦ᠂  ᠬᠦᠶᠲᠡᠨ ᠬᠡᠯᠬᠢᠶᠡᠲᠦ ᠪᠤᠳᠠᠰ ᠤᠨ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠲᠥᠪ ᠤᠨ ᠬᠤᠶᠠᠳᠤᠭᠠᠷ ᠬᠤᠭᠤᠴᠠᠭᠠᠨ ᠤ  ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠬᠤᠳᠠ ᠬᠥᠳᠡᠭᠡ ᠶᠢᠨ ᠲᠠᠸᠠᠷ ᠤᠨ ᠭᠦᠢᠯᠭᠡᠭᠡᠨ ᠤ ᠰᠢᠰᠲ᠋ᠧᠮ ᠢ  ᠲᠡᠬᠦᠯᠳᠡᠷᠵᠢᠬᠦᠯᠦᠨ᠂ 《 ᠰᠦᠯᠵᠢᠶᠡᠨ ᠤ ᠪᠠᠷᠠᠭ᠎ᠠ ᠶᠢ ᠬᠥᠳᠡᠭᠡ  ᠬᠦᠷᠭᠡᠬᠦ 》 ᠪᠠ 《 ᠲᠠᠷᠢᠶᠠᠯᠠᠩ ᠤᠨ ᠪᠦᠲᠦᠭᠡᠭᠳᠡᠬᠦᠨ ᠢ ᠬᠤᠳᠠ ᠳᠤ ᠣᠷᠣᠭᠤᠯᠬᠤ 》 ᠬᠤᠶᠠᠷ ᠴᠢᠭᠯᠡᠯ ᠤᠨ ᠭᠦᠢᠯᠭᠡᠭᠡ ᠶᠢ ᠠᠬᠢᠭᠤᠯᠤᠨ᠎ᠠ᠃  ᠪᠣᠳᠠᠲᠤ ᠴᠤᠭᠴᠠ ᠶᠢᠨ ᠠᠵᠤ ᠠᠬᠤᠶ ᠳᠤ ᠬᠠᠨᠳᠤᠭᠰᠠᠨ ᠮᠥᠩᠭᠦᠨ ᠭᠦᠶᠯᠭᠡᠭᠡᠨ ᠤ ᠦᠢᠯᠡᠴᠢᠯᠡᠬᠡᠨ ᠤ ᠡᠷᠴᠢᠮ ᠢ ᠦᠨᠡᠨᠬᠦ ᠴᠢᠩᠭᠠᠷᠠᠭᠤᠯᠵᠤ᠂ 1 ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠦᠨ᠎ᠡ᠃  ᠡᠷᠡᠬᠦᠯᠵᠢᠯ ᠨᠠᠰᠤᠵᠢᠯ᠂ ᠭᠡᠷ ᠠᠬᠤᠢ ᠶᠢᠨ ᠦᠢᠯᠡᠴᠢᠯᠡᠭᠡ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠷᠴᠢᠨ ᠨᠥᠬᠦᠴᠡᠯ ᠢ ᠰᠢᠯᠢᠳᠡᠭᠵᠢᠬᠦᠯᠬᠦ ᠭᠡᠷᠡᠭᠳᠡᠢ᠃   ︽ᠪᠠᠭᠤᠯᠭᠠᠬᠤ ᠬᠠᠮᠢᠶᠠᠷᠬᠤ ᠦᠶᠯᠡᠴᠢᠯᠡᠬᠦ  ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠦᠨᠵᠡᠬᠡᠶᠢᠷᠡᠬᠦᠯᠦᠨ᠂《 ᠨᠢᠭᠡ ᠰᠦᠯᠵᠢᠶ᠎ᠡ ᠪᠠᠷ  ᠰᠢᠭᠤᠳ ᠭᠦᠶᠴᠡᠳᠬᠡᠬᠦ 》᠂ 《 ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ 》 ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠬᠦᠯᠬᠦ ᠶᠢᠨ ᠬᠠᠮᠳᠤ᠂《  ᠠᠷᠠᠯᠵᠢᠶᠠᠴᠢᠨ ᠤᠷᠢᠵᠤ ᠪᠠᠯᠠ ᠣᠷᠣᠭᠤᠯᠬᠤ ᠣᠨ 》 ᠤ ᠠᠵᠢᠯᠯᠠᠭ᠎ᠠ ᠶᠢ ᠥᠷᠨᠢᠭᠦᠯᠵᠦ᠂ 《  ᠬᠤᠰᠢᠭᠤᠨ ᠤ ᠤᠳᠤᠷᠢᠳᠤᠯᠭ᠎ᠠ ᠳᠠᠭᠠᠭᠠᠴᠢᠯᠠᠨ ᠬᠠᠷᠢᠴᠠᠭᠰᠠᠨ᠂  ᠰᠠᠯᠠᠭ᠎ᠠ ᠮᠥᠴᠢᠷ  ᠬᠦᠳᠡᠯᠦᠯᠴᠡᠭᠰᠡᠨ  ᠂ ᠨᠡᠶᠢᠭᠡᠮ ᠳᠠᠶᠠᠭᠠᠷ ᠤᠷᠤᠯᠴᠠᠭᠰᠠᠨ 》 ᠠᠷᠠᠯᠵᠢᠶᠠᠴᠢᠨ ᠤᠷᠢᠵᠤ ᠪᠠᠯᠠ ᠣᠷᠣᠭᠤᠯᠬᠤ  ᠲᠤᠭᠳᠠᠯᠴᠠᠭ᠎ᠠ ᠶᠢ ᠪᠠᠶᠢᠭᠤᠯᠤᠨ᠂  ᠤᠳᠤᠬᠠᠨ ᠤ  ᠠᠵᠤ ᠦᠢᠯᠡᠰ  ᠤᠨ ᠪᠤᠳᠠᠳᠠᠢ ᠳᠠᠭᠠᠨ ᠰᠠᠭᠤᠷᠢᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠤᠨ ᠰᠢᠯᠵᠢᠯᠲᠡ ᠶᠢᠨ ᠴᠢᠬᠤᠯᠠ ᠶᠡᠭᠡ ᠠᠵᠠ ᠲᠣᠬᠢᠶᠠᠯ   ᠢ ᠡᠵᠡᠮᠳᠡᠨ᠂  ᠠᠷᠠᠯᠵᠢᠶᠠᠴᠢᠨ ᠤᠷᠢᠬᠤ   ᠳᠠᠭᠠᠨ《 ᠶᠡᠭᠡ ᠳᠤ ᠰᠢᠨᠤᠬᠤ ᠥᠬᠡᠶ᠂ ᠪᠠᠭ᠎ᠠ   ᠶᠢ ᠭᠤᠯᠤᠬᠤ ᠥᠬᠡᠶ 》 ᠪᠠᠶᠢᠵᠤ᠂  ᠠᠷᠠᠯᠵᠢᠶᠠᠴᠢᠨ ᠤᠷᠢᠬᠤ ᠠᠯᠬᠤᠴᠠ ᠪᠠᠨ ᠨᠢᠭᠡ ᠮᠥᠴᠡ ᠴᠦ  ᠵᠤᠭᠰᠤᠭᠠᠬᠤ ᠥᠬᠡᠶ᠂ ᠨᠢᠭᠡ ᠮᠥᠴᠡ ᠴᠦ ᠤᠳᠠᠭᠠᠰᠢᠷᠠᠭᠤᠯᠬᠤ ᠥᠬᠡᠶ ᠪᠠᠶᠢᠵᠤ᠂ ᠤᠯᠠᠨ ᠵᠦᠢᠯ ᠤᠨ ᠠᠷᠭ᠎ᠠ ᠵᠠᠮ  ᠢᠶᠠᠷ ᠠᠷᠠᠯᠵᠢᠶᠠᠴᠢᠨ ᠤᠷᠢᠵᠤ᠂ ᠳᠤᠮᠳᠠ ᠪᠠᠭ᠎ᠠ ᠬᠡᠪᠴᠢᠶᠡᠨ ᠤ ᠰᠠᠶᠢᠨ ᠲᠥᠷᠥᠯ ᠵᠦᠢᠯ ᠢ ᠤᠷᠤᠭᠤᠯᠬᠤ ᠶᠢᠨ ᠬᠠᠮᠳᠤ ᠂ ᠮᠤᠨᠳᠠᠭ ᠲᠣᠮᠣ ᠲᠥᠷᠥᠯ ᠵᠦᠢᠯ ᠢ ᠤᠷᠤᠭᠤᠯᠬᠤ ᠪᠠᠷ  ᠴᠢᠷᠮᠠᠶᠢᠨ᠎ᠠ  ᠃     ( ᠭᠤᠷᠪᠠ ) ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠬᠦᠴᠦᠯᠡᠨ ᠪᠠᠲᠤᠳᠬᠠᠨ᠎ᠠ᠃ ᠬᠤᠲᠠ  ᠶᠢᠨ ᠢᠵᠢ ᠪᠦᠷᠢᠳᠦᠭᠰᠡᠨ ᠴᠢᠳᠠᠮᠵᠢ ᠶᠢ ᠦᠷᠬᠦᠯᠵᠢᠯᠡᠨ ᠲᠡᠭᠦᠯᠳᠡᠷᠵᠢᠭᠦᠯᠬᠦ ᠬᠡᠷᠡᠭᠲᠡᠶ᠃ ᠬᠤᠲᠠ ᠪᠠᠯᠭᠠᠰᠤᠨ ᠤ   ᠵᠠᠮ ᠤᠨ ᠪᠦᠲᠦᠴᠡ ᠶᠢ ᠤᠯᠠᠮ ᠰᠢᠯᠢᠳᠡᠭᠵᠢᠬᠦᠯᠦᠨ᠂ ᠮᠤᠬᠤᠷ ᠵᠠᠮ᠂  ᠬᠠᠭᠠᠰ ᠲᠤᠨᠤᠯᠵᠢᠨ ᠵᠠᠮ ᠢ ᠨᠡᠪᠲᠡᠷᠡᠭᠦᠯᠵᠦ᠂ 3.8  ᠺᠢᠯᠤᠮᠧᠲᠷ ᠴᠠᠷᠳᠠᠮᠠᠯ ᠵᠠᠮ ᠢ ᠰᠢᠨ᠎ᠡ ᠪᠠᠷ ᠲᠡᠪᠢᠰᠦᠨ᠂   10 ᠲᠦᠮᠡᠨ ᠬᠠᠪᠳᠠᠭᠠᠢ ᠳᠥᠷᠪᠡᠯᠵᠢᠨ  ᠮᠧᠲᠷ  ᠵᠠᠮ ᠢ  ᠲᠠᠬᠢᠨ ᠴᠠᠷᠳᠠᠵᠤ᠂ 1.2  ᠺᠢᠯᠤᠮᠧᠲᠷ ᠵᠡᠭᠡᠯᠢ ᠭᠤᠳᠤᠮᠵᠢ ᠶᠢ ᠬᠠᠲᠠᠭᠤᠷᠠᠭᠤᠯᠤᠨ᠂ 10 ᠲᠦᠮᠡᠨ ᠬᠠᠪᠳᠠᠭᠠᠢ ᠳᠥᠷᠪᠡᠯᠵᠢᠨ ᠮᠧᠲᠷ ᠶᠠᠪᠠᠭᠠᠨ ᠤ ᠵᠠᠮ ᠢ ᠳᠡᠪᠢᠰᠦᠨ᠎ᠡ᠃ ᠤᠰᠤ ᠬᠠᠩᠭᠠᠬᠤ ᠢᠯᠴᠢ ᠬᠠᠩᠭᠠᠬᠤ ᠲᠤᠤᠷ ᠬᠤᠭᠤᠯᠠᠢ ᠪᠠ ᠪᠣᠷᠣᠭᠠᠨ ᠤ ᠤᠰᠤ ᠪᠣᠬᠢᠷ ᠤᠰᠤ ᠶᠢ ᠢᠯᠭᠠᠨ ᠤᠷᠤᠰᠬᠠᠬᠤ ᠲᠤᠤᠷ ᠬᠤᠭᠤᠯᠠᠢ ᠶᠢᠨ ᠦᠬᠡᠷᠡᠴᠢᠯᠡᠯᠳᠡ ᠶᠢ  ᠬᠢᠵᠦ᠂ 9 ᠺᠢᠯᠤᠮᠧᠲᠷ ᠤᠰᠤ ᠬᠠᠩᠭᠠᠬᠤ ᠬᠤᠭᠤᠯᠠᠢ  ᠂ 16  ᠺᠢᠯᠤᠮᠧᠲᠷ ᠢᠯᠴᠢ ᠬᠠᠩᠭᠠᠬᠤ ᠬᠤᠭᠤᠯᠠᠢ᠂ 8  ᠺᠢᠯᠤᠮᠧᠲᠷ ᠪᠣᠬᠢᠷ ᠤᠰᠤᠨ ᠤ ᠬᠤᠭᠤᠯᠠᠢ᠂ 5 . 4 ᠺᠢᠯᠤᠮᠧᠲᠷ ᠪᠣᠷᠣᠭᠠᠨ ᠤ ᠤᠰᠤᠨ ᠤ ᠬᠤᠭᠤᠯᠠᠢ ᠶᠢ ᠰᠢᠨ᠎ᠡ ᠪᠠᠷ ᠤᠭᠰᠠᠷᠠᠨ᠂  2 ᠰᠠᠭᠤᠷᠢ ᠨᠢᠭᠡᠳᠦᠭᠡᠷ ᠳᠡᠰ ᠤᠨ ᠢᠯᠴᠢ ᠰᠤᠯᠢᠭᠳᠠᠭᠤᠯᠬᠤ ᠥᠷᠲᠡᠭᠡ  ᠶᠢ ᠰᠢᠨ᠎ᠡ ᠪᠠᠷ ᠪᠠᠶᠢᠭᠤᠯᠵᠤ᠂ ᠢᠯᠴᠢ ᠴᠠᠬᠢᠯᠭᠠᠨ ᠤ  ᠬᠠᠮ ᠦᠢᠯᠡᠳᠪᠦᠷᠢᠯᠡᠯ ᠤᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠦᠨ᠎ᠡ᠃ ᠥᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠪᠤᠤᠴᠠᠩ ᠭᠤᠤᠯ ᠤᠨ ᠪᠠᠷᠠᠭᠤᠨ ᠬᠦᠬᠦᠷᠭᠡᠨ ᠤ ᠲᠡᠷᠭᠡᠨ ᠵᠣᠭᠰᠣᠭᠠᠯ᠂ ᠬᠤᠲᠠ ᠪᠠᠯᠭᠠᠰᠤᠨ ᠤ ᠵᠠᠮ ᠤᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ  ᠪᠡᠶᠡᠯᠡᠬᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ   ᠤᠨ ᠬᠢᠨᠠᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂  ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ   ᠶᠢᠨ《 ᠪᠠᠶᠢᠭᠤᠯᠬᠤ ᠶᠣᠰᠣᠲᠠᠢ ᠪᠣᠯ ᠵᠠᠪᠠᠯ ᠪᠠᠶᠢᠭᠤᠯᠬᠤ 》 ᠶᠢ ᠪᠠᠲᠤᠯᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠲᠡᠭᠡᠭᠰᠢᠯᠡᠬᠦᠯᠬᠦ ᠭᠡᠷᠡᠭᠳᠡᠢ  ᠃ 《 ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠣᠨ 》 ᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠢᠶᠠᠷ ᠭᠤᠤᠯ ᠪᠣᠯᠭᠠᠭᠰᠠᠨ᠂  ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠶ ᠶᠢᠨ ᠺᠤᠮᠫᠠᠨᠢ᠂ ᠳᠠᠭᠠᠭᠠᠴᠢᠯᠠᠨ ᠬᠠᠷᠢᠴᠠᠬᠤ ᠨᠢᠭᠡᠴᠡ ᠬᠠᠮᠲᠤ ᠪᠠᠷ ᠣᠷᠣᠯᠴᠠᠭᠰᠠᠨ ᠰᠠᠭᠤᠭᠠᠯᠢ ᠲᠣᠭᠤᠷᠢᠭ ᠤᠨ ᠵᠠᠰᠠᠯᠲᠠ ᠶᠢᠨ ᠪᠦᠲᠦᠴᠡ ᠶᠢ ᠪᠠᠶᠢᠭᠤᠯᠤᠨ ᠪᠦᠷᠢᠨᠰᠢᠬᠦᠯᠵᠦ᠂ ᠠᠳᠠᠯ ᠠᠬᠤᠶ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨᠬᠦ ᠰᠢᠶᠳᠪᠦᠷᠢᠯᠡᠨ᠎ᠡ᠃  ᠭᠡᠷ ᠪᠠᠷᠢᠯᠭ᠎ᠠ  ᠶᠢᠨ ᠬᠡᠪᠴᠢᠶ᠎ᠡ  ᠬᠡᠮᠵᠢᠶ᠎ᠡ ᠶᠢ ᠴᠢᠩᠭ᠎ᠠ  ᠬᠢᠵᠠᠭᠠᠷᠯᠠᠨ᠂  ᠬᠤᠲᠠ ᠶᠢᠨ ᠲᠣᠭᠤᠷᠢᠭ ᠲᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠲᠤᠰᠬᠠᠶᠢᠯᠠᠨ ᠴᠡᠭᠴᠡᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠰᠢᠯᠭᠠᠨ ᠪᠠᠶᠢᠴᠠᠭᠠᠯᠳᠠ ᠶᠢ ᠤᠭᠳᠤᠬᠤ ᠠᠵᠢᠯ ᠢ ᠪᠥᠬᠦ ᠬᠦᠴᠦᠨ ᠢᠶᠠᠷ  ᠰᠠᠶᠢᠨ ᠬᠢᠨ᠎ᠠ᠃  ᠰᠠᠭᠤᠷᠢ ᠲᠦᠬᠦᠭᠡᠷᠦᠮᠵᠢ ᠶᠢᠨ ᠳᠤᠲᠠᠭᠤᠳᠠᠯ ᠢ ᠬᠦᠴᠦ  ᠤᠷᠤᠭᠤᠯᠤᠨ ᠨᠦᠬᠦᠪᠦᠷᠢᠯᠡᠬᠦ ᠭᠡᠷᠡᠭᠳᠡᠢ᠃ ᠠᠵᠤ ᠦᠢᠯᠡᠰ  ᠤᠨ ᠵᠠᠮ᠂  ᠠᠶᠢᠯ ᠲᠤᠰᠬᠤᠨ ᠤ ᠵᠠᠮ᠂ ᠵᠢᠭᠤᠯᠴᠢᠯᠠᠯ ᠤᠨ ᠵᠠᠮ᠂ ᠪᠣᠭᠤᠮᠢ ᠶᠢᠨ ᠵᠠᠮ ᠢᠶᠠᠷ ᠭᠤᠣᠯᠳᠠᠯᠭ᠎ᠠ ᠪᠣᠯᠭᠠᠨ᠂ 《 ᠳᠥᠷᠪᠡᠨ ᠰᠠᠶᠢᠨᠳᠠᠢ ᠬᠥᠳᠡᠭᠡ ᠢ ᠵᠠᠮ 》 ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂  ᠽᠧᠮᠧᠨ᠋ᠲ ᠵᠠᠮ ᠢ  ᠪᠠᠷᠤᠭᠰᠢᠨ ᠵᠠᠮ ᠪᠤᠯᠭᠠᠵᠤ ᠦᠬᠡᠷᠡᠴᠢᠯᠡᠬᠦ ᠢᠨᠵᠧᠨᠧᠷᠢᠩ ᠢ ᠭᠡᠷᠡᠭᠵᠢᠬᠦᠯᠦᠨ᠂ ᠮᠠᠯᠵᠢᠬᠤ ᠲᠠᠷᠢᠶᠠᠯᠠᠬᠤ ᠣᠷᠣᠨ ᠤ 110 ᠺᠢᠯᠤᠮᠧᠲᠷ ᠵᠠᠮ ᠢ ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 20 ᠬᠠᠪᠳᠠᠭᠠᠢ ᠳᠥᠷᠪᠡᠯᠵᠢᠨ  ᠺᠢᠯᠤᠮᠧᠲᠷ  ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠵᠤ᠂  3.24 ᠺᠢᠯᠤᠮᠧᠲᠷ ᠭᠤᠣᠯ ᠤᠨ ᠤᠷᠤᠰᠬᠠᠯ ᠢ ᠥᠭᠡᠷᠡᠴᠢᠯᠡᠨ  ᠵᠠᠰᠠᠨ᠎ᠠ᠃  ᠲᠦᠭᠡᠭᠡᠯ ᠤᠰᠤᠨ ᠤ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ 14   ᠶᠢ ᠬᠡᠷᠡᠭᠵᠢᠭᠦᠯᠵᠦ᠂ 16 ᠲᠣᠰᠬᠤᠨ᠂ 2918  ᠬᠦᠮᠦᠨ ᠤ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠨ᠂  95 ᠺᠢᠯᠤᠮᠧᠲᠷ ᠴᠠᠬᠢᠯᠭᠠᠨ ᠱᠤᠭᠤᠮ᠂ 32 ᠰᠠᠤᠷᠢ ᠬᠦᠴᠦᠳᠡᠯ ᠥᠭᠡᠷᠡᠴᠢᠯᠡᠭᠴᠢ  ᠶᠢ ᠰᠢᠨ᠎ᠡ ᠪᠠᠷ ᠤᠭᠰᠠᠷᠠᠵᠤ᠂ ᠴᠢᠮᠡᠭᠡ  ᠬᠤᠯᠪᠤᠭᠠᠨ ᠤ ᠨᠡᠶᠢᠳᠡᠮ ᠪᠦᠷᠬᠦᠭᠦᠯᠬᠦ ᠢᠨᠵᠧᠨᠧᠷᠢᠩ ᠢ ᠭᠡᠷᠡᠭᠵᠢᠬᠦᠯᠦᠨ᠂ 5G ᠶᠢᠨ ᠰᠠᠭᠤᠷᠢ ᠥᠷᠲᠡᠭᠡ 42 ᠶᠢ ᠪᠠᠶᠢᠭᠤᠯᠵᠤ  ᠂ 4G ᠲᠤᠬᠢᠶᠠᠨ ᠤ ᠪᠦᠷᠬᠦᠴᠡ ᠶᠢᠨ ᠨᠣᠷᠮ᠎ᠠ ᠶᠢ 100 % ᠳᠤ ᠬᠦᠷᠭᠡᠨ᠎ᠡ᠃ ᠠᠮᠢ ᠠᠬᠤᠶ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ  ᠦᠷᠬᠦᠯᠵᠢᠯᠡᠨ  ᠴᠢᠩᠭᠠᠳᠬᠠᠬᠤ ᠭᠡᠷᠡᠭᠳᠡᠢ᠃ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂  ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ 4814 ᠮᠥ᠂  ᠠᠶᠢᠯ ᠲᠣᠰᠬᠤᠨ ᠤ ᠨᠣᠭᠤᠭᠠᠷᠠᠭᠤᠯᠤᠯᠲᠠ 3000 ᠮᠥ᠂  ᠬᠥᠮᠦᠨ ᠤ ᠬᠦᠴᠦ ᠪᠠᠷ ᠣᠶᠢᠵᠢᠭᠤᠯᠬᠤ ᠲᠠᠯᠠᠪᠠᠢ 1000 ᠮᠥ᠂  ᠨᠥᠬᠦᠵᠦ ᠲᠠᠷᠢᠬᠤ ᠲᠠᠯᠠᠪᠠᠢ 926 ᠮᠥ᠂   ᠠᠷᠠᠴᠢᠯᠠᠨ ᠪᠣᠶᠢᠵᠢᠭᠤᠯᠬᠤ 5 ᠲᠦᠮᠡᠨ ᠮᠥ ᠶᠢ ᠬᠡᠷᠡᠭᠵᠢᠭᠦᠯᠵᠦ᠂ ᠶᠢᠨ ᠬᠤᠩ ᠠᠯᠮᠤᠷᠠᠳ ᠤᠨ ᠰᠠᠭᠤᠷᠢᠨ ᠭᠠᠵᠠᠷ᠂  ᠵᠡᠬᠦᠨ ᠠᠭᠤᠯᠠᠨ ᠤ ᠤ ᠨᠡᠭᠦᠷᠡᠰᠦᠲᠥ᠋ᠷᠥᠭᠴᠢ ᠬᠤᠷᠠᠭᠤᠯᠬᠤ ᠠᠵᠤ ᠠᠬᠤᠶ ᠶᠢᠨ ᠣᠶ᠂ ᠠᠵᠤ ᠠᠬᠤᠶᠢᠯᠠᠯ ᠤᠨ ᠦᠶᠯᠡᠳᠪᠦᠷᠢ ᠶᠢᠨ ᠲᠣᠭᠤᠷᠢᠭ ᠤᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠪᠡᠶᠡᠯᠡᠭᠦᠯᠦᠨ᠎ᠡ᠃ ᠮᠠᠯᠵᠢᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠤᠯᠠᠷᠢᠯ ᠤᠨ ᠴᠢᠨᠠᠷᠲᠠᠶ  ᠪᠡᠯᠴᠢᠬᠡᠷ ᠰᠡᠷᠬᠦᠬᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠤᠷᠪᠠᠳᠤᠭᠠᠷ ᠡᠭᠡᠯᠵᠢ ᠶᠢᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃  2 ᠡᠷᠦᠬᠡ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ( ᠲᠦᠷᠪᠡ ) ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠤᠨ᠎ᠠ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠭᠡᠷᠡᠭᠳᠡᠢ᠃ ᠵᠢᠯ ᠤᠨ ᠳᠣᠲᠣᠷ᠎ᠠ 1 ᠲᠦᠮᠡᠨ ᠠᠵᠢᠯ ᠤᠨ ᠪᠠᠶᠢᠷᠢ  ᠡᠯᠰᠡᠵᠦ᠂ ᠬᠤᠲᠠ ᠪᠠᠯᠭᠠᠰᠤᠨ ᠤ 800 ᠬᠥᠮᠦᠨ ᠳᠤ ᠰᠢᠨ᠎ᠡ ᠪᠠᠷ ᠠᠵᠢᠯ ᠣᠯᠭᠤᠨ᠂ ᠬᠤᠲᠠ ᠪᠠᠯᠭᠠᠰᠤᠨ  ᠤ ᠳᠠᠩᠰᠠᠯᠠᠭᠤᠯᠤᠭᠰᠠᠨ ᠠᠵᠢᠯ  ᠠᠯᠳᠠᠯᠳᠠ ᠶᠢᠨ ᠨᠣᠷᠮ᠎ᠠ ᠶᠢ 4 %  ᠳᠣᠲᠣᠷ᠎ᠠ ᠬᠢᠵᠠᠭᠠᠷᠯᠠᠨ᠎ᠠ᠃ 1000 ᠲᠦᠮᠡᠨ ᠲᠥᠭᠦᠷᠢᠭ ᠤᠨ ᠦᠢᠯᠡᠰ ᠪᠦᠳᠦᠬᠡᠬᠦ ᠪᠠᠲᠤᠯᠠᠭᠠᠲᠤ ᠵᠢᠭᠡᠯᠡᠯᠭᠡ  ᠲᠠᠷᠬᠠᠭᠠᠵᠤ᠂ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠤᠷᠤᠭᠤᠯᠤᠨ᠎ᠠ᠃  ᠨᠡᠶᠢᠭᠡᠮ ᠲᠣᠭᠤᠷᠢᠭ ᠤᠨ ᠠᠵᠢᠯᠲᠠᠨ ᠤ  ᠴᠠᠯᠢᠩ ᠣᠯᠭᠤᠮᠵᠢ ᠶᠢ ᠪᠠᠲᠤᠯᠠᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠢ ᠪᠠᠳᠤᠯᠠᠬᠤ᠂ ᠣᠨᠴᠠ ᠬᠦᠴᠢᠷᠳᠡᠯᠲᠡᠶ ᠬᠦᠮᠦᠰ   ᠢ ᠠᠰᠠᠷᠠᠨ ᠬᠠᠷᠠᠭᠠᠯᠵᠠᠬᠤ᠂ ᠨᠡᠶᠢᠭᠡᠮ ᠤᠨ  ᠲᠤᠰᠠᠯᠠᠮᠵᠢ ᠦᠵᠡᠬᠦᠯᠬᠦ ᠵᠡᠷᠭᠡ ᠠᠰᠠᠷᠠᠮᠵᠢ ᠬᠠᠷᠠᠭᠠᠯᠵᠠᠯ ᠤᠨ ᠳᠦᠷᠢᠮ ᠢ  ᠨᠠᠶᠢᠳᠠᠪᠤᠷᠢᠵᠢᠭᠤᠯᠤᠨ᠂ 《 ᠪᠠᠳᠤᠯᠠᠬᠤ ᠵᠤᠬᠢᠰᠳᠠᠢ ᠶᠢ ᠨᠢ ᠪᠦᠬᠦᠨ ᠢ ᠪᠠᠲᠤᠯᠠᠬᠤ᠂   ᠲᠤᠰᠠᠯᠠᠬᠤ ᠵᠤᠬᠢᠰᠳᠠᠢ ᠶᠢ  ᠨᠢ ᠪᠦᠬᠦᠨ ᠢ ᠲᠤᠰᠠᠯᠠᠬᠤ 》 ᠶᠢ ᠪᠡᠶᠡᠯᠡᠭᠦᠯᠦᠨ᠎ᠡ᠃ 《 ᠪᠠᠶᠢᠭᠤᠯᠤᠮᠵᠢ + ᠨᠡᠶᠢᠭᠡᠮ ᠲᠣᠭᠤᠷᠢᠭ + ᠬᠡᠷ ᠡᠷᠦᠬᠡ 》 ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠵᠠᠭᠪᠤᠷ ᠢ ᠢᠳᠡᠪᠬᠢᠲᠡᠶ ᠬᠡᠷᠡᠭᠵᠢᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ ᠨᠠᠶᠢᠳᠠᠨ ᠠᠰᠠᠷᠠᠭᠤᠯᠬᠤ ᠦᠶᠯᠡᠴᠢᠯᠡᠭᠡ  ᠳᠤ ᠣᠷᠣᠯᠴᠠᠭᠤᠯᠤᠨ᠂  ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠰᠤᠪᠢᠯᠠᠯᠳᠠ ᠶᠢᠨ ᠴᠢᠳᠠᠪᠤᠷᠢ ᠶᠢ ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠶᠯ ᠢ ᠡᠨᠡ  ᠵᠢᠯ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠣᠷᠣᠰᠢᠭᠤᠯᠭ᠎ᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠤᠩᠭᠤᠨ ᠤ ᠡᠵᠡᠩᠨᠡᠯᠳᠡ ᠶᠢ ᠡᠬᠢᠯᠡᠬᠦᠯᠦᠨ᠎ᠡ᠃ ᠨᠡᠶᠢᠭᠡᠮ ᠤᠨ ᠦᠢᠯᠡᠰ ᠤᠨ ᠬᠥᠭᠵᠢᠯᠲᠡ ᠶᠢ  ᠲᠦᠷᠭᠡᠳᠭᠡᠬᠦ ᠭᠡᠷᠡᠭᠳᠡᠢ᠃ ᠠᠷᠠᠳ ᠤᠨ ᠠᠮᠢᠳᠤᠷᠠᠯ  ᠤᠨ ᠪᠣᠳᠠᠲᠤ ᠶᠠᠪᠤᠳᠠᠯ ᠢ  ᠨᠠᠶᠢᠳᠠᠪᠤᠷᠢᠵᠢᠭᠤᠯᠵᠤ᠂  ᠬᠤᠶᠠᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ  ᠪᠠᠭᠤᠴᠠ ᠪᠠ  2 ᠰᠠᠭᠤᠷᠢ ᠬᠥᠳᠡᠭᠡ ᠲᠣᠰᠬᠤᠨ ᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠠᠷᠢᠯᠭ᠎ᠠ ᠶᠢ ᠡᠬᠢᠯᠡᠬᠦᠯᠦᠨ᠎ᠡ  ᠃《 ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ 》 ᠤ ᠠᠵᠢᠯᠯᠠᠭ᠎ᠠ ᠶᠢ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠪᠠᠭᠰᠢ ᠶᠢ ᠬᠥᠮᠦᠵᠢᠭᠦᠯᠬᠦ ᠪᠠ  ᠤᠷᠢᠵᠤ ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠤᠨ ᠴᠣᠯᠠ ᠰᠢᠯᠭᠠᠨ ᠲᠤᠭᠳᠠᠭᠠᠬᠤ ᠶᠢ ᠵᠢᠭᠠᠨ ᠰᠤᠷᠭᠠᠯᠲᠠ ᠶᠢᠨ ᠨᠢᠭᠡᠳᠦᠭᠡᠷ ᠹᠷᠣᠨᠲ ᠲᠡᠶᠢᠰᠢ ᠬᠡᠯᠪᠡᠶᠢᠯᠭᠡᠬᠦ ᠶᠢ ᠠᠬᠢᠭᠤᠯᠤᠨ᠂ ᠪᠠᠭᠰᠢ ᠨᠠᠷ ᠢ ᠵᠢᠭᠠᠨ ᠰᠤᠷᠭᠠᠯᠲᠠ ᠶᠢᠨ ᠭᠤᠤᠯ ᠠᠵᠢᠯ ᠳᠤᠨᠢ ᠡᠭᠡᠭᠦᠯᠦᠨ ᠠᠪᠴᠢᠷᠠᠨ᠎ᠠ᠃ 《 ᠬᠤᠶᠠᠷ ᠢ ᠪᠠᠭᠠᠰᠬᠠᠬᠤ 》 ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂   ᠬᠢᠴᠢᠶᠡᠯ ᠤᠨ ᠳᠠᠷᠠᠭᠠᠬᠢ ᠦᠶᠯᠡᠴᠢᠯᠡᠭᠡᠨ ᠤ ᠠᠵᠢᠯ ᠢ  ᠲᠦᠷᠢᠮᠵᠢᠬᠦᠯᠦᠨ᠂ 《 ᠢᠨᠲ᠋ᠧᠷ ᠰᠦᠯᠵᠢᠶ᠎ᠡ + ᠰᠤᠷᠭᠠᠨ ᠬᠥᠮᠦᠵᠢᠯ 》 ᠢ ᠢᠳᠡᠪᠬᠢᠲᠡᠶ ᠠᠬᠢᠭᠤᠯᠵᠤ᠂  ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠦᠴᠦᠯᠡᠨ ᠰᠠᠶᠢᠵᠢᠷᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠵᠤ᠂ 《 ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ 》 ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠡᠷᠡᠰ ᠭᠤᠶᠢᠪᠢᠰᠢ ᠥᠬᠡᠶ  ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠭᠤᠷᠪᠠᠨ ᠲᠥᠷᠥᠯ ᠤᠨ ᠬᠢᠴᠢᠶᠡᠯ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠡᠮᠴᠢᠯᠡᠭᠡᠨ  ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠠᠵᠢᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠯᠠᠨ ᠠᠷᠭ᠎ᠠ ᠵᠠᠮ ᠢᠶᠠᠷ ᠤᠷᠢᠨ ᠣᠷᠣᠭᠤᠯᠵᠤ᠂  ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ  ᠤ ᠲᠣᠭᠤᠷᠢᠭ᠂ ᠬᠤᠯᠤᠭᠠᠨ᠎ᠠ ᠶᠢᠨ ᠬᠢᠵᠢᠭ ᠭᠠᠷᠴᠤ ᠦᠩᠭᠡᠷᠡᠭᠰᠡᠨ ᠭᠠᠵᠠᠷ ᠤᠷᠤᠨ ᠤ ᠰᠡᠷᠭᠡᠶᠢᠯᠡᠯᠲᠡ ᠶᠢᠨ ᠴᠡᠭ   ᠢ ᠠᠰᠢᠭᠯᠠᠯᠲᠠ ᠳᠤ ᠣᠷᠣᠭᠤᠯᠤᠨ᠂ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ  ᠤᠵᠢᠭ ᠡᠪᠡᠳᠴᠢᠨ ᠤ ᠬᠠᠮᠢᠶᠠᠷᠤᠯᠲᠠ ᠶᠢᠨ ᠲᠥᠪ᠂  ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ  ᠶᠢᠨ ᠠᠰᠠᠷ ᠤᠨ ᠪᠠᠷᠢᠯᠭ᠎ᠠ ᠶᠢ ᠡᠬᠢᠯᠡᠬᠦᠯᠬᠦ ᠪᠠᠷ ᠴᠢᠷᠮᠠᠶᠢᠨ᠎ᠠ᠃   208  ᠢᠵᠢ ᠪᠠᠳᠤᠯᠠᠭᠠᠨ ᠤ ᠴᠢᠨᠠᠷᠲᠠᠢ ᠣᠷᠣᠨ ᠰᠠᠭᠤᠴᠠ ᠶᠢᠨ ᠪᠠᠷᠢᠯᠭ᠎ᠠ ᠶᠢ ᠡᠬᠢᠯᠡᠬᠦᠯᠵᠦ᠂  ᠳ᠋ᠦᠩ ᠵᠢᠶᠤᠤ ᠨᠡᠶᠢᠭᠡᠮ ᠲᠣᠭᠤᠷᠢᠭ ᠤᠨ ᠨᠠᠮ ᠤᠨ ᠭᠡᠰᠢᠬᠦᠨ ᠣᠯᠠᠨ ᠲᠦᠮᠡᠨ ᠳᠤ ᠦᠢᠯᠡᠴᠢᠯᠡᠬᠦ ᠲᠥᠪ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠵᠢᠯᠣᠭᠤᠳᠬᠤ ᠲᠥᠪ᠂   ᠬᠠᠤᠯᠢ ᠶᠢᠨ ᠴᠠᠭᠳᠠᠭ᠎ᠠ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠎ᠠ᠃ ᠰᠣᠶᠣᠯ ᠤᠨ ᠦᠶᠯᠡᠰ ᠢ ᠴᠡᠴᠡᠭᠯᠡᠭᠦᠯᠦᠨ ᠬᠥᠭᠵᠢᠭᠦᠯᠵᠦ᠂ ᠮᠦᠽᠧᠶ᠂ ᠰᠣᠶᠣᠯ ᠤᠨ ᠣᠷᠳᠣᠨ᠂ ᠨᠣᠮ ᠤᠨ ᠰᠠᠩ᠂  ᠲᠠᠮᠢᠷ ᠤᠨ ᠣᠷᠳᠣᠨ ᠵᠡᠷᠭᠡ ᠲᠥᠷᠥᠯ ᠵᠦᠶᠯ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠠᠭᠠᠨᠮᠥ᠋ᠴᠢᠷ ᠤᠨ ᠤᠷᠠᠯᠢᠭ ᠤᠨ ᠲᠥᠪ᠂ ᠪᠢᠶᠠᠨ ᠴᠢᠶᠠᠩ ᠲᠤᠰᠬᠤᠨ ᠤ ᠤᠮᠪᠠᠯᠲᠠ ᠶᠢᠨ ᠣᠷᠳᠣᠨ᠂ ᠬᠤᠪᠢᠰᠬᠠᠯ ᠤᠨ ᠳᠤᠷᠠᠰᠬᠠᠯ ᠤᠨ ᠣᠷᠳᠣᠨ ᠢ ᠠᠰᠢᠭᠯᠠᠯᠲᠠ ᠳᠤ ᠣᠷᠣᠭᠤᠯᠤᠨ᠎ᠠ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠬᠠᠮ ᠵᠠᠭᠤᠴᠢᠯᠠᠭᠤᠷ ᠤᠨ ᠪᠠᠶᠢᠭᠤᠯᠤᠯᠲᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠤᠨ ᠬᠡᠮᠵᠢᠯᠲᠡ ᠵᠡᠷᠭᠡ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ  ᠨᠡᠶᠢᠬᠡᠮᠯᠢᠭ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠠᠵᠢᠯ ᠦᠶᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠨ᠎ᠡ᠃ ᠠᠮᠤᠷ ᠠᠮᠤᠭᠤᠯᠠᠩ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ 《 ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠶᠳᠪᠦᠷᠢᠯᠡᠬᠦ 》 ᠵᠠᠷᠴᠢᠮ ᠢ  ᠪᠠᠷᠢᠮᠳᠠᠯᠠᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠤᠯᠢ  ᠲᠦᠷᠢᠮ   ᠤᠨ ᠲᠠᠭᠠᠤ ᠰᠢᠢᠳᠪᠦᠷᠢᠯᠡᠵᠦ  ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠪᠠᠶᠢᠩᠭᠤᠵᠢᠭᠤᠯᠤᠨ  ᠂ ᠡᠯ᠎ᠡ ᠲᠥᠷᠥᠯ ᠤᠨ ᠬᠠᠤᠯᠢ  ᠪᠤᠰᠤ ᠶᠠᠯᠠᠲᠤ ᠠᠵᠢᠯᠯᠠᠭ᠎ᠠ  ᠳᠤ ᠴᠢᠩᠭ᠎ᠠ ᠴᠣᠬᠢᠯᠲᠠ ᠥᠭᠴᠦ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ  ︽ᠤᠨᠠᠭᠤᠯᠢ ᠭᠤᠤᠯ︾  ᠤᠨ ᠡᠭᠦᠷᠭᠡ ᠶᠢ ᠴᠢᠨᠠᠷ ᠰᠠᠶᠢᠳᠠᠢ ᠪᠡᠶᠡᠯᠡᠬᠦᠯᠦᠨ᠎ᠡ᠃ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠤᠨ᠂ ᠡᠯ᠎ᠡ ᠲᠥᠷᠥᠯ ᠤᠨ ᠦᠶᠯᠡᠳᠪᠦᠷᠢᠯᠡᠯ ᠤᠨ ᠠᠳᠡᠯ  ᠢ ᠡᠷᠡᠰ ᠰᠡᠷᠭᠡᠶᠢᠯᠡᠨ ᠬᠤᠷᠢᠭᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠯᠳᠡ ᠶᠢᠨ ᠬᠠᠯᠬᠠᠪᠴᠢ ᠶᠢ ᠪᠠᠲᠤ  ᠴᠤᠭᠴᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠢ ᠪᠠᠶᠢᠩᠭᠤ ᠶᠢᠨ ᠴᠢᠨᠠᠷᠳᠠᠢ ᠰᠠᠶᠢᠨ ᠬᠢᠨ᠎ᠡ᠃ ᠢᠳᠡᠭᠡᠨ ᠪᠠ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠢᠳᠡᠭᠡᠨ ᠪᠠ ᠡᠮ  ᠤᠨ ᠵᠦᠶᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠰᠢᠯᠢᠳᠡᠭᠵᠢᠭᠦᠯᠦᠨ᠎ᠡ᠃  ᠰᠦᠯᠵᠢᠶ᠎ᠡ ᠬᠤᠯᠪᠤᠭᠠᠨ ᠤ ᠮᠡᠬᠡᠯᠡᠯ ᠢ ᠰᠡᠷᠭᠡᠶᠢᠯᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠮᠥᠩᠭᠦᠨ ᠭᠦᠶᠯᠭᠡᠭᠡᠨ ᠤ ᠲᠦᠭᠰᠢᠭᠦᠷᠢ ᠶᠢ ᠠᠷᠢᠯᠭᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠤ 《 ᠵᠣᠭᠤᠰᠣᠨ ᠴᠦᠩᠬᠦ 》 ᠶᠢ ᠰᠠᠶᠢᠲᠤᠷ  ᠬᠠᠮᠠᠭᠠᠯᠠᠨ᠎ᠠ᠃    ( ᠲᠠᠪᠤ ) ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ ᠲᠥᠪ ᠤᠨ ᠨᠠᠢᠮᠠᠨ ᠲᠣᠭᠲᠠᠭᠠᠯ ᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ  ᠴᠢᠩᠭᠠᠳᠬᠠᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ 《 ᠲᠦᠷᠪᠡᠨ ᠤᠬᠠᠮᠰᠠᠷ 》   ᠢ ᠴᠢᠩᠭᠠᠳᠬᠠᠨ᠂ 《 ᠲᠦᠷᠪᠡᠨ ᠢᠲᠡᠭᠡᠯ 》 ᠢᠶᠠᠨ ᠪᠠᠲᠤᠳᠬᠠᠵᠤ᠂ 《 ᠬᠤᠶᠠᠷ ᠢ ᠬᠠᠮᠠᠭᠠᠯᠠᠬᠤ 》 ᠶᠢ ᠪᠡᠶᠡᠯᠡᠬᠦᠯᠦᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ  ᠲᠡᠭᠡᠭᠰᠢᠯᠡᠬᠦᠯᠦᠨ᠎ᠡ᠃  ᠬᠠᠤᠯᠢᠵᠢᠯ ᠤᠨ ᠪᠠᠶᠢᠭᠤᠯᠤᠯᠲᠠ ᠶᠢ  ᠴᠢᠩᠭᠠᠳᠬᠠᠬᠤ ᠭᠡᠷᠡᠭᠳᠡᠢ᠃ ︽ ᠨᠠᠢᠮᠠᠳᠤᠭᠠᠷ ᠲᠠᠪᠤᠨ ᠵᠢᠯ︾ ᠤᠨ ᠬᠠᠤᠯᠢ  ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂  ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠦᠷᠢᠮ ᠪᠠ ᠨᠡᠶᠢᠭᠡᠮ ᠤᠨ ᠠᠮᠤᠷ ᠲᠣᠭᠲᠠᠭᠤᠨ ᠤ ᠲᠠᠯ᠎ᠠ ᠪᠠᠷ ᠬᠢ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ ᠴᠢᠩᠭ᠎ᠠ ᠬᠡᠷᠡᠭᠵᠢᠭᠦᠯᠵᠦ᠂  ᠵᠠᠰᠠᠯᠳᠠ ᠶᠢᠨ ᠴᠢᠳᠠᠪᠤᠷᠢ ᠪᠠᠨ ᠲᠠᠰᠤᠷᠠᠯᠳᠠ ᠦᠬᠡᠢ ᠲᠡᠭᠡᠭᠰᠢᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ  ᠠᠴᠠ ᠪᠠᠨ ᠬᠦᠯᠢᠶᠡᠵᠦ᠂ ᠬᠠᠤᠯᠢ ᠴᠠᠭᠠᠵᠠ᠂ ᠬᠢᠨᠠᠨ ᠪᠣᠳᠣᠯᠲᠠ᠂ ᠶᠠᠷᠢᠶ᠎ᠠ ᠬᠡᠯᠡᠯᠴᠡᠭᠡ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠦ  ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠬᠦᠢᠴᠡᠳᠭᠡᠬᠦ ᠠᠵᠢᠯ ᠢ ᠴᠢᠨᠠᠷᠯᠢᠭ ᠰᠠᠶᠢᠨ ᠬᠢᠨ᠎ᠡ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠡᠢ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠠᠰᠠᠭ ᠤᠨ ᠣᠷᠳᠣᠨ  ᠤ ᠰᠢᠰᠲ᠋ᠧᠮ ᠤᠨ ᠺᠠᠳ᠋ᠷ ᠤᠨ ᠡᠩᠨᠡᠭᠡᠨ ᠳᠠᠬᠢ  ᠬᠤᠩᠰᠢᠶᠠᠷ ᠨᠢ ᠬᠦᠳᠡᠯᠦᠬᠡᠳ ᠬᠤᠷᠤᠭᠤ ᠨᠢ ᠬᠦᠳᠡᠯᠬᠦ ᠦᠭᠡ᠊᠂  ᠠᠪᠯᠢᠭᠠᠯᠠᠵᠤ ᠱᠠᠮᠰᠢᠬᠤ ᠴᠤ ᠦᠭᠡᠢ ᠠᠵᠢᠯ ᠬᠢᠬᠦ ᠴᠤ ᠦᠭᠡᠢ᠂  ᠬᠦᠮᠦᠨ ᠤ ᠬᠢᠬᠦ ᠶᠢ ᠬᠠᠷᠠᠵᠤ ᠰᠠᠭᠤᠭᠠᠳ ᠬᠦᠯᠦᠰᠦ ᠬᠦᠴᠦ ᠭᠠᠷᠭᠠᠬᠤ  ᠦᠬᠡᠢ᠂   ᠬᠠᠷᠠᠭᠠᠯᠵᠠᠯ ᠢᠶᠠᠨ ᠦᠯᠢᠳᠭᠡᠭᠡᠳ ᠬᠠᠷᠢᠭᠤᠴᠠᠯᠭ᠎ᠠ ᠪᠠᠨ ᠡᠭᠦᠷᠭᠡᠯᠡᠬᠦ ᠦᠭᠡᠢ  ᠂  ᠰᠠᠶᠢᠨ ᠬᠦᠮᠦᠨ ᠪᠤᠯᠵᠤ ᠭᠡᠷᠡᠭ ᠤᠴᠢᠷ ᠠᠴᠠ ᠵᠠᠶᠢᠯᠠᠬᠤ᠂  ᠡᠮᠦᠨ᠎ᠡ ᠨᠢ ᠮᠠᠭᠳᠠᠵᠤ ᠬᠤᠶᠢᠨ᠎ᠠ ᠨᠢ ᠮᠠᠭᠤᠯᠠᠬᠤ ᠵᠡᠷᠭᠡ ᠮᠠᠭᠤ ᠮᠠᠭᠤᠬᠠᠢ ᠤᠪᠤᠷ ᠰᠤᠷᠳᠠᠯ ᠢ ᠡᠷᠡᠰ ᠴᠡᠭᠴᠡᠯᠡᠵᠦ᠂  ᠵᠠᠰᠠᠭ ᠤᠨ ᠰᠤᠷᠳᠠᠯ ᠢ ᠰᠠᠶᠢᠵᠢᠷᠠᠭᠤᠯᠤᠨ᠂ ᠠᠷᠠᠳ ᠤᠨ ᠰᠡᠳᠬᠢᠯ ᠢ ᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠤ ᠭᠡᠷᠡᠭᠳᠡᠢ᠃ ᠬᠥᠭᠵᠢᠯᠲᠡ ᠪᠠᠷ ᠠᠮᠵᠢᠯᠳᠠ   ᠶᠢ ᠦᠨᠡᠯᠡᠬᠦ᠂ ᠠᠮᠵᠢᠯᠲᠠ ᠪᠠᠷ  ᠵᠢᠳᠬᠦᠯ ᠢ ᠦᠨᠡᠯᠡᠬᠦ ᠶᠢ ᠪᠠᠷᠢᠮᠲᠠᠯᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠨ᠂  ︽ᠪᠤᠤᠬᠢᠶ᠎ᠠ ᠲᠠᠮᠵᠢᠭᠤᠯᠭ᠎ᠠ  ︾   ᠶᠢ ᠢᠮᠠᠭᠲᠠ ᠲᠤᠤᠱᠯᠠᠭᠤᠯᠵᠤ᠂ ᠨᠢᠭᠡ ᠰᠡᠳᠬᠢᠯ ᠢᠶᠠᠷ ᠬᠥᠭᠵᠢᠯᠲᠡ ᠶᠢ ᠠᠳᠬᠤᠨ᠂  ᠪᠦᠬᠦ ᠵᠣᠷᠢᠭ ᠢᠶᠠᠷ ᠪᠦᠳᠦᠭᠡᠨ ᠪᠠᠶᠢᠭᠤᠯᠤᠯᠲᠠ ᠬᠢᠵᠦ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠠᠵᠢᠯ ᠤᠨ ᠪᠦᠲᠦᠮᠵᠢ ᠶᠢᠨ ᠬᠢᠨᠠᠨ ᠰᠢᠯᠭᠠᠯᠳᠠ ᠶᠢ ᠴᠢᠩᠭᠠᠳᠬᠠᠨ᠂  ︽ᠰᠢᠨ᠎ᠡ ᠲᠠᠷᠤᠭ᠎ᠠ ᠡᠷᠬᠡᠪᠰᠢ ᠬᠠᠭᠤᠴᠢᠨ ᠲᠠᠩᠰᠠ ᠶᠢ ᠬᠠᠮᠢᠶᠠᠷᠬᠤ︾  ᠡᠬᠦᠷᠭᠡ ᠬᠠᠷᠢᠭᠤᠴᠠᠯᠭ᠎ᠠ ᠶᠢ ᠡᠷᠡᠰ ᠪᠡᠶᠡᠯᠡᠭᠦᠯᠵᠦ᠂ ᠵᠠᠰᠠᠭ ᠤᠨ ᠣᠷᠳᠣᠨ ᠤ ᠢᠳᠡᠭᠡᠯ ᠨᠠᠶᠢᠳᠠᠪᠤᠷᠢ ᠶᠢ ᠤᠯᠠᠮ ᠨᠡᠮᠡᠭᠳᠡᠬᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠤᠨ᠎ᠠ᠃      ᠲᠥᠯᠥᠭᠡᠯᠡᠭᠴᠢᠳ ᠡ᠂  ᠠᠮᠵᠢᠯᠳᠠ ᠪᠦᠳᠦᠮᠵᠢ ᠪᠢᠳᠡᠨ ᠢ ᠵᠤᠷᠢᠬᠵᠢᠭᠤᠯᠵᠤ᠂ ᠠᠬᠢᠯᠳᠠ ᠲᠠᠪᠰᠢᠯᠳᠠ ᠮᠠᠨ ᠢ ᠲᠠᠯᠠᠯᠵᠤ ᠪᠠᠶᠢᠨᠠᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠣᠨᠣᠪᠴᠢᠲᠠᠢ ᠪᠦᠬᠦ ᠲᠠᠯᠠᠪᠠᠷ ᠲᠤᠤᠱᠯᠠᠭᠤᠯᠵᠤ᠂ ᠪᠠᠶᠠᠨ ᠴᠢᠨᠡᠭᠡᠯᠢᠭ᠂ ᠪᠣᠯᠪᠠᠰᠤᠨ ᠰᠠᠶᠢᠬᠠᠨ᠂ ᠡᠶ᠎ᠡ ᠨᠠᠶᠢᠷᠠᠮᠳᠠᠭᠤ᠂ ᠦᠵᠡᠰᠬᠦᠯᠡᠩᠲᠦ ᠭᠤᠶᠤ᠂  ᠵᠢᠷᠭᠠᠯᠠᠩᠳᠤ ᠲᠠᠩᠰᠤᠭ ᠲᠠᠶᠢᠹᠤᠰᠧ ᠬᠤᠰᠢᠭᠤ ᠶᠢ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕      ᠨᠡᠷ᠎ᠡ ᠦᠬᠡ ᠶᠢᠨ ᠲᠠᠶᠢᠯᠪᠤᠷᠢ     ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠤᠷᠳᠴᠢᠯᠠᠭᠰᠠᠨ ᠬᠠᠷᠠᠯᠳᠠ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠮᠥᠩᠭᠦᠨ ᠭᠦᠶᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ᠃       ᠵᠢᠷᠭᠤᠭ᠎ᠠ ᠶᠢ ᠪᠠᠲᠤᠯᠠᠬᠤ᠄  ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠤᠭᠳᠠᠭᠤᠨ ᠢ ᠪᠠᠳᠤᠯᠠᠬᠤ᠂ ᠦᠨᠳᠦᠰᠦᠨ ᠱᠠᠲᠤᠨ ᠤ ᠡᠷᠬᠢᠯᠳᠦᠯ ᠢ ᠪᠠᠲᠤᠯᠠᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠃      ᠬᠤᠶᠠᠷ ᠬᠠᠯᠬᠠᠪᠴᠢ᠄  ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ  ᠤ ᠬᠠᠯᠬᠠᠪᠴᠢ ᠶᠢ ᠪᠠᠶᠢᠭᠤᠯᠬᠤ᠂  ᠪᠦᠯᠬᠦᠮᠳᠡᠯ ᠲᠠᠢ ᠴᠡᠴᠡᠭᠯᠡᠨ ᠬᠥᠭᠵᠢᠭᠰᠡᠨ ᠠᠮᠤᠷ ᠲᠣᠭᠲᠠᠭᠤᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠢ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠶᠢᠭᠤᠯᠬᠤ᠃       ᠬᠤᠶᠠᠷ ᠰᠠᠭᠤᠷᠢᠨ᠄  ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ  ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠵᠦ ᠡᠳ᠋ᠰᠢᠬᠦᠯᠬᠦ ᠰᠠᠭᠤᠷᠢᠨ ᠭᠠᠵᠠᠷ᠃      ᠨᠢᠬᠡ  ᠪᠠᠬᠢᠯᠡᠯᠲᠡ᠄  ᠥᠪᠥᠷ ᠮᠣᠩᠭᠤᠯ ᠢᠶᠠᠨ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠨᠡᠭᠡᠭᠡᠨ ᠬᠦᠭᠵᠢᠬᠦᠯᠦᠯᠳᠡ ᠬᠢᠬᠦ ᠠᠵᠤ ᠠᠬᠤᠶ ᠶᠢᠨ ᠪᠦᠰᠡ ᠪᠣᠯᠭᠠᠨ  ᠪᠠᠶᠢᠭᠤᠯᠬᠤ ᠶᠢ ᠬᠡᠯᠡᠵᠦ ᠪᠤᠢ᠃      ᠲᠠᠪᠤᠨ ᠶᠡᠭᠡ ᠬᠥᠭᠵᠢᠯ ᠮᠠᠨᠳᠤᠯ᠄  ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ᠂ ᠵᠣᠬᠢᠶᠠᠨ ᠪᠠᠶᠢᠭᠤᠯᠤᠯᠲᠠ ᠶᠢ ᠬᠥᠭᠵᠢᠭᠦᠯᠦᠨ ᠮᠠᠨᠳᠤᠭᠤᠯᠬᠤ  ᠃      ᠬᠤᠶᠠᠷ ᠢ ᠬᠦᠩᠭᠡᠷᠡᠬᠦᠯᠬᠦ ᠲᠥᠷᠥ ᠶᠢᠨ ᠪᠣᠳᠣᠯᠭ᠎ᠠ᠄ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠴᠢᠭᠯᠡᠭᠦᠯᠦᠨ ᠳᠤᠷᠠᠳᠤᠭᠰᠠᠨ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ ᠪᠣᠳᠣᠯᠭ᠎ᠠ ᠪᠣᠯᠤᠨ᠎ᠠ᠂ ᠪᠣᠳᠠᠲᠠᠶ ᠪᠠᠷ ᠬᠡᠯᠡᠪᠡᠯ ᠬᠡᠦᠬᠡᠳ ᠤᠨ ᠳᠠᠰᠬᠠᠯ ᠳᠠᠭᠠᠭᠠᠯᠭᠠᠪᠤᠷᠢ  ᠶᠢᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠦᠩᠭᠡᠷᠡᠬᠦᠯᠦᠨ᠎ᠡ᠃      ᠣᠶᠤᠨᠴᠢ ᠬᠠᠤᠯᠢ ᠴᠠᠭᠠᠵᠠ᠄  ᠰᠦᠯᠵᠢᠶᠡᠨ ᠤ ᠮᠡᠷᠭᠡᠵᠢᠯ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ᠂ ᠬᠡᠰᠡᠭ ᠪᠦᠯᠦᠭ ᠤᠨ ᠬᠡᠯᠬᠢᠶ᠎ᠡ ᠬᠢᠭᠡᠳ ᠬᠠᠤᠯᠢ ᠪᠠᠷ ᠵᠠᠰᠠᠬᠤ ᠶᠢ ᠤᠶᠠᠯᠳᠤᠭᠤᠯᠤᠭᠰᠠᠨ ᠬᠥᠳᠡᠯᠦᠩᠭᠦᠶ ᠠᠵᠢᠯᠯᠠᠭᠠᠨ ᠤ ᠶᠠᠪᠤᠴᠠ ᠶᠢ ᠨᠢᠭᠡᠳᠦᠯᠲᠡᠶ ᠲᠥᠯᠥᠪᠵᠢᠭᠦᠯᠵᠦ ᠭᠦᠨᠵᠡᠭᠡᠶ ᠠᠬᠢᠭᠤᠯᠬᠤ ᠪᠠᠷ ᠲᠠᠮᠵᠢᠨ᠂ ᠲᠣᠭᠠᠴᠢᠯᠠᠭᠰᠠᠨ ᠬᠠᠤᠯᠢ ᠪᠠᠷ ᠵᠠᠰᠠᠬᠤ ᠬᠠᠷᠠᠯᠲᠠ ᠶᠢ ᠪᠡᠶᠡᠯᠡᠬᠦᠯᠦᠨ᠎ᠡ᠃     15 ᠮᠢᠨᠦ᠋ᠲ ᠤᠨ ᠪᠡᠶ᠎ᠡ ᠴᠢᠭᠢᠷᠠᠭᠵᠢᠭᠤᠯᠬᠤ ᠲᠣᠭᠤᠷᠢᠭ᠄  ᠰᠠᠭᠤᠭᠠᠯᠢ ᠲᠣᠭᠤᠷᠢᠭ ᠠᠴᠠ ᠪᠠᠨ ᠭᠠᠷᠴᠤ 15 ᠮᠢᠨᠦ᠋ᠲ ᠠᠯᠬᠤᠬᠤ ᠥᠬᠡᠶ ᠪᠠᠷ ᠠᠯᠢ ᠨᠢᠬᠡᠨ ᠴᠡᠴᠡᠷᠯᠢᠭ ᠲᠠᠯᠠᠪᠠᠢ ᠳᠤ ᠬᠦᠷᠴᠦ᠂ ᠬᠦᠳᠡᠯᠭᠡᠭᠡᠨ ᠬᠢᠵᠦ ᠪᠡᠶ᠎ᠡ   ᠪᠠᠨ ᠴᠢᠬᠢᠷᠠᠭᠵᠢᠭᠤᠯᠵᠤ ᠲᠡᠶᠢᠯᠬᠦ ᠶᠢ ᠬᠡᠯᠡᠵᠦ ᠪᠤᠢ᠃   《 ᠭᠤᠷᠪᠠᠨ ᠡᠮᠨᠡᠯᠭᠡ ᠶᠢᠨ ᠥᠭᠡᠷᠡᠴᠢᠯᠡᠯᠲᠡ 》᠄  ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠥᠭᠡᠷᠡᠴᠢᠯᠡᠯᠲᠡ᠃      ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ᠄  ᠲᠠᠷᠢᠶᠠᠨ ᠭᠠᠵᠠᠷ ᠳᠡᠭᠡᠷ᠎ᠡ ᠲᠠᠷᠢᠶᠠᠯᠠᠩ ᠤᠨ ᠪᠤᠰᠤ ᠠᠵᠢᠯᠯᠠᠭ᠎ᠠ ᠬᠢᠬᠦ ᠶᠢ ᠬᠡᠯᠡᠵᠦ ᠪᠤᠢ  ᠃      ᠲᠠᠷᠢᠶᠠᠨ ᠭᠠᠵᠠᠷ ᠢ ᠠᠮᠤ ᠪᠤᠳᠠᠭᠠᠨ ᠤ ᠪᠤᠰᠤ ᠪᠣᠯᠭᠠᠬᠤ᠄  ᠲᠠᠷᠢᠶᠠᠨ ᠭᠠᠵᠠᠷ ᠲᠤ ᠠᠮᠤ ᠪᠤᠳᠠᠭ᠎ᠠ ᠳᠠᠷᠢᠬᠤ  ᠠᠴᠠ ᠪᠤᠰᠤᠳ ᠠᠵᠢᠯᠯᠠᠭ᠎ᠠ ᠬᠢᠬᠦ ᠶᠢ ᠬᠡᠯᠡᠵᠦ ᠪᠤᠢ᠃      ᠳᠥᠷᠪᠡᠨ ᠰᠠᠶᠢᠨᠲᠠᠶ ᠬᠥᠳᠡᠭᠡ ᠶᠢᠨ ᠵᠠᠮ᠄   ᠬᠥᠳᠡᠭᠡ ᠲᠣᠰᠬᠤᠨ ᠤ ᠵᠠᠰᠠᠮᠠᠯ ᠵᠠᠮ ᠢ  ᠰᠠᠶᠢᠨ ᠪᠠᠶᠢᠭᠤᠯᠵᠤ᠂  ᠰᠠᠶᠢᠨ ᠬᠠᠮᠢᠶᠠᠷᠴᠤ᠂  ᠰᠠᠶᠢᠨ ᠬᠠᠮᠠᠭᠠᠯᠠᠵᠤ᠂  ᠰᠠᠶᠢᠨ ᠡᠵᠡᠩᠨᠡᠬᠦ᠃      ᠲᠦᠷᠪᠡ ᠶᠢ ᠦᠯᠦ ᠲᠠᠶᠠᠭᠳᠠᠬᠤ᠄   ᠶᠠᠳᠠᠭᠤ ᠶᠢᠨ ᠮᠠᠯᠠᠭᠠᠢ ᠪᠠᠨ ᠠᠪᠴᠤ ᠲᠠᠶᠠᠭᠳᠠᠭᠰᠠᠨ ᠴᠤ ᠰᠢᠯᠵᠢᠯᠳᠡ  ᠶᠢᠨ ᠬᠤᠭᠤᠴᠠᠭᠠᠨ ᠳᠤ ᠬᠠᠷᠢᠭᠤᠴᠠᠯᠭ᠎ᠠ ᠪᠠᠨ ᠲᠠᠶᠠᠭᠳᠠᠬᠤ ᠦᠬᠡᠢ᠂  ᠲᠦᠷᠦ ᠶᠢᠨ ᠪᠤᠳᠤᠯᠭ᠎ᠠ ᠶᠢ ᠲᠠᠶᠠᠭᠳᠠᠬᠤ ᠦᠭᠡᠢ᠂ ᠬᠠᠪᠰᠤᠷᠤᠨ ᠲᠡᠳᠬᠦᠬᠦ ᠪᠠᠨ ᠲᠠᠶᠠᠭᠳᠠᠬᠤ ᠦᠭᠡᠢ᠂  ᠬᠢᠨᠠᠯᠲᠠ ᠬᠠᠮᠢᠶᠠᠷᠤᠯᠲᠠ ᠪᠠᠨ ᠲᠠᠶᠠᠭᠳᠠᠬᠤ ᠦᠭᠡᠢ᠃      ᠭᠤᠷᠪᠠᠨ ᠪᠦᠲᠦᠭᠡᠭᠳᠡᠬᠦᠨ ᠨᠢᠭᠡ ᠳᠡᠮᠳᠡᠭ᠄  ᠪᠣᠬᠢᠷᠲᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂  ᠪᠤᠬᠢᠷᠳᠤᠯ ᠦᠬᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ  ᠤ ᠭᠠᠵᠠᠷ ᠵᠦᠢ ᠶᠢᠨ ᠪᠡᠯᠭᠡ ᠳᠡᠮᠳᠡᠭ ᠪᠣᠯᠤᠨ᠎ᠠ᠃       ᠭᠤᠷᠪᠠᠨ ᠴᠢᠬᠤᠯᠠ ᠨᠢᠭᠡ ᠶᠡᠭᠡ᠄  ᠴᠢᠬᠤᠯᠠ ᠶᠠᠪᠤᠳᠠᠯ ᠢ ᠰᠢᠢᠳᠴᠦ ᠲᠤᠭᠳᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠲᠦᠷᠦᠯ ᠵᠦᠢᠯ ᠢ ᠲᠤᠬᠢᠷᠠᠭᠤᠯᠬᠤ  ᠂ ᠶᠡᠭᠡ ᠬᠡᠮᠵᠢᠶᠡᠨ ᠤ ᠪᠡᠯᠡ ᠮᠥᠩᠭᠦ ᠶᠢ ᠬᠡᠷᠡᠭᠯᠡᠬᠦ  ᠃       ᠭᠤᠷᠪᠠ ᠶᠢ ᠪᠣᠳᠠᠲᠠᠶᠢᠵᠢᠭᠤᠯᠬᠤ ᠨᠢᠭᠡ ᠶᠢ ᠰᠢᠶᠳᠪᠦᠷᠢᠯᠡᠬᠦ᠄   ᠵᠦᠶ ᠶᠣᠰᠣᠨ ᠤ ᠬᠦᠰᠡᠯ ᠱᠠᠭᠠᠷᠳᠠᠯᠭ᠎ᠠ  ᠪᠤᠯ ᠬᠠᠩᠭᠠᠬᠤ ᠶᠢ ᠪᠤᠳᠠᠳᠠᠶᠢᠵᠢᠠᠭᠤᠯᠵᠤ᠂  ᠵᠦᠢ ᠪᠤᠰᠤ ᠬᠦᠰᠡᠯ ᠱᠠᠭᠠᠷᠳᠠᠯᠭ᠎ᠠ ᠪᠤᠯ ᠬᠥᠮᠦᠵᠢᠭᠦᠯᠬᠦ ᠶᠢ  ᠪᠤᠳᠠᠳᠠᠶᠢᠵᠢᠭᠤᠯᠵᠤ᠂  ᠠᠵᠤ ᠠᠮᠢᠳᠤᠷᠠᠯ ᠨᠢ ᠬᠦᠴᠢᠷᠳᠡᠯᠲᠡᠶ ᠪᠤᠯ ᠬᠠᠪᠰᠤᠷᠤᠨ ᠲᠡᠳᠬᠦᠬᠦ ᠶᠢ ᠪᠤᠳᠠᠳᠠᠶᠢᠵᠢᠭᠤᠯᠵᠤ᠂ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠤᠯ ᠬᠠᠤᠯᠢ ᠶᠣᠰᠣᠭᠠᠷ ᠰᠢᠶᠳᠪᠦᠷᠢᠯᠡᠨ᠎ᠠ᠃
 
ᠢᠷᠡᠯᠲᠡ᠄ ᠲᠠᠶᠢᠹᠦᠰᠧ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号