ᠪᠤᠤᠴᠠᠩ ᠪᠠᠯᠭᠠᠰᠤ ᠤᠢ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠭᠴᠢ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/11
  ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠨ ᠬᠢᠬᠦ ᠶᠢᠨ ᠲᠥᠯᠥᠭᠡ᠂ 1 ᠰᠠᠷ᠎ᠠ ᠶᠢᠨ 10 ᠤ ᠡᠳᠦᠷ ᠪᠤᠤᠴᠠᠩ ᠪᠠᠯᠭᠠᠰᠤ ᠣᠶ ᠰᠢᠭᠤᠢ ᠨᠤᠳᠤᠭ ᠪᠡᠯᠴᠢᠭᠡᠷ ᠬᠠᠮᠠᠭᠠᠯᠠᠭᠴᠢ ᠶᠢᠨ ᠠᠵᠢᠯ ᠤᠨ ᠬᠤᠷᠠᠯ ᠬᠤᠷᠠᠯᠳᠤᠭᠤᠯᠵᠤ᠂   2022 ᠤᠨ ᠤ ᠭᠤᠤᠯᠳᠠᠯᠭ᠎ᠠ ᠲᠠᠢ ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠯᠢᠦ ᡁᠢ ᠴᠢᠶᠠᠩ  ᠬᠤᠷᠠᠯ ᠲᠡᠭᠡᠷ᠎ᠡ ᠴᠢᠬᠤᠯᠠᠴᠢᠯᠠᠬᠤ ᠳᠠᠭᠠᠨ᠂ ᠣᠶ ᠰᠢᠭᠤᠶ ᠨᠤᠲᠤᠭ ᠪᠡᠯᠴᠢᠭᠡᠷ ᠬᠠᠮᠠᠭᠠᠯᠠᠭᠴᠢ ᠨᠠᠷ ᠣᠷᠣᠨ  ᠂ ᠠᠶᠢᠮᠠᠭ᠂  ᠬᠤᠰᠢᠭᠤᠨ ᠤ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠤᠨ ᠪᠠᠶᠢᠷᠢᠯᠠᠭᠤᠯᠤᠯᠳᠠ ᠶᠢ ᠡᠷᠡᠰ ᠨᠠᠶᠢᠳᠠᠪᠤᠷᠢᠵᠢᠭᠤᠯᠵᠤ  ᠂ ᠤᠨᠴᠠᠭᠠᠶᠢᠯᠠᠨ ᠪᠡᠯᠴᠢᠭᠡᠷᠯᠡᠬᠦᠯᠬᠦ ᠶᠢ ᠴᠠᠭᠠᠵᠠᠯᠠᠬᠤ ᠬᠤᠭᠤᠴᠠᠭᠠᠨ ᠳᠤ ᠣᠶ ᠰᠢᠭᠤᠶ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠠᠵᠢᠯ ᠢ  ᠨᠡᠩ ᠢᠯᠡᠬᠦᠦ ᠴᠢᠩᠭᠠᠳᠬᠠᠨ ᠂  ᠬᠠᠮᠢᠶᠠᠷᠤᠯᠲᠠ ᠶᠢ ᠳᠠᠭᠠᠬᠤ ᠥᠬᠡᠶ ᠦᠵᠡᠭᠳᠡᠯ ᠭᠠᠷᠪᠠᠯ ᠪᠠᠯᠭᠠᠰᠤᠨ ᠤ ᠵᠠᠰᠠᠭ ᠤᠨ ᠣᠷᠳᠣᠨ ᠳᠤ ᠮᠡᠳᠡᠭᠦᠯᠵᠦ ᠬᠠᠤᠯᠢ ᠲᠦᠷᠢᠮ ᠤᠨ ᠲᠠᠭᠠᠤ ᠴᠢᠩᠭ᠎ᠠ ᠰᠢᠢᠳᠪᠦᠷᠢᠯᠡᠬᠦ ᠭᠡᠷᠡᠭᠳᠡᠢ᠃  ᠡᠨᠡ ᠵᠢᠯ ᠤᠨ ᠠᠭᠤᠷ ᠠᠮᠢᠰᠬᠤᠯ ᠭᠠᠩ ᠬᠠᠭᠤᠷᠠᠶ ᠪᠣᠯᠬᠤᠷ᠂ ᠡᠳᠦᠷ ᠲᠤᠳᠤᠮ ᠤᠨ ᠠᠵᠢᠯ ᠤᠨ ᠳᠤᠮᠳᠠ ᠪᠠᠨ ᠭᠠᠯ ᠰᠡᠷᠭᠡᠶᠢᠯᠡᠬᠦ ᠠᠵᠢᠯ ᠢ ᠰᠠᠶᠢᠲᠤᠷ  ᠠᠳᠬᠤᠵᠤ᠂ ᠴᠠᠭᠠᠨ ᠰᠠᠷ᠎ᠠ᠂  ᠬᠠᠩᠰᠢ ᠶᠢᠨ ᠡᠳᠦᠷ ᠵᠡᠷᠭᠡ ᠣᠨᠴᠠᠭᠠᠶ ᠴᠠᠭ ᠬᠤᠭᠤᠴᠠᠭ᠎ᠠ ᠠᠴᠠ ᠭᠠᠳᠠᠨ᠎ᠠ ᠡᠩ ᠤᠨ ᠦᠶ᠎ᠡ ᠶᠢᠨ ᠭᠠᠯ ᠢ ᠰᠡᠷᠭᠡᠶᠢᠯᠡᠬᠦ ᠠᠵᠢᠯ ᠢ ᠴᠤ ᠴᠢᠩᠭ᠎ᠠ ᠠᠳᠬᠤᠵᠤ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ ᠭᠡᠪᠡ᠃ ᠳᠠᠷᠠᠭ᠎ᠠ ᠨᠢ ᠯᠢᠦ ᡁᠢ ᠴᠢᠶᠠᠩ  ᠪᠠᠰᠠ ᠡᠯ᠎ᠡ ᠲᠣᠰᠬᠤᠨ ᠤ ᠣᠶ ᠰᠢᠭᠤᠶ ᠨᠤᠲᠤᠭ ᠪᠡᠯᠴᠢᠭᠡᠷ ᠬᠠᠮᠠᠭᠠᠯᠠᠭᠴᠢ ᠲᠠᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠤᠳᠤᠯᠤᠨ ᠶᠠᠷᠢᠯᠴᠠᠭᠰᠠᠨ ᠪᠥᠭᠡᠳ ᠠᠵᠢᠯ ᠤᠨ ᠶᠠᠪᠤᠴᠠ  ᠳᠤ ᠲᠤᠯᠭᠠᠷᠠᠭᠰᠠᠨ ᠠᠰᠠᠭᠤᠳᠠᠯ ᠬᠦᠴᠢᠷᠳᠡᠯ ᠢ ᠨᠢ ᠤᠶᠢᠯᠠᠭᠠᠭᠰᠠᠨ ᠪᠠᠶᠢᠨ᠎ᠠ᠃  ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠲᠤᠪᠴᠢᠶᠠᠨ ᠤ ᠳᠠᠷᠤᠭ᠎ᠠ ᠰᠢᠤᠢ ᠪᠦᠦ ᠲᠦᠩ ᠬᠤᠰᠢᠭᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ  ᠂ ᠡᠯ᠎ᠡ ᠲᠣᠰᠬᠤᠨ ᠤ ᠣᠶ ᠰᠢᠭᠤᠶ ᠨᠤᠲᠤᠭ ᠪᠡᠯᠴᠢᠭᠡᠷ ᠬᠠᠮᠠᠭᠠᠯᠠᠭᠴᠢ   ᠶᠢᠨ ᠦᠢᠯᠡᠳᠦᠯ ᠴᠢᠳᠠᠮᠵᠢ ᠪᠠᠨ ᠪᠠᠳᠠᠷᠠᠭᠤᠯᠵᠤ᠂  ᠬᠠᠰᠢᠶᠠᠯᠠᠨ ᠮᠠᠯᠵᠢᠬᠤ ᠲᠥᠷᠥ ᠶᠢᠨ ᠪᠣᠳᠣᠯᠭ᠎ᠠ ᠶᠢ ᠰᠠᠶᠢᠳᠤᠷ ᠤᠬᠠᠭᠤᠯᠬᠤ ᠶᠢ ᠱᠠᠭᠠᠷᠳᠠᠵᠤ᠂ ︽ ᠪᠤᠤᠴᠠᠩ ᠪᠠᠯᠭᠠᠰᠤᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠤᠨ ᠬᠡᠷᠡᠭᠵᠢᠭᠦᠯᠬᠦ  ᠲᠦᠰᠦᠪ︾ ᠢ ᠤᠩᠰᠢᠨ ᠨᠡᠶᠢᠲᠡᠯᠡᠵᠡᠶ᠃ ᠬᠤᠷᠠᠯ ᠤᠨ ᠲᠠᠷᠠᠭ᠎ᠠ᠂  ᠪᠠᠯᠭᠠᠰᠤᠨ ᠤ ᠬᠢᠨ ᠡᠯ᠎ᠡ ᠲᠤᠰᠬᠤᠨ ᠤ  ᠣᠶ ᠰᠢᠭᠤᠶ ᠨᠤᠲᠤᠭ ᠪᠡᠯᠴᠢᠭᠡᠷ ᠬᠠᠮᠠᠭᠠᠯᠠᠭᠴᠢ  ᠨᠠᠷ ᠲᠠᠢ  ᠬᠠᠷᠢᠭᠤᠴᠠᠯᠭ᠎ᠠ ᠶᠢᠨ ᠭᠡᠷ᠎ᠡ ᠲᠤᠭᠳᠠᠵᠤ ᠭᠠᠷ ᠤᠨ ᠦᠰᠦᠭ  ᠵᠢᠷᠤᠭᠰᠠᠨ ᠪᠠᠶᠢᠨ᠎ᠠ᠃ ᠬᠤᠷᠠᠯ ᠢ ᠰᠢᠤᠢ ᠪᠦᠦ ᠲᠦᠩ  ᠡᠷᠭᠢᠯᠡᠵᠦ᠂  ᠡᠯ᠎ᠡ ᠲᠣᠰᠬᠤᠨ ᠤ  ᠣᠶ ᠰᠢᠭᠤᠢ ᠨᠤᠳᠤᠭ ᠪᠡᠯᠴᠢᠭᠡᠷ ᠤᠨ ᠬᠠᠮᠠᠭᠠᠯᠠᠭᠴᠢ ᠬᠤᠷᠠᠯ ᠳᠤ ᠣᠷᠣᠯᠴᠠᠵᠠᠶ᠃  
 
ᠢᠷᠡᠯᠲᠡ᠄ ᠪᠤᠤᠴᠠᠩ ᠪᠠᠯᠭᠠᠰᠤᠨ  ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号