ᠬᠤᠩ ᠴᠢ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ  ᠳᠤ ᠲᠣᠬᠢᠷᠠᠭᠤᠯᠤᠯᠲᠠ ᠬᠢᠭᠰᠡᠨ
ᠨᠡᠶᠢᠲᠡᠯᠡᠭᠰᠡᠨ ᠴᠠᠭ᠄
2022/1/11
  1 ᠰᠠᠷ᠎ᠠ ᠶᠢᠨ 10 ᠤ ᠡᠳᠦᠷ᠂  ᠬᠤᠩ ᠴᠢ ᠪᠠᠯᠭᠠᠰᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠩᠰᠠ ᠡᠪᠬᠡᠮᠡᠯ ᠢ ᠲᠡᠭᠦᠯᠳᠡᠷᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠵᠡᠷᠭᠡ ᠠᠵᠢᠯ ᠳᠤ ᠲᠤᠬᠢᠷᠠᠭᠤᠯᠤᠯᠳᠠ ᠬᠢᠭᠰᠡᠨ ᠪᠠᠶᠢᠨ᠎ᠠ᠃ ᠪᠠᠯᠭᠠᠰᠤᠨ ᠤ ᠨᠠᠮ ᠬᠤᠷᠢᠶᠠᠨ ᠤ ᠱᠦᠵᠢ ᠭᠤᠤ ᠶᠢᠩ ᠵᠦᠸᠧ ᠴᠢᠬᠤᠯᠠᠴᠢᠯᠠᠬᠤ ᠳᠠᠭᠠᠨ  ᠂ ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ  ᠪᠠᠬᠢᠵᠢᠬᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ  ᠠᠵᠢᠯ ᠤᠨ ᠬᠠᠮᠢᠶ᠎ᠠ ᠪᠦᠬᠦᠢ ᠳᠠᠩᠰᠠ ᠮᠠᠲ᠋ᠧᠷᠢᠶᠠᠯ ᠢ ᠲᠦᠷᠢᠮᠵᠢᠬᠦᠯᠵᠦ᠂  ᠦᠷᠬᠦᠯᠵᠢᠯᠡᠨ ᠡᠷᠦᠬᠡ ᠳᠤ ᠬᠦᠨᠵᠡᠬᠡᠶᠢᠷᠡᠨ ᠵᠢᠬᠰᠠᠭᠠᠨ ᠪᠠᠶᠢᠴᠠᠭᠠᠵᠤ᠂ ᠡᠯ᠎ᠡ  ᠲᠦᠷᠦᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠬᠢᠨᠠᠨ ᠬᠡᠮᠵᠢᠬᠦ ᠡᠷᠦᠬᠡ ᠪᠠ ᠢᠷᠮᠡᠭᠳᠡᠭᠰᠡᠨ ᠡᠷᠦᠬᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠳᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠬᠠᠯᠠᠮᠵᠢᠯᠠᠨ᠂ ᠡᠯ᠎ᠡ  ᠲᠦᠷᠦᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠡᠵᠡᠮᠰᠢᠵᠦ᠂ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠭᠠᠵᠠᠷ ᠣᠷᠣᠨ  ᠠᠴᠠ  ᠢᠷᠡᠭᠰᠡᠨ ᠬᠦᠮᠦᠰ ᠢ ᠬᠠᠷᠭᠤᠭᠤᠯᠤᠨ ᠪᠠᠶᠢᠴᠠᠭᠠᠵᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ᠂ ᠲᠣᠰᠬᠤᠨ ᠱᠠᠲᠤᠨ ᠤ ᠰᠡᠷᠭᠡᠶᠢᠯᠡᠨ ᠡᠵᠡᠮᠳᠡᠬᠦ ᠲᠠᠩᠰᠠ ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠡᠶ᠃  ᠪᠠᠯᠭᠠᠰᠤᠨ ᠤ  ᠤᠳᠤᠷᠢᠳᠤᠯᠭ᠎ᠠ ᠨᠠᠷ ᠲᠤᠰ ᠲᠤᠰ ᠤᠨ ᠬᠤᠪᠢᠳᠠᠨ ᠬᠠᠮᠢᠶᠠᠷᠬᠤ ᠠᠵᠢᠯ ᠢᠶᠠᠨ ᠪᠠᠶᠢᠷᠢᠯᠠᠭᠤᠯᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠦᠵᠡᠯ ᠤᠬᠠᠮᠰᠠᠷ ᠤᠨ ᠬᠡᠯᠪᠡᠷᠢ ᠶᠢᠨ ᠵᠢᠯ ᠤᠨ ᠡᠴᠦᠰ ᠤᠨ ᠬᠢᠨᠠᠨ ᠰᠢᠯᠭᠠᠯᠲᠠ᠂ ᠨᠠᠮ ᠤᠨ ᠭᠡᠰᠢᠭᠦᠨ ᠡᠯᠰᠡᠬᠦ ᠠᠵᠢᠯ᠂ ᠠᠪᠤᠷᠠᠨ ᠲᠤᠰᠠᠯᠠᠬᠤ ᠮᠥᠩᠭᠦ ᠲᠠᠷᠬᠠᠭᠠᠬᠤ ᠵᠢᠴᠢ ᠬᠠᠤᠯᠢ ᠴᠠᠭᠠᠵᠠ ᠶᠢᠨ ᠲᠤᠪᠴᠢᠶᠠᠨ ᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭ᠊ ᠬᠠᠮᠢᠶ᠎ᠠ ᠪᠥᠬᠦᠶ ᠠᠵᠢᠯ ᠳᠤ ᠲᠤᠬᠢᠷᠠᠭᠤᠯᠤᠯᠳᠠ ᠬᠢᠪᠡ᠃ ᠪᠠᠯᠭᠠᠰᠤᠨ ᠤ ᠤᠳᠤᠷᠢᠳᠬᠤ ᠪᠠᠭ ᠤᠨ ᠭᠡᠰᠢᠬᠦᠳ ᠬᠤᠷᠠᠯ ᠳᠤ ᠤᠷᠤᠯᠴᠠᠵᠠᠢ᠃  
 
ᠢᠷᠡᠯᠲᠡ᠄ ᠬᠤᠩ ᠴᠢ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号