ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠠᠤᠯᠢ ᠴᠠᠭᠠᠵᠠ ᠶᠢᠨ ᠲᠣᠪᠴᠢᠶ᠎ᠠ ᠳᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/1/14
ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠣᠨᠣᠯ ᠤᠨ ᠰᠢᠨ᠎ᠡ ᠶᠢ ᠡᠭᠦᠳᠬᠦ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ ᠶᠢ ᠴᠢᠩᠭᠠᠳᠬᠠᠬᠤ ᠶᠢᠨ ᠲᠥᠯᠥᠭᠡ᠂ 1 ᠰᠠᠷ᠎ᠠ ᠶᠢᠨ 13 ᠤ ᠡᠳᠦᠷ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠶᠢᠹᠤᠰᠧ ᠬᠤᠰᠢᠭᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ  ᠬᠦᠨᠵᠡᠭᠡᠶᠢᠷᠡᠵᠦ ᠤᠬᠠᠭᠤᠯᠭ᠎ᠠ ᠲᠠᠶᠢᠯᠤᠮᠵᠢ ᠬᠢᠭᠰᠡᠨ ᠪᠠᠶᠢᠨ᠎ᠠ᠃  ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠯᠢ ᠱᠤ᠋ ᠾᠧ ᠠᠴᠠ ᠪᠦᠭᠦᠳᠡ ᠬᠤᠷᠠᠯ  ᠤᠨ ᠬᠢᠨᠠᠨ ᠵᠥᠪᠯᠡᠵᠦ ᠪᠠᠲᠤᠯᠠᠭᠰᠠᠨ ᠬᠤᠶᠠᠷ ᠰᠢᠢᠳᠪᠦᠷᠢ ᠬᠤᠶᠠᠷ ᠲᠤᠳᠤᠷᠬᠠᠶᠢᠯᠠᠯᠳᠠ  ᠂ ᠴᠢᠬᠤᠯᠠ ᠶᠡᠭᠡ ᠠᠮᠵᠢᠯᠲᠠ ᠪᠣᠯᠤᠨ ᠲᠡᠦᠭᠡᠨ ᠲᠤᠷᠰᠢᠯᠭ᠎ᠠ ᠶᠢ ᠳ᠋ᠦᠩᠨᠡᠬᠦ ᠶᠢᠨ ᠭᠤᠷᠪᠠᠨ ︽ᠬᠡᠷᠡᠭᠴᠡᠭᠡ︾᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠭᠰᠠᠨ ᠭᠤᠷᠪᠠ ᠤᠳᠠᠭᠠᠨ ᠤ ᠦᠰᠦᠷᠦᠯᠲᠡ᠂ ᠵᠠᠭᠤᠨ ᠵᠢᠯ ᠤᠨ ᠲᠡᠦᠬᠡᠨ ᠶᠠᠪᠤᠴᠠ ᠳᠤ ᠡᠭᠦᠳᠦᠭᠰᠡᠨ ᠲᠦᠷᠪᠡᠨ ᠠᠭᠤᠤ ᠶᠡᠭᠡ ᠠᠮᠵᠢᠯᠲᠠ ᠪᠦᠲᠦᠮᠵᠢ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠠᠪᠤᠨ ᠶᠡᠭᠡ ᠲᠡᠦᠬᠡᠲᠦ ᠠᠴᠢ ᠬᠤᠯᠪᠣᠭᠳᠠᠯ᠂ ᠨᠠᠮ ᠤᠨ ᠵᠠᠭᠤᠨ ᠵᠢᠯ ᠤᠨ ᠲᠡᠮᠡᠴᠡᠯ ᠤᠨ ᠠᠷᠪᠠᠨ ᠶᠡᠭᠡ ᠲᠡᠦᠬᠡᠨ ᠲᠤᠷᠰᠢᠯᠭ᠎ᠠ ᠵᠡᠷᠭᠡ ᠲᠠᠯ᠎ᠠ ᠪᠠᠷ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠠᠢ᠃ ᠤᠬᠠᠭᠤᠯᠭ᠎ᠠ ᠲᠠᠶᠢᠯᠤᠮᠵᠢ ᠶᠢᠨ   ᠰᠡᠳᠦᠪ ᠲᠣᠳᠣ ᠠᠭᠤᠯᠭ᠎ᠠ ᠪᠠᠶᠠᠯᠢᠭ ᠪᠠᠶᠢᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠰᠢᠰᠲ᠋ᠧᠮ ᠤᠨ ᠠᠵᠢᠯᠲᠠᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠤᠬᠠᠭᠤᠯᠭ᠎ᠠ ᠲᠠᠶᠢᠯᠤᠮᠵᠢ ᠶᠢ ᠰᠣᠨᠣᠰᠤᠭᠰᠠᠨ ᠬᠠᠤᠯᠢ ᠴᠠᠭᠠᠵᠠ ᠶᠢᠨ ᠲᠤᠪᠴᠢᠶᠠᠨ ᠤ ᠺᠠᠳ᠋ᠷ ᠠᠵᠢᠯᠲᠠᠳ ︽ᠬᠤᠶᠢᠰᠢᠳᠠ ᠰᠤᠷᠤᠯᠴᠠᠯᠭ᠎ᠠ ᠪᠠᠨ ᠴᠢᠩᠭᠠᠳᠬᠠᠵᠤ᠂  ᠢᠳᠡᠪᠬᠢᠳᠡᠢ ᠪᠠᠷ ᠰᠡᠳᠬᠢᠨ᠂ ᠯᠠᠪᠳᠠᠭᠤᠨ ᠪᠠᠲᠤᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ  ᠪᠠᠷ ᠠᠵᠢᠯ ᠢᠶᠠᠨ ᠰᠠᠶᠢᠲᠤᠷ ᠬᠢᠵᠦ᠂ ᠰᠣᠷᠣᠭᠰᠠᠨ ᠢᠶᠠᠨ ᠦᠢᠯᠡᠳᠦᠯᠭᠡ ᠲᠡᠭᠡᠷ᠎ᠡ ᠭᠡᠷᠡᠭᠯᠡᠨ᠂ ᠪᠣᠳᠠᠲᠤ ᠠᠵᠢᠯᠯᠠᠭ᠎ᠠ ᠪᠠᠷ ᠢᠶᠠᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠵᠤ᠂  ᠰᠢᠨ᠎ᠡ ᠠᠶᠠᠨ ᠵᠠᠮ ᠳᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ  ᠠᠬᠢᠭᠤᠯᠤᠨ᠎ᠠ︾ ᠭᠡᠵᠦ ᠢᠯᠡᠷᠭᠡᠶᠢᠯᠡᠵᠡᠭᠡᠪᠡ᠃  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号