ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠵᠢᠯᠣᠭᠤᠳᠬᠤ ᠳᠤᠭᠤᠶᠢᠯᠠᠩ ᠲᠠᠶᠢᠹᠤᠰᠧ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ  ᠤᠨ ᠠᠵᠢᠯ ᠢ ᠰᠢᠯᠭᠠᠨ ᠦᠨᠡᠯᠡᠪᠡ
ᠨᠡᠶᠢᠲᠡᠯᠡᠭᠰᠡᠨ ᠴᠠᠭ᠄
2022/1/14
ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ 12 ᠤᠨ ᠡᠳᠦᠷ ᠠᠶᠢᠮᠠᠭ ᠤᠨ ᠨᠠᠮ ᠤᠨ  ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠲᠠᠶᠢᠹᠤᠰᠧ ᠬᠤᠰᠢᠭᠤᠨ ᠳᠤ ᠬᠦᠨᠵᠡᠬᠡᠶᠢᠷᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ  ᠰᠢᠯᠭᠠᠨ ᠦᠨᠡᠯᠡᠭᠰᠡᠨ ᠪᠠᠶᠢᠨ᠎ᠠ᠃ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠪᠤᠤᠴᠠᠩ ᠪᠠᠯᠭᠠᠰᠤ ᠪᠠ ᠬᠤᠰᠢᠭᠤᠨ ᠤ ᠰᠣᠶᠣᠯ ᠲᠠᠮᠢᠷ ᠤᠨ ᠲᠣᠪᠴᠢᠶ᠎ᠠ ᠳᠤ ᠭᠦᠨᠵᠡᠭᠡᠶᠢᠷᠡᠵᠦ᠂ ᠬᠠᠷᠢᠭᠤ ᠮᠡᠳᠡᠭᠦᠯᠦᠯᠲᠡ ᠰᠣᠨᠣᠰᠬᠤ᠂ ᠰᠠᠨᠠᠯ ᠢᠶᠠᠨ ᠰᠣᠯᠢᠯᠴᠠᠬᠤ᠂ ᠲᠤᠬᠠᠶ ᠶᠢᠨ ᠲᠠᠯᠠᠪᠤᠷ ᠲᠤ ᠰᠢᠯᠭᠠᠨ ᠦᠨᠡᠯᠡᠬᠦ ᠵᠡᠷᠭᠡ ᠬᠡᠯᠪᠡᠷᠢ ᠪᠠᠷ ᠲᠠᠶᠢᠹᠤᠰᠧ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ ᠬᠢ ᠪᠣᠳᠠᠲᠠᠶ ᠠᠷᠭ᠎ᠠ ᠬᠡᠮᠵᠢᠶ᠎ᠡ ᠪᠣᠯᠤᠨ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠣᠶᠢᠯᠠᠭᠠᠪᠠ᠃ 12 ᠤᠨ ᠡᠳᠦᠷ ᠤᠨ ᠦᠳᠡ ᠶᠢᠨ ᠬᠤᠶᠢᠨ᠎ᠠ ᠬᠤᠷᠠᠯᠳᠤᠭᠰᠠᠨ ᠶᠠᠷᠢᠯᠴᠠᠬᠤ ᠬᠤᠷᠠᠯ ᠲᠡᠭᠡᠷ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠤ ᠵᠧᠨ ᠯᠦ ᠠᠴᠠ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂  ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠠᠩ ᠶᠢᠨ ᠮᠢᠩ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠸᠠᠩ ᠸᠧᠶ ᠬᠤᠩ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠤᠶᠤᠨᠴᠡᠴᠡᠭ  ᠨᠠᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠠᠵᠢᠯ ᠤᠨ ᠪᠣᠳᠠᠲᠤ ᠪᠠᠶᠢᠳᠠᠯ ᠪᠠ ᠬᠤᠪᠢ ᠬᠥᠮᠦᠨ ᠤ ᠣᠶᠢᠯᠠᠭᠠᠯᠲᠠ ᠲᠥᠷᠥᠭᠳᠡᠯ ᠲᠠᠢ ᠲᠠᠪ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠳᠠᠷᠠᠭ᠎ᠠ ᠨᠢ ᠲᠤᠬᠠᠶ ᠶᠢᠨ ᠲᠠᠯᠠᠪᠤᠷ ᠲᠤ ᠰᠢᠯᠭᠠᠨ ᠦᠨᠡᠯᠡᠭᠰᠡᠨ ᠪᠠᠶᠢᠨ᠎ᠠ᠃ ᠵᠧᠤ ᠵᠧᠨ ᠯᠦ ᠦᠨᠡᠯᠡᠯᠲᠡ ᠶᠢᠨ ᠶᠠᠷᠢᠶᠠᠨ ᠳᠠᠭᠠᠨ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ  ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠳᠠᠰᠤᠷᠠᠯᠳᠠ ᠦᠬᠡᠢ ᠪᠠᠬᠢᠵᠢᠭᠦᠯᠦᠨ  ᠦᠷᠭᠡᠳᠭᠡᠬᠦ ᠭᠡᠷᠡᠭᠳᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠯᠡᠯᠲᠡ ᠶᠢᠨ ᠠᠵᠢᠯ ᠢ  ᠨᠢᠮᠪᠠᠢ ᠰᠠᠶᠢᠨ ᠬᠢᠵᠦ ᠂ ︽ᠲᠡᠦᠬᠡ ᠶᠢ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠴᠤ  ᠢᠳᠡᠬᠡᠯ ᠢᠶᠠᠨ  ᠨᠡᠮᠡᠭᠳᠡᠭᠦᠯᠬᠦ᠂ ᠲᠡᠦᠬᠡ ᠶᠢ ᠰᠤᠷᠴᠤ ᠶᠤᠰᠤ ᠰᠤᠷᠳᠠᠬᠤᠨ ᠢ ᠡᠷᠬᠢᠮᠯᠡᠬᠦ᠂ ᠲᠡᠦᠬᠡ ᠶᠢ ᠰᠤᠷᠴᠤ ᠴᠢᠷᠮᠠᠶᠢᠨ ᠦᠢᠯᠡᠳᠦᠯᠭᠡᠵᠢᠭᠦᠯᠬᠦ︾ ᠶᠢᠨ ᠲᠣᠭᠤᠷᠢᠨ ᠳᠤ᠂ ︽ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ  ᠡᠬᠦᠳᠬᠦ︾ ᠱᠠᠭᠠᠷᠳᠠᠯᠭ᠎ᠠ ᠶᠢ ᠲᠤᠤᠱᠯᠠᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠡᠭᠦᠷᠭᠡ ᠪᠣᠯᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠨ᠂ ᠴᠢᠨᠠᠷ ᠤᠨ ᠦᠨᠡᠯᠡᠯᠲᠡ ᠪᠠ ᠬᠡᠮᠵᠢᠶᠡᠨ ᠤ ᠵᠠᠳᠠᠯᠤᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂   ᠲᠠᠯ᠎ᠠ ᠲᠠᠯ᠎ᠠ ᠠᠴᠠ ᠲᠤᠰᠬᠠᠭᠰᠠᠨ ᠦᠨᠡᠯᠡᠯᠲᠡ ᠪᠠ ᠰᠠᠨᠠᠯ ᠰᠠᠨᠠᠭᠤᠯᠭ᠎ᠠ ᠶᠢ ᠰᠣᠨᠣᠰᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠪᠠ ᠦᠷ᠎ᠡ ᠪᠦᠲᠦᠮᠵᠢ ᠶᠢ ᠪᠦᠬᠦ ᠲᠠᠯ᠎ᠠ ᠪᠠᠷ᠂ ᠪᠤᠰᠤᠳᠴᠢ ᠪᠠᠷ ᠦᠨᠡᠯᠡᠨ ᠵᠢᠱᠢᠬᠦ ᠶᠢᠨ ᠬᠠᠮᠲᠤ᠂ ᠦᠨᠡᠯᠡᠨ ᠵᠢᠱᠢᠬᠦ ᠠᠵᠢᠯ  ᠤᠨ ᠶᠠᠪᠤᠴᠠ ᠶᠢ ᠲᠠᠨᠢᠯᠲᠠ ᠪᠠᠨ ᠭᠦᠨᠵᠡᠭᠡᠶᠢᠷᠡᠭᠦᠯᠬᠦ᠂ ᠦᠷ᠎ᠡ ᠪᠦᠲᠦᠮᠵᠢ ᠶᠢ ᠡᠮᠬᠢᠯᠡᠬᠦ᠂ ᠳᠤᠲᠠᠭᠤᠳᠠᠯ  ᠢᠶᠠᠨ ᠨᠥᠬᠦᠪᠥᠷᠢᠯᠡᠬᠦ᠂ ᠲᠤᠷᠰᠢᠯᠭ᠎ᠠ ᠪᠠᠨ ᠳ᠋ᠦᠩᠨᠡᠬᠦ ᠶᠠᠪᠤᠴᠠ ᠪᠣᠯᠭᠠᠨ ᠬᠤᠪᠢᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ᠂ ᠬᠦᠴᠢᠷ ᠪᠡᠷᠭᠡ ᠶᠢ  ᠢᠯᠠᠨ ᠳᠠᠪᠠᠭ᠋ᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠭᠡᠷᠡᠭᠳᠡᠢ ᠵᠢᠭᠠᠵᠤ ᠭᠠᠷᠭᠠᠭᠰᠠᠨ ᠪᠠᠶᠢᠨ᠎ᠠ᠃  ᠸᠠᠩ ᠸᠧᠶ ᠬᠤᠩ ᠬᠤᠷᠠᠯ ᠡᠷᠬᠢᠯᠡᠬᠦ ᠶᠠᠷᠢᠶᠠᠨ ᠳᠠᠭᠠᠨ᠂  ᠡᠨᠡ ᠤᠳᠠᠭᠠᠨ ᠤ ᠰᠢᠯᠭᠠᠨ ᠦᠨᠡᠯᠡᠬᠦ ᠠᠵᠢᠯ ᠨᠢ ᠲᠠᠶᠢᠹᠤᠰᠧ ᠬᠤᠰᠢᠭᠤᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠳᠤ ᠮᠠᠰᠢ ᠰᠠᠶᠢᠨ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠨ᠎ᠠ᠂ ᠡᠨᠡ ᠨᠢ ᠪᠢᠳᠡᠨ ᠳᠤ ᠲᠠᠯᠪᠢᠭᠰᠠᠨ ᠱᠠᠭᠠᠷᠳᠠᠯᠭ᠎ᠠ ᠮᠦᠷᠳᠡᠭᠡᠨ ᠵᠣᠷᠢᠭᠵᠢᠭᠤᠯᠤᠯ ᠪᠣᠯᠬᠤ ᠶᠤᠮ᠂ ᠵᠢᠯᠣᠭᠤᠳᠬᠤ ᠳᠤᠭᠤᠶᠢᠯᠠᠩ ᠤᠨ ᠢᠯᠡᠷᠡᠭᠦᠯᠦᠭᠰᠡᠨ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠢ ᠪᠢᠳᠡ ᠦᠨᠡᠨ ᠰᠡᠳᠬᠢᠯ ᠠᠴᠠ ᠪᠠᠨ ᠭᠥᠯᠢᠶᠡᠨ ᠠᠪᠴᠤ᠂ ᠳᠠᠷᠠᠭᠠᠴᠢ ᠶᠢᠨ ᠠᠯᠬᠤᠮ ᠳᠤ ᠠᠰᠠᠭᠤᠳᠠᠯ ᠤᠨ ᠤᠳᠤᠷᠢᠳᠤᠮᠵᠢ ᠶᠢ ᠴᠢᠩᠭᠠᠳᠬᠠᠨ᠂ ᠣᠳᠣᠬᠠᠨ ᠤ ᠡᠯ᠎ᠡ  ᠲᠦᠷᠦᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂  ᠡᠨᠡ ᠤᠳᠠᠭᠠᠨ ᠤ ᠰᠢᠯᠭᠠᠨ ᠦᠨᠡᠯᠡᠯᠳᠡ ᠪᠠᠷ ᠠᠵᠠ ᠲᠣᠬᠢᠶᠠᠯ ᠪᠤᠯᠭᠠᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠲᠡᠭᠡᠭᠰᠢᠯᠡᠬᠦᠯᠵᠦ᠂ ᠣᠳᠣᠬᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ  ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠬᠢᠨᠠᠮᠠᠭᠠᠶ ᠲᠤᠭᠤᠷᠪᠢᠨ᠂ ᠲᠥᠪ ᠴᠢᠩᠭ᠎ᠠ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ  ᠬᠢᠵᠦ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠶ ᠬᠤᠷᠠᠯᠳᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ  ᠬᠠᠮᠳᠤ᠂ ︽ ᠤᠯᠠᠨ ᠲᠦᠮᠡᠨ ᠳᠤ ᠪᠣᠳᠠᠲᠠᠢ ᠠᠵᠢᠯ ᠬᠢᠬᠦ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠤᠯᠠᠨ ᠲᠦᠮᠡᠨ ᠳᠤ ᠪᠣᠳᠠᠲᠠᠢ  ᠠᠵᠢᠯ ᠬᠢᠬᠦ᠂  ᠤᠯᠠᠨ ᠲᠦᠮᠡᠨ ᠤ ᠬᠦᠴᠢᠷ ᠵᠤᠪᠠᠨᠢᠯ ᠢ ᠰᠢᠢᠳᠪᠦᠷᠢᠯᠡᠬᠦ᠂ ᠤᠯᠠᠨ ᠲᠦᠮᠡᠨ ᠳᠤ ᠪᠤᠶᠠᠨ ᠵᠢᠷᠭᠠᠯ ᠡᠳ᠋ᠯᠡᠭᠦᠯᠬᠦ ᠪᠠᠷ ᠬᠦᠴᠦᠯᠡᠨ ᠴᠢᠷᠮᠠᠶᠢᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠵᠢᠯᠣᠭᠤᠳᠬᠤ ᠳᠤᠭᠤᠶᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠤᠷᠪᠤᠰᠯᠠᠨ ᠲᠣᠭᠲᠠᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠳᠤᠷ ᠠᠳᠬᠤᠨ᠂ ᠮᠠᠨ ᠤ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号