ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠤᠷᠢᠶᠠᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2022/1/14
ᠪᠥᠬᠦ ᠬᠤᠰᠢᠭᠤᠨ ᠤ ᠠᠷᠠᠳ ᠢᠷᠭᠡᠳ ᠲᠤᠷ᠄    ᠴᠡᠪᠡᠷ ᠴᠡᠮᠴᠡᠭᠡᠷ᠂ ᠡᠷᠡᠭᠦᠯ ᠪᠤᠯᠪᠠᠰᠤᠨ᠂ ᠡᠮᠬᠢ ᠳᠢᠭᠯᠢᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠮᠵᠢᠯᠳᠠ ᠶᠢ ᠪᠠᠲᠤᠳᠬᠠᠨ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠵᠤ᠂  ᠠᠷᠠᠳ ᠣᠯᠠᠨ ᠢᠶᠠᠷ ᠢᠶᠠᠨ ᠪᠠᠶᠠᠷ ᠵᠢᠷᠭᠠᠯ ᠲᠠᠢ ᠴᠠᠭᠠᠨ ᠰᠠᠷ᠎ᠠ  ᠪᠠᠨ ᠥᠩᠭᠡᠷᠡᠭᠦᠯᠬᠦ ᠶᠢᠨ ᠲᠥᠯᠥᠭᠡ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠴᠠᠭᠠᠨ ᠰᠠᠷ᠎ᠠ ᠪᠠᠨ ᠡᠷᠡᠭᠦᠯ ᠢᠶᠠᠷ ᠥᠩᠭᠡᠷᠡᠭᠦᠯᠬᠦ ᠲᠤᠬᠠᠢ ᠳᠣᠤᠷᠠᠬᠢ ᠤᠷᠢᠶᠠᠯᠠᠭ᠎ᠠ ᠶᠢ ᠲᠤᠷᠠᠳᠰᠤᠭᠠᠢ᠄     ᠨᠢᠭᠡ᠂ ᠤᠯᠤᠰ ᠭᠡᠷ ᠢᠶᠠᠨ ᠬᠠᠶᠢᠷᠠᠯᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠡᠬᠡᠶ᠎ᠡ᠃ ᠡᠷᠡᠭᠦᠯ ᠡᠩᠬᠡ ᠪᠠᠷ ᠤᠯᠤᠰ ᠢᠶᠠᠨ ᠬᠦᠴᠦᠷᠬᠡᠭᠵᠢᠭᠦᠯᠬᠦ ᠣᠶᠢᠯᠠᠭᠠᠭᠳᠠᠬᠤᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠰᠠᠨᠠᠭ᠎ᠠ ᠶᠢ ᠪᠠᠲᠤ ᠪᠠᠬᠢ ᠪᠤᠶ ᠪᠤᠯᠭᠠᠨ᠂  ᠴᠠᠭ ᠢᠮᠠᠭᠳᠠ ᠴᠠᠯᠠᠭᠠᠶᠢᠷᠠᠬᠤ ᠥᠬᠡᠶ᠂  ᠬᠠᠯᠠᠰᠢᠷᠠᠬᠤ ᠥᠬᠡᠶ᠂ ᠰᠤᠯᠠᠷᠠᠬᠤ ᠥᠬᠡᠶ ᠪᠠᠶᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠣᠷᠴᠢᠨ ᠲᠣᠭᠤᠷᠢᠨ ᠤ ᠶᠡᠭᠡ  ᠴᠡᠪᠡᠷᠯᠡᠭᠡ ᠶᠢ ᠯᠠᠪᠳᠠᠭᠤᠨ ᠪᠠᠲᠤᠲᠠᠶ ᠦᠷᠨᠢᠬᠦᠯᠦᠨ᠂ ᠬᠡᠷ ᠬᠦᠷᠢᠶ᠎ᠡ᠂  ᠪᠠᠶᠢᠭᠤᠯᠭ᠎ᠠ ᠨᠢᠭᠡᠴᠡ ᠪᠠ ᠣᠯᠠᠨ ᠨᠡᠶᠢᠲᠡ ᠶᠢᠨ ᠲᠠᠯᠠᠪᠤᠷ  ᠤᠨ ᠣᠷᠴᠢᠨ ᠲᠣᠭᠤᠷᠢᠨ ᠢ ᠴᠡᠪᠡᠷᠰᠢᠬᠦᠯᠵᠦ᠂ ᠴᠡᠴᠡᠷᠯᠢᠭ ᠲᠠᠯᠠᠪᠠᠢ᠂ ᠲᠡᠷᠭᠡᠨ ᠥᠷᠲᠡᠭᠡ᠂ ᠳᠡᠯᠭᠡᠭᠦᠷ ᠬᠤᠳᠠᠯᠳᠤᠭ᠎ᠠ ᠂  ᠬᠤᠭᠤᠯᠠᠨ ᠭᠡᠷ᠂ ᠰᠤᠷᠭᠠᠭᠤᠯᠢ ᠶᠢᠨ ᠬᠦᠷᠢᠶ᠎ᠡ᠂  ᠰᠠᠭᠤᠭᠠᠯᠢ ᠲᠣᠭᠤᠷᠢᠭ ᠵᠡᠷᠭᠡ ᠬᠥᠮᠦᠨ ᠤᠯᠠᠨᠳᠠᠢ ᠭᠠᠵᠠᠷ ᠤᠨ ᠣᠷᠴᠢᠨ ᠲᠣᠭᠤᠷᠢᠨ ᠤ  ᠴᠡᠪᠡᠷᠯᠡᠭᠡ   ᠶᠢ  ᠰᠠᠶᠢᠨ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠶᠢ ᠢᠳᠡᠪᠬᠢᠲᠡᠶ ᠭᠡᠷᠡᠭᠵᠢᠬᠦᠯᠦᠨ᠂ ᠬᠤᠲᠠ  ᠪᠠᠯᠭᠠᠰᠤᠨ ᠤ ᠠᠷᠢᠭᠤᠨ ᠴᠡᠪᠡᠷ᠂  ᠦᠵᠡᠰᠬᠦᠯᠡᠩ ᠭᠤᠶᠣ  ᠦᠩᠭᠡ ᠲᠦᠷᠬᠦ ᠶᠢ ᠪᠠᠳᠤᠯᠠᠬᠤ ᠭᠡᠷᠡᠭᠳᠡᠢ᠃     ᠬᠤᠶᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠵᠦ᠂  ᠦᠪᠡᠷᠦᠨ ᠤᠬᠠᠮᠰᠠᠷ ᠠᠴᠠ ᠪᠠᠨ ᠬᠠᠮᠵᠢᠯᠴᠠᠵᠠᠭᠠᠶ᠎ᠠ  ᠃ ᠡᠬᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ︾ ᠶᠢᠨ ᠣᠶᠢᠯᠠᠭᠠᠭᠳᠠᠬᠤᠨ ᠢ ᠪᠤᠶ ᠪᠣᠯᠭᠠᠵᠤ᠂ ᠡᠵᠡᠨ ᠬᠥᠮᠦᠨ ᠤ ᠤᠬᠠᠮᠰᠠᠷ ᠢᠶᠠᠨ ᠴᠢᠩᠭᠠᠳᠬᠠᠨ᠂ ᠮᠠᠨ ᠤ ᠬᠤᠰᠢᠭᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮ ᠲᠤᠭᠳᠠᠭᠠᠯ ᠪᠠ ᠱᠠᠭᠠᠷᠳᠠᠯᠭ᠎ᠠ ᠪᠠᠷᠢᠮᠵᠢᠶ᠎ᠠ ᠶᠢ ᠢᠳᠡᠪᠬᠢᠲᠡᠶ ᠵᠢᠷᠤᠮᠯᠠᠵᠤ᠂ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠬᠦᠬᠦ  ᠂  ᠺᠤᠳ᠋ ᠰᠢᠷᠪᠢᠬᠦ᠂ ᠬᠠᠯᠠᠭᠤᠨ ᠢ ᠬᠡᠮᠵᠢᠬᠦ᠂  ᠮᠡᠳᠡᠭᠡ ᠵᠠᠩᠭᠢ ᠪᠠᠨ ᠲᠠᠩᠰᠠᠯᠠᠭᠤᠯᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠲᠦᠷᠢᠮ ᠢ ᠢᠳᠡᠪᠬᠢᠳᠡᠢ ᠬᠠᠮᠵᠢᠯᠴᠠᠨ ᠨᠠᠶᠢᠳᠠᠪᠤᠷᠢᠵᠢᠭᠤᠯᠬᠤ ᠭᠡᠷᠡᠭᠳᠡᠢ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂  ᠠᠮᠠ ᠬᠠᠮᠠᠷ ᠤᠨ ᠰᠡᠷᠡᠯ ᠮᠠᠭᠤᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ᠂  ᠲᠠᠷᠤᠶᠢᠬᠠᠨ ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠨ᠎ᠡ᠃     ᠭᠤᠷᠪᠠ᠂  ᠬᠠᠮᠳᠤ ᠤᠯᠠᠨ ᠢᠶᠠᠷ ᠢᠶᠠᠨ ᠰᠡᠷᠭᠡᠶᠢᠯᠡᠨ ᠡᠵᠡᠮᠳᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠡᠭᠡᠶ᠎ᠡ  ᠃ ᠡᠷᠡᠭᠦᠯ ᠬᠠᠮᠠᠭᠠᠯᠠᠯ ᠪᠠ ᠬᠢᠵᠢᠭ ᠰᠡᠷᠭᠡᠶᠢᠯᠡᠯᠲᠡ ᠶᠢᠨ ᠮᠡᠳᠡᠯᠭᠡ ᠶᠢ ᠢᠳᠡᠪᠬᠢᠲᠡᠶ ᠰᠤᠷᠤᠯᠴᠠᠵᠤ᠂ ︽ᠪᠣᠯᠪᠠᠰᠤᠨ ᠡᠷᠡᠭᠦᠯ  ᠂ ᠪᠣᠬᠢᠷᠲᠤᠯ ᠥᠬᠡᠶ ᠰᠠᠶᠢᠬᠠᠨ︾ ᠠᠮᠢᠳᠤᠷᠠᠯ ᠤᠨ ᠠᠷᠭ᠎ᠠ ᠮᠠᠶ᠋ᠢᠭ ᠢ  ᠦᠢᠯᠡᠳᠦᠯᠭᠡᠵᠢᠬᠦᠯᠬᠦ ᠭᠡᠷᠡᠭᠳᠡᠢ᠃ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠭ᠎ᠠ ᠨᠢᠭᠡᠴᠡ ᠨᠢ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂  ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠬᠦ ᠶᠢᠨ ᠬᠠᠮᠳᠤ᠂  ᠲᠠᠭᠠᠭᠤᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ᠂ ᠪᠣᠯᠪᠠᠰᠤᠨ ᠡᠷᠡᠭᠦᠯ᠂ ᠪᠣᠬᠢᠷᠲᠤᠯ ᠦᠭᠡᠢ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠦᠯᠢᠬᠡᠷ ᠳᠠᠭᠤᠷᠢᠶᠠᠯ ᠪᠣᠯᠬᠤ ᠬᠡᠷᠡᠭᠲᠡᠢ᠃     ᠳᠥᠷᠪᠡ᠂ ᠡᠷᠡᠭᠦᠯ ᠡᠩᠭᠡ ᠠᠮᠢᠳᠤᠷᠠᠵᠤ᠂ ᠠᠮᠤᠷ ᠠᠮᠤᠭᠤᠯᠠᠩ ᠢ ᠪᠠᠳᠤᠯᠠᠵᠠᠭᠠᠶ᠎ᠠ᠃ ᠬᠥᠮᠦᠨ ᠪᠦᠬᠦᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠬᠦᠷᠭᠡ ᠪᠠᠨ ᠬᠦᠢᠴᠡᠳᠭᠡᠵᠦ᠂ ᠡᠷᠡᠭᠦᠯ ᠬᠠᠮᠠᠭᠠᠯᠠᠯ ᠤᠨ ᠮᠡᠳᠡᠯᠭᠡ ᠶᠢ  ᠰᠤᠷᠤᠯᠴᠠᠨ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠢᠳᠡᠭᠡᠨ ᠤᠮᠳᠠᠭᠠᠨ ᠢᠶᠠᠨ ᠵᠤᠬᠢᠴᠠᠭᠤᠯᠬᠤ᠂ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ᠂ ᠠᠷᠢᠬᠢ ᠲᠠᠮᠠᠬᠢ ᠶᠢ ᠴᠡᠭᠡᠷᠯᠡᠬᠦ᠂ ᠰᠡᠳᠬᠢᠴᠡ ᠪᠠᠨ  ᠲᠡᠩᠴᠡᠬᠦᠯᠵᠦ ᠵᠠᠰᠠᠬᠤ ᠵᠢᠴᠢ ᠠᠮᠠᠪᠴᠢ ᠵᠡᠭᠦᠬᠦ᠂ ᠭᠠᠷ ᠤᠬᠢᠶᠠᠬᠤ᠂ ᠰᠠᠯᠬᠢ ᠨᠡᠪᠲᠡᠷᠡᠭᠦᠯᠬᠦ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠰᠠᠶᠢᠨ ᠳᠠᠳᠬᠠᠯ ᠲᠠᠢ ᠪᠤᠯᠵᠠᠭᠠᠵᠤ᠂ ᠪᠣᠯᠪᠠᠰᠤᠨ ᠢ ᠡᠷᠬᠢᠮᠯᠡᠬᠦ᠂ ᠡᠷᠡᠭᠦᠯ ᠬᠠᠮᠠᠭᠠᠯᠠᠯ ᠢ ᠡᠷᠬᠢᠮᠯᠡᠬᠦ᠂ ᠡᠪᠡᠳᠴᠢᠨ ᠡᠮᠭᠡᠭ ᠢ ᠰᠡᠷᠭᠡᠶᠢᠯᠡᠬᠦ ᠰᠢᠯᠢᠳᠡᠭ ᠰᠠᠶᠢᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠶ᠃     ᠪᠢᠳᠡ ᠢᠳᠡᠪᠬᠢᠲᠡᠢ ᠬᠦᠳᠡᠯᠦᠯᠴᠡᠨ᠂  ᠪᠡᠶ᠎ᠡ ᠠᠴᠠ ᠪᠠᠨ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠡᠷᠡᠭᠦᠯ ᠡᠩᠬᠡ ᠣᠷᠴᠢᠨ ᠲᠣᠭᠤᠷᠢᠨ ᠢ ᠬᠠᠮᠲᠤᠪᠠᠷ ᠪᠠᠶᠢᠭᠤᠯᠤᠨ᠂ ᠡᠷᠡᠭᠦᠯ ᠡᠩᠬᠡ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠬᠠᠮᠲᠤᠪᠠᠷ ᠦᠩᠭᠡᠷᠡᠭᠡᠰᠦᠭᠡᠢ︕     ᠪᠥᠬᠦ ᠬᠤᠰᠢᠭᠤᠨ ᠤ ᠠᠷᠠᠳ ᠲᠦᠮᠡᠨ ᠳᠡᠭᠡᠨ ᠠᠵᠠ ᠵᠢᠷᠭᠠᠯ ᠠᠮᠤᠷ ᠠᠮᠤᠭᠤᠯᠠᠩ ᠬᠦᠰᠡᠵᠦ ᠪᠠᠶᠢᠨ᠎ᠠ︕                         ᠲᠠᠶᠢᠹᠤᠰᠧ ᠬᠤᠰᠢᠭᠤᠨ ᠤ ᠡᠬᠡ ᠤᠷᠤᠨᠴᠢ ᠡᠷᠡᠭᠦᠯ ᠬᠠᠮᠠᠭᠠᠯᠠᠯ ᠤᠨ                     ᠬᠥᠳᠡᠯᠭᠡᠭᠡᠨ ᠤ ᠵᠥᠪᠯᠡᠯ ᠤᠨ ᠠᠯᠪᠠᠨ ᠬᠡᠷ                                                                                    2022 ᠣᠨ ᠤ 1 ᠰᠠᠷ᠎ᠠ ᠶᠢᠨ 13 ᠤ ᠡᠳᠦᠷ
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号