ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ︵69 ᠲᠣᠭᠠᠲᠤ︶
ᠨᠡᠶᠢᠲᠡᠯᠡᠭᠰᠡᠨ ᠴᠠᠭ᠄
2022/1/14
ᠣᠶᠢᠷ᠎ᠠ ᠶᠢᠨ ᠬᠤᠭᠤᠴᠠᠭᠠᠨ ᠳᠤ᠂ ᠲᠢᠶᠠᠨᠵᠢᠨ᠂ ᠾᠧᠨᠠᠨ ᠵᠡᠷᠭᠡ ᠣᠯᠠᠨ ᠭᠠᠵᠠᠷ ᠲᠤ ᠬᠢᠵᠢᠭ ᠤᠨ ᠪᠠᠶᠢᠳᠠᠯ ᠡᠭᠦᠰᠴᠦ᠂ ᠭᠠᠳᠠᠭᠰᠢ ᠲᠠᠷᠬᠠᠬᠤ ᠲᠦᠭᠰᠢᠭᠦᠷᠢ ᠨᠡᠯᠢᠶᠡᠳ ᠶᠡᠭᠡ ᠣᠷᠣᠰᠢᠵᠤ ᠪᠠᠶᠢᠭ᠎ᠠ ᠲᠡᠭᠡᠷ᠎ᠡ ᠴᠠᠭᠠᠨ ᠰᠠᠷ᠎ᠠ ᠣᠶᠢᠷᠠᠳᠴᠤ᠂  ᠢᠷᠡᠵᠦ ᠶᠠᠪᠤᠬᠤ ᠬᠦᠮᠦᠨ ᠤ ᠲᠤᠭ᠎ᠠ ᠨᠡᠮᠡᠭᠳᠡᠭᠡᠳ᠂ ᠬᠢᠵᠢᠭ ᠤᠨ ᠪᠠᠶᠢᠳᠠᠯ ᠲᠦᠢᠯ ᠤᠨ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ︽ᠭᠠᠳᠠᠨ᠎ᠠ ᠠᠴᠠ ᠣᠷᠣᠬᠤ ᠶᠢ ᠰᠡᠷᠭᠡᠶᠢᠯᠡᠵᠦ᠂  ᠲᠤᠳᠤᠷ᠎ᠠ ᠪᠠᠨ ᠲᠡᠯᠬᠡᠷᠡᠬᠦ ᠶᠢ ᠰᠡᠷᠭᠡᠶᠢᠯᠡᠬᠦ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠡᠨᠬᠦ  ᠰᠠᠶᠢᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠵᠦ ᠪᠠᠶᠢᠨᠠᠮ᠄    ᠨᠢᠭᠡ᠂ ︽ᠴᠢᠬᠤᠯᠠ ᠥᠬᠡᠶ ᠪᠣᠯ ᠨᠤᠲᠤᠭ ᠲᠠᠭᠠᠨ ᠪᠤᠴᠠᠬᠤ ᠥᠬᠡᠶ︾ ᠪᠠᠶᠢᠬᠤ ᠶᠢ ᠤᠷᠢᠶᠠᠯᠠᠨ᠎ᠠ᠃ ᠬᠢᠵᠢᠭ ᠤᠨ ᠪᠠᠶᠢᠳᠠᠯ ᠡᠭᠦᠰᠦᠭᠰᠡᠨ ᠭᠠᠵᠠᠷ ᠤᠷᠤᠨ ᠳᠤ ᠠᠵᠢᠯᠯᠠᠵᠤ᠂ ᠠᠮᠢᠳᠤᠷᠠᠵᠤ᠂ ᠰᠤᠷᠤᠯᠴᠠᠵᠤ ᠪᠠᠶᠢᠭ᠎ᠠ ᠲᠠᠶᠢᠹᠤᠰᠧ ᠬᠤᠰᠢᠭᠤᠨ ᠤ ᠬᠥᠮᠦᠰ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠣᠯᠤᠨ ᠨᠢ ᠲᠠᠶᠢᠹᠤᠰᠧ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠤᠷᠢᠶᠠᠯᠠᠭ᠎ᠠ ᠶᠢ ᠳᠠᠭᠠᠵᠤ᠂ ᠠᠯᠢ ᠴᠢᠳᠠᠬᠤ ᠪᠠᠷ ᠲᠤᠬᠠᠶ ᠶᠢᠨ ᠭᠠᠵᠠᠷ ᠲᠠᠭᠠᠨ ᠰᠢᠨᠡᠯᠡᠨ᠂ ᠠᠶᠠᠨ ᠵᠠᠮ ᠤᠨ ᠬᠠᠯᠳᠠᠪᠤᠷᠢᠯᠠᠯ ᠤᠨ ᠲᠦᠭᠰᠢᠭᠦᠷᠢ ᠶᠢ ᠪᠠᠭᠠᠰᠬᠠᠬᠤ ᠶᠢᠨ ᠬᠠᠮᠲᠤ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃  ᠦᠨᠦᠳᠦᠷ ᠠᠴᠠ ᠡᠬᠢᠯᠡᠭᠡᠳ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ  ᠤᠷᠤᠨ ᠠᠴᠠ ᠢᠷᠡᠭᠰᠡᠳ ᠡᠷᠬᠡᠪᠰᠢ ᠰᠠᠭᠤᠭ᠎ᠠ ᠭᠠᠵᠠᠷ ᠤᠨ  ᠢᠶᠠᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠲᠠᠷᠤᠶᠢᠬᠠᠨ ᠮᠡᠳᠡᠭᠦᠯᠵᠦ᠂ ᠲᠥᠪᠯᠡᠷᠡᠭᠦᠯᠦᠨ ᠲᠤᠰᠠᠭᠠᠷᠯᠠᠬᠤ  ᠱᠠᠭᠠᠷᠳᠠᠯᠭ᠎ᠠ ᠶᠢ ᠪᠡᠶᠡᠯᠡᠬᠦᠯᠬᠦ ᠭᠡᠷᠡᠭᠳᠡᠢ᠂ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠦᠪᠡᠷᠳᠡᠭᠡᠨ ᠬᠠᠷᠢᠭᠤᠴᠠᠨ᠎ᠠ᠃    ᠬᠤᠶᠠᠷ᠂ ︽ᠴᠢᠬᠤᠯᠠ  ᠦᠬᠡᠢ ᠪᠤᠯ ᠬᠤᠰᠢᠭᠤᠨ ᠠᠴᠠ ᠭᠠᠷᠬᠤ ᠥᠬᠡᠶ︾ ᠪᠠᠶᠢᠬᠤ ᠶᠢ ᠤᠷᠢᠶᠠᠯᠠᠨ᠎ᠠ᠃  ᠡᠯ᠎ᠡ ᠰᠤᠮᠤ ᠰᠢᠶᠠᠩ ᠪᠠᠯᠭᠠᠰᠤ᠂  ᠡᠯ᠎ᠡ ᠪᠠᠶᠢᠭᠤᠯᠭ᠎ᠠ ᠨᠢᠭᠡᠴᠡ ᠪᠠ ᠠᠵᠤ ᠠᠬᠤᠶᠢᠯᠠᠯ ᠤᠨ ᠺᠠᠳ᠋ᠷ ᠠᠵᠢᠯᠳᠠᠨ ᠨᠢᠬᠡᠪᠦᠷᠢ  ᠲᠤᠰ ᠬᠤᠰᠢᠭᠤᠨ ᠳᠠᠭᠠᠨ ᠰᠢᠨᠡᠯᠡᠬᠦ ᠪᠠᠷ ᠴᠢᠷᠮᠠᠶᠢᠨ᠎ᠠ᠃ ᠵᠠᠷᠴᠢᠮ ᠳᠡᠭᠡᠷ᠎ᠡ ᠪᠠᠨ ᠭᠠᠳᠠᠭᠰᠢ ᠭᠠᠷᠬᠤ   ᠶᠢ ᠬᠤᠷᠢᠭᠯᠠᠵᠤ ᠂  ᠵᠠᠪᠠᠯ ᠭᠠᠷᠬᠤ ᠴᠢᠬᠤᠯᠠᠳᠠᠢ ᠪᠣᠯ ᠪᠠᠶᠢᠭᠤᠯᠭ᠎ᠠ ᠨᠢᠭᠡᠴᠡ ᠠᠴᠠ ᠨᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠨᠢᠬᠡᠪᠦᠷᠢ ᠴᠤ ᠴᠢᠬᠤᠯᠠ ᠥᠬᠡᠶ ᠪᠤᠯ ᠭᠠᠳᠠᠭᠰᠢ ᠭᠠᠷᠬᠤ   ᠪᠠᠨ ᠪᠠᠭᠠᠰᠬᠠᠨ᠂  ᠲᠠᠶᠢᠹᠤᠰᠧ ᠬᠤᠰᠢᠭᠤᠨ ᠳᠠᠭᠠᠨ ᠰᠢᠨᠡᠯᠡᠵᠦ᠂  ᠢᠯᠠᠩᠭᠤᠶ᠎ᠠ ᠴᠢᠳᠠᠬᠤ ᠶᠢᠨ ᠳᠣᠲᠣᠷ᠎ᠠ ᠭᠠᠳᠠᠭᠠᠳᠤ ᠳᠤ ᠭᠠᠷᠬᠤ ᠥᠬᠡᠶ  ᠂ ᠳᠤᠮᠳᠠ ᠦᠨᠳᠦᠷ ᠲᠡᠰ ᠤᠨ ᠲᠦᠭᠰᠢᠬᠦᠷᠢᠳᠦ ᠣᠷᠣᠨ ᠳᠤ ᠣᠴᠢᠬᠤ ᠦᠬᠡᠢ ᠪᠠᠶᠢᠬᠤ ᠬᠡᠷᠡᠭᠲᠡᠶ  ᠃ ᠵᠠᠪᠠᠯ ᠭᠠᠷᠬᠤ ᠴᠢᠬᠤᠯᠠᠳᠠᠢ ᠪᠣᠯ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠦᠨ ᠳᠠᠩᠰᠠᠯᠠᠭᠤᠯᠵᠤ᠂ ᠭᠠᠳᠠᠭᠰᠢ ᠭᠠᠷᠬᠤ ᠪᠥᠬᠦ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠤᠰᠢᠭᠤᠨ ᠳᠠᠭᠠᠨ ᠪᠤᠴᠠᠭᠰᠠᠨ ᠤ ᠳᠠᠷᠠᠭ᠎ᠠ ᠪᠦᠬᠦᠶᠢᠯᠡ  ᠪᠠᠶᠢᠳᠠᠯ ᠢᠶᠠᠨ ᠲᠠᠷᠤᠶᠢᠬᠠᠨ ᠮᠡᠳᠡᠭᠦᠯᠬᠦ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠬᠠᠮᠢᠶᠠᠷᠤᠯᠲᠠ ᠶᠢᠨ ᠠᠵᠢᠯ ᠳᠤ ᠤᠬᠠᠮᠰᠠᠷ ᠠᠴᠠ ᠪᠠᠨ ᠬᠠᠮᠵᠢᠯᠴᠠᠬᠤ ᠬᠡᠷᠡᠭᠲᠡᠶ᠃    ᠭᠤᠷᠪᠠ᠂ ᠬᠤᠪᠢ ᠬᠥᠮᠦᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃  ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠪᠠᠶᠢᠩᠭᠤ ᠠᠩᠬᠠᠷᠴᠤ᠂  ᠬᠠᠤᠯᠢ ᠪᠠᠷ ᠲᠤᠭᠳᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠬᠦ ᠬᠡᠷᠡᠭᠲᠡᠶ  ᠃ ᠬᠡᠷᠪᠡ ᠬᠠᠷᠭᠤᠭᠤᠯᠤᠨ ᠪᠠᠶᠢᠴᠠᠭᠠᠬᠤ ᠬᠠᠮᠢᠶ᠎ᠠ ᠪᠥᠬᠦᠶ ᠮᠡᠳᠡᠭᠳᠡᠯ ᠢ ᠣᠯᠪᠠᠯ᠂ ᠲᠣᠰ ᠬᠥᠮᠦᠨ ᠬᠢᠭᠡᠳ ᠬᠠᠮᠲᠤ ᠰᠠᠭᠤᠭ᠎ᠠ ᠬᠥᠮᠦᠰ ᠨᠢ ᠪᠦᠷ ᠭᠠᠳᠠᠭᠰᠢ ᠭᠠᠷᠬᠤ ᠥᠬᠡᠶ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠠᠭᠤᠯᠵᠠᠬᠤ ᠥᠬᠡᠶ᠂ ᠲᠦᠷᠭᠡᠨ ᠬᠦᠷᠭᠡᠯᠲᠡ ᠶᠢ ᠲᠤᠰᠴᠤ ᠠᠪᠬᠤ ᠪᠤᠶᠤ ᠢᠯᠡᠭᠡᠵᠦ ᠭᠤᠶᠢᠪᠢᠭᠤᠯᠬᠤ ᠥᠬᠡᠶ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ  ᠲᠦᠷᠢᠮ ᠢ ᠬᠠᠮᠵᠢᠯᠴᠠᠨ ᠬᠡᠷᠡᠭᠵᠢᠭᠦᠯᠬᠦ ᠬᠡᠷᠡᠭᠲᠡᠶ᠃  ᠪᠠᠶᠢᠳᠠᠯ ᠢᠶᠠᠨ ᠨᠢᠭᠤᠵᠤ ᠲᠠᠷᠤᠬᠤ᠂ ᠬᠤᠳᠠᠯ ᠬᠠᠭᠤᠷᠮᠠᠭ ᠢᠶᠠᠷ ᠮᠡᠳᠡᠬᠦᠯᠬᠦ ᠪᠤᠶᠤ  ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠥᠬᠡᠶ ᠠᠴᠠ ᠪᠣᠯᠵᠣ᠂ ᠬᠢᠵᠢᠭ ᠤᠨ ᠲᠦᠭᠰᠢᠭᠦᠷᠢ ᠡᠬᠦᠰᠭᠡᠬᠦ ᠪᠤᠶᠤ ᠪᠤᠰᠤᠳ ᠵᠦᠢᠯ  ᠤᠨ ᠬᠦᠨᠳᠦ ᠨᠣᠴᠢᠲᠠᠶ ᠦᠷ᠎ᠡ ᠨᠦᠯᠦᠭᠡ ᠭᠠᠷᠭᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠲᠦᠷᠢᠮ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠬᠦ ᠪᠠ ᠵᠠᠯᠬᠠᠭᠠᠨ ᠰᠢᠳᠬᠡᠵᠦ᠂  ᠦᠢᠯᠡ  ᠪᠠᠶᠢᠳᠠᠯ ᠨᠢ ᠬᠦᠨᠳᠦ ᠨᠣᠴᠢᠲᠠᠶ ᠪᠤᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                                  ᠲᠠᠶᠢᠹᠤᠰᠧ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ           2022 ᠣᠨ ᠤ 1 ᠰᠠᠷ᠎ᠠ ᠶᠢᠨ 12 ᠤᠨ ᠡᠳᠦᠷ  
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号