ᠠᠶᠢᠮᠠᠭ ᠤᠨ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠬᠢᠨᠠᠨ ᠰᠢᠯᠭᠠᠬᠤ ᠳᠤᠭᠤᠶᠢᠯᠠᠩ ᠲᠠᠶᠢᠹᠤᠰᠧ ᠬᠤᠰᠢᠭᠤᠨ ᠤ ᠠᠵᠢᠯ ᠢ ᠬᠢᠨᠠᠨ ᠰᠢᠯᠭᠠᠭᠰᠠᠨ
ᠨᠡᠶᠢᠲᠡᠯᠡᠭᠰᠡᠨ ᠴᠠᠭ᠄
2022/1/15
1 ᠰᠠᠷ᠎ᠠ ᠶᠢᠨ 13 ᠤ ᠡᠳᠦᠷ᠂  ᠲᠠᠶᠢᠹᠤᠰᠧ ᠬᠤᠰᠢᠭᠤ ᠠᠶᠢᠮᠠᠭ ᠤᠨ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠬᠢᠨᠠᠨ ᠰᠢᠯᠭᠠᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠬᠢᠵᠦ᠂ ᠪᠥᠬᠦ ᠬᠤᠰᠢᠭᠤᠨ ᠤ 2021 ᠣᠨ ᠤ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠲᠤᠰᠬᠠᠶ ᠰᠡᠳᠦᠪ ᠢᠶᠠᠷ ᠬᠠᠷᠢᠭᠤ ᠮᠡᠳᠡᠭᠦᠯᠪᠡ᠃ ᠬᠤᠷᠠᠯ ᠳᠡᠭᠡᠷ᠎ᠡ᠂ ᠳᠡᠳ᠋ ᠬᠤᠰᠢᠭᠤ ᠳᠠᠷᠤᠭ᠎ᠠ ᠭᠦᠸᠧ ᠢᠦᠶ ᠺᠦᠨ ᠢᠯᠡᠷᠬᠡᠶᠢᠯᠡᠬᠦ ᠳᠡᠭᠡᠨ᠂ 2021 ᠣᠨ ᠳᠤ ᠬᠤᠰᠢᠭᠤ ᠳᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂  ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠠᠮᠢ ᠨᠠᠰᠤ ᠶᠢ ᠡᠷᠬᠢᠮᠨᠡᠨ ᠳᠡᠭᠡᠳᠦᠯᠡᠬᠦ︾ ᠠᠶᠤᠯᠭᠦᠶ ᠦᠢᠯᠡᠳᠪᠦᠷᠢᠯᠡᠯ ᠤᠨ ᠶᠡᠷᠦᠩᠬᠡᠶ ᠰᠡᠳᠬᠢᠴᠡ ᠶᠢᠨ ᠲᠣᠭᠤᠷᠢᠨ ᠳᠤ᠂ ᠠᠶᠤᠯᠭᠦᠶ ᠦᠢᠯᠡᠳᠪᠦᠷᠢᠯᠡᠯ ᠪᠠ ᠭᠠᠯ ᠰᠡᠷᠭᠡᠶᠢᠯᠡᠬᠦ ᠠᠵᠢᠯ ᠤᠨ ᠡᠷᠴᠢᠮ  ᠢ ᠲᠠᠰᠤᠷᠠᠯᠲᠠ ᠥᠬᠡᠶ ᠴᠢᠩᠭᠠᠷᠠᠭᠤᠯᠤᠭᠰᠠᠨ ᠢᠶᠠᠷ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ᠂ ᠬᠠᠮᠲᠤ ᠪᠠᠷ  ᠴᠢᠨᠡᠭᠡᠯᠢᠭᠵᠢᠭᠰᠡᠨ ᠲᠠᠶᠢᠹᠤᠰᠧ ᠬᠤᠰᠢᠭᠤ ᠶᠢ  ᠪᠠᠶᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠭᠰᠠᠨ ᠪᠠᠶᠢᠨ᠎ᠠ ᠭᠡᠪᠡ᠃ ᠬᠢᠨᠠᠨ ᠰᠢᠯᠭᠠᠬᠤ ᠳᠤᠭᠤᠶᠢᠯᠠᠩ ᠠᠴᠠ ᠱᠠᠭᠠᠷᠳᠠᠬᠤ ᠳᠠᠭᠠᠨ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠬᠢᠨᠠᠨ ᠰᠢᠯᠭᠠᠬᠤ ᠭᠤᠣᠯᠳᠠᠯᠭ᠎ᠠ ᠶᠢ ᠲᠤᠪᠤᠶᠢᠯᠭᠠᠵᠦ᠂ ᠠᠶᠤᠯᠭᠦᠢ ᠦᠢᠯᠡᠳᠪᠦᠷᠢᠯᠡᠯ ᠤᠨ ᠨᠠᠶᠢᠳᠠᠪᠤᠷᠢᠵᠢᠭᠤᠯᠤᠯᠲᠠ ᠵᠡᠷᠭᠡ ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠴᠠᠷᠠᠭ᠎ᠠ ᠬᠦᠷᠢᠶ᠎ᠡ᠂ ᠭᠤᠣᠯᠳᠠᠯᠭ᠎ᠠ ᠲᠠᠢ ᠠᠰᠠᠭᠤᠳᠠᠯ ᠢ ᠰᠠᠶᠢᠳᠤᠷ ᠠᠩᠬᠠᠷᠤᠨ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠂ ᠬᠢᠨᠠᠨ ᠰᠢᠯᠭᠠᠬᠤ ᠳᠤᠭᠤᠶᠢᠯᠠᠩ ᠤᠨ ᠠᠵᠢᠯ ᠳᠤ ᠢᠳᠡᠪᠬᠢᠳᠡᠢ ᠬᠠᠮᠵᠢᠯᠴᠠᠵᠤ᠂ ᠡᠯ᠎ᠡ ᠲᠦᠷᠦᠯ ᠤᠨ ᠬᠠᠷᠠᠯᠲᠠ ᠡᠭᠦᠷᠭᠡ ᠶᠢᠨ ᠤᠷᠤᠭᠰᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ  ᠃ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠲᠦᠷᠦᠯ ᠤᠨ ᠲᠦᠭᠰᠢᠭᠦᠷᠢ ᠪᠠ ᠥᠷᠢᠰᠥᠯᠳᠦᠭᠡᠨ ᠢ  ᠨᠠᠷᠢᠯᠢᠭ ᠤᠨᠤᠪᠴᠢᠳᠠᠢ ᠰᠤᠳᠤᠯᠤᠨ ᠮᠠᠭᠠᠳᠯᠠᠵᠤ᠂ ᠰᠡᠷᠭᠡᠶᠢᠯᠡᠬᠦ ᠠᠷᠭ᠎ᠠ ᠠᠪᠴᠢᠯ ᠢ ᠤᠷᠢᠳᠴᠢᠯᠠᠨ ᠪᠠᠶᠢᠷᠢᠯᠠᠭᠤᠯᠵᠤ ᠂ ᠪᠦᠬᠦ ᠬᠦᠴᠦᠨ ᠢᠶᠠᠷ ᠠᠳᠬᠤᠵᠤ ᠨᠠᠶᠢᠳᠠᠪᠤᠷᠢᠵᠢᠭᠤᠯᠤᠨ᠂ ᠪᠦᠬᠦ ᠠᠶᠢᠮᠠᠭ ᠤᠨ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠤᠨ ᠲᠠᠷᠠᠭ᠎ᠠ᠂ ᠬᠢᠨᠠᠨ ᠰᠢᠯᠭᠠᠬᠤ ᠳᠤᠭᠤᠶᠢᠯᠠᠩ ᠤᠨ ᠬᠢᠨ ᠬᠡᠰᠡᠭ ᠰᠢᠶᠠᠩ ᠪᠠᠯᠭᠠᠰᠤ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠩᠰᠠ ᠮᠠᠲ᠋ᠧᠷᠢᠶᠠᠯ ᠵᠡᠷᠭᠡ ᠶᠢ ᠪᠠᠶᠢᠴᠠᠭᠠᠨ ᠦᠵᠡᠬᠦ ᠶᠢᠨ ᠬᠠᠮᠲᠤ ᠲᠤᠬᠠᠢ ᠶᠢᠨ ᠭᠠᠵᠠᠷ ᠲᠤᠨᠢ ᠵᠢᠭᠠᠨ ᠵᠢᠯᠣᠭᠤᠳᠴᠤ᠂ ᠲᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠪᠣᠯᠤᠨ ᠭᠠᠯ ᠰᠡᠷᠭᠡᠶᠢᠯᠡᠬᠦ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号