ᠲᠠᠶᠢᠹᠤᠰᠧ ᠬᠤᠰᠢᠭᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠭ᠎ᠠ ᠲᠠᠶᠢᠯᠤᠮᠵᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2022/1/15
ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠢᠯᠤᠭᠤᠳᠤᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ  ᠶᠢ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠬᠦ  ᠶᠢᠨ ᠲᠤᠰᠠᠳᠠ᠂ 1 ᠰᠠᠷ᠎ᠠ ᠶᠢᠨ 14 ᠤ ᠡᠳᠦᠷ ᠲᠠᠶᠢᠹᠤᠰᠧ ᠬᠤᠰᠢᠭᠤᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠦᠯᠬᠦᠮ ᠨᠢ ᠲᠤᠰᠪᠤᠷᠢ ᠴᠢᠶᠠᠨ ᠶᠢᠨ ᠭᠸᠤ ᠪᠠᠯᠭᠠᠰᠤ ᠂  ᠵᠢᠶᠠᠨ ᠰᠢᠩ ᠨᠡᠶᠢᠭᠡᠮ ᠲᠣᠭᠤᠷᠢᠭ᠂ ᠰᠢᠭᠦᠬᠦ ᠬᠤᠷᠢᠶ᠎ᠠ ᠳᠤ ᠬᠦᠨᠵᠡᠬᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠴᠢᠶᠠᠨ ᠶᠢᠨ ᠭᠸᠦ ᠪᠠᠯᠭᠠᠰᠤᠨ ᠳᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠰᠢᠩ ᠾᠧ ᠠᠴᠠ ᠵᠢᠷᠭᠤᠳᠤᠭᠠᠷ ᠪᠦᠬᠦᠳᠡ ᠬᠤᠷᠠᠯ ᠤᠨ ᠠᠴᠢ ᠬᠤᠯᠪᠣᠭᠳᠠᠯ᠂ ᠨᠠᠮ ᠤᠨ ᠵᠠᠭᠤᠨ ᠵᠢᠯ ᠤᠨ ᠲᠡᠮᠡᠴᠡᠯ ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠴᠢᠬᠤᠯᠠ ᠶᠡᠭᠡ ᠠᠮᠵᠢᠯᠲᠠ ᠪᠦᠲᠦᠮᠵᠢ ᠶᠢ ᠬᠦᠨᠵᠡᠬᠡᠢ ᠤᠶᠢᠯᠠᠭᠠᠬᠤ᠂ ᠰᠢᠨ᠎ᠡ ᠴᠠᠭ ᠦᠶ᠎ᠡ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢᠰᠤᠯᠲᠠ ᠶᠢ ᠭᠦᠨᠵᠡᠭᠡᠢ ᠡᠵᠡᠮᠳᠡᠬᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠣᠯᠤᠨ ᠲᠡᠦᠭᠡᠨ ᠲᠤᠷᠰᠢᠯᠭ᠎ᠠ ᠶᠢ ᠭᠦᠨᠵᠡᠭᠡᠢ ᠲᠠᠨᠢᠬᠤ᠂ ᠤᠬ ᠰᠠᠨᠠᠭ᠎ᠠ ᠪᠠᠨ ᠦᠯᠦ ᠮᠠᠷᠳᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠵᠡᠷᠭᠡ ᠬᠡᠳᠦᠨ ᠲᠠᠯ᠎ᠠ ᠶᠢᠨ ᠲᠤᠭᠤᠷᠢᠨ ᠳᠤ᠂  ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠪᠦᠬᠡᠳ ᠭᠦᠨᠵᠡᠭᠡᠢ ᠲᠠᠶᠢᠯᠪᠤᠷᠢᠯᠠᠵᠤ᠂ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠠᠵᠢᠯᠳᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠭᠦᠨᠵᠡᠭᠡᠢ ᠣᠶᠢᠯᠠᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠵᠠᠭᠤᠨ ᠵᠢᠯ ᠤᠨ ᠲᠡᠦᠬᠡ ᠠᠴᠠ ᠤᠶᠤᠨ ᠰᠠᠨᠠᠭᠠᠨ ᠤ ᠬᠦᠴᠦᠨ ᠢ ᠲᠠᠰᠤᠷᠠᠯᠲᠠ ᠦᠭᠡᠢ ᠰᠢᠩᠭᠡᠭᠡᠨ ᠠᠪᠬᠤ ᠳᠤ ᠵᠢᠯᠤᠭᠤᠳᠤᠯᠭ᠎ᠠ ᠬᠠᠩᠭᠠᠵᠠᠢ᠃  ᠰᠢᠭᠦᠬᠦ ᠬᠤᠷᠢᠶ᠎ᠠ ᠪᠣᠯᠤᠨ ᠵᠢᠶᠠᠨ ᠰᠢᠩ ᠨᠡᠶᠢᠭᠡᠮ ᠲᠣᠭᠤᠷᠢᠭ  ᠲᠤ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠬᠦᠨ ᠮᠧᠩ ᠯᠢᠩ ᠸᠧᠨ᠂ ᠬᠠᠨ ᠰᠢᠤᠸᠠᠢ ᠨᠠᠷ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠣᠯᠤᠨ ᠲᠡᠦᠭᠡᠨ ᠲᠤᠷᠰᠢᠯᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ᠂ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠶ ᠥᠩᠭᠡᠷᠡᠯᠲᠡ ᠪᠣᠯᠤᠨ ᠭᠡᠷᠡᠯ ᠰᠠᠴᠤᠷᠠᠩᠭᠤᠶ ᠠᠮᠵᠢᠯᠲᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠣᠯᠤᠨ ᠲᠡᠦᠭᠡᠨ ᠲᠤᠷᠰᠢᠯᠭ᠎ᠠ᠂ ᠲᠡᠦᠬᠡ ᠪᠠᠷ ᠲᠤᠯᠢ ᠪᠤᠯᠭᠠᠨ ᠢᠷᠡᠭᠡᠳᠦᠢ ᠶᠢ ᠨᠡᠭᠡᠭᠡᠬᠦ ᠦᠨᠳᠦᠰᠦᠨ ᠱᠠᠭᠠᠷᠳᠠᠯᠭ᠎ᠠ ᠵᠡᠷᠭᠡ ᠲᠦᠷᠪᠡᠨ ᠲᠠᠯ᠎ᠠ ᠶᠢ ᠭᠦᠨᠵᠡᠭᠡᠢ  ᠲᠠᠨᠢᠭᠤᠯᠬᠤ ᠶᠢᠨ ᠲᠤᠭᠤᠷᠢᠨ ᠳᠤ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃  ᠡᠨᠡ  ᠤᠳᠠᠭᠠᠨ ᠤ ᠤᠬᠠᠭᠤᠯᠭ᠎ᠠ ᠲᠠᠶᠢᠯᠤᠮᠵᠢ ᠶᠢᠨ ᠭᠤᠣᠯ ᠰᠡᠳᠦᠪ ᠨᠢ ᠢᠯᠡ ᠲᠣᠳᠣ᠂ ᠤᠳᠬ᠎ᠠ ᠰᠠᠨᠠᠭ᠎ᠠ ᠨᠢ ᠭᠦᠨ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠪᠦᠬᠦ ᠲᠠᠯ᠎ᠠ ᠶᠢᠨ ᠠᠮᠢᠳᠤᠯᠢᠭ ᠰᠠᠶᠢᠬᠠᠨ ᠨᠠᠮ ᠤᠨ ᠬᠢᠴᠢᠶᠡᠯ  ᠪᠤᠯᠤᠭᠰᠠᠨ ᠢᠶᠠᠷ ᠪᠠᠷᠠᠬᠤ ᠦᠭᠡᠢ ᠪᠠᠰᠠ ᠨᠢᠭᠡ  ᠤᠳᠠᠭᠠᠨ ᠤ ᠬᠦᠨ ᠭᠦᠨᠵᠡᠭᠡᠢ ᠦᠢᠯᠡᠳᠦᠯᠭᠡ ᠶᠢᠨ ᠵᠢᠯᠤᠭᠤᠳᠤᠯᠭ᠎ᠠ ᠪᠤᠯᠵᠠᠢ᠃ ᠥᠷᠭᠡᠨ ᠤᠯᠠᠨ ᠺᠠᠳ᠋ᠷ  ᠠᠵᠢᠯᠳᠠᠳ ︽ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ ᠥᠷᠭᠡᠳᠬᠡᠵᠦ᠂ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠭᠠᠷᠭᠠᠨ᠂  ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂  ᠠᠵᠢᠯ ᠢᠶᠠᠨ ᠠᠬᠢᠭᠤᠯᠤᠨ᠎ᠠ︾ ᠭᠡᠵᠦ ᠢᠯᠡᠳᠬᠡᠵᠡᠭᠡᠪᠡ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号