ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2022 ᠣᠨ ᠤ ᠠᠩᠬᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠡᠷᠬᠢᠯᠡᠪᠡ
ᠨᠡᠶᠢᠲᠡᠯᠡᠭᠰᠡᠨ ᠴᠠᠭ᠄
2022/1/16
1 ᠰᠠᠷ᠎ᠠ ᠶᠢᠨ 15 ᠤ ᠡᠳᠦᠷ᠂  ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2022 ᠣᠨ ᠤ ᠠᠩᠬᠠᠳᠤᠭᠠᠷ ᠤᠳᠠᠭᠠᠨ ᠤ  ᠲᠦᠪᠯᠡᠷᠡᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂  ᠶᠡᠷᠦᠩᠬᠡᠶ ᠰᠠᠶᠢᠳ ᠯᠢ ᠺᠧ ᠴᠢᠶᠠᠩ ᠤᠨ ᠣᠳᠣᠬᠠᠨ ᠤ ᠠᠵᠤ ᠠᠬᠤᠶ ᠶᠢᠨ ᠪᠠᠶᠢᠳᠠᠯ ᠢ ᠰᠤᠳᠤᠯᠤᠨ  ᠵᠠᠳᠠᠯᠵᠤ ᠳᠠᠷᠠᠭᠠᠴᠢ ᠶᠢᠨ ᠠᠯᠬᠤᠮ ᠤᠨ ᠠᠵᠤ ᠠᠬᠤᠶ ᠶᠢᠨ ᠠᠵᠢᠯ ᠢ ᠪᠠᠶᠢᠷᠢᠯᠠᠭᠤᠯᠬᠤ ᠳᠠᠭᠠᠨ ᠬᠡᠯᠡᠭᠰᠡᠨ ᠦᠭᠡ᠂  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠤᠨ ᠥᠷᠭᠡᠳᠬᠡᠭᠰᠡᠨ ᠬᠤᠷᠠᠯ  ᠲᠡᠭᠡᠷᠡᠬᠢ ᠱᠢ ᠲᠠᠢ ᠹᠧᠩ ᠱᠦᠵᠢ ᠶᠢᠨ ᠶᠠᠷᠢᠶ᠎ᠠ᠂ 2021 ᠣᠨ ᠤ 11 ᠰᠠᠷ᠎ᠠ ᠶᠢᠨ 4 ᠤ ᠡᠳᠦᠷ ᠤᠨ ᠠᠶᠢᠮᠠᠭ ᠤᠨ ᠨᠠᠮ ᠤᠨ  ᠬᠤᠷᠢᠶᠠᠨ ᠤ ᠬᠤᠷᠠᠯ ᠤᠨ ᠲᠣᠪᠴᠢ ᠲᠡᠮᠳᠡᠭᠯᠡᠯ ᠪᠠ  ᠶᠤᠤ ᠶᠦᠩ ᠪᠥᠸᠧ ᠨᠥᠬᠦᠷ ᠤᠨ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ  ᠂  ᠯᠦᠸᠧ ᠴᠢᠩ ᠨᠥᠬᠦᠷ ᠤᠨ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ᠂   ᠠᠶᠢᠮᠠᠭ ᠤᠨ ᠨᠠᠮ ᠤᠨ ᠬᠤᠷᠢᠶᠠᠨ ᠤ 2021 ᠣᠨ ᠤ 5 ᠳ᠋ᠤᠭᠠᠷ  ᠤᠳᠠᠭᠠᠨ ᠤ ︵ᠥᠷᠭᠡᠳᠬᠡᠭᠰᠡᠨ︶ ᠬᠤᠷᠠᠯ ᠳᠡᠭᠡᠷᠡᠬᠢ ᠶᠠᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠪᠠᠶᠢᠴᠠᠭᠠᠨ ᠵᠢᠯᠣᠭᠤᠳᠬᠤ ᠳᠤᠭᠤᠶᠢᠯᠠᠩ ᠤᠨ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ ᠶᠢ ᠲᠣᠭᠤᠷᠢᠨ ᠪᠠᠶᠢᠴᠠᠭᠠᠬᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠳᠡᠭᠡᠷᠡᠬᠢ ᠶᠠᠷᠢᠶ᠎ᠠ ᠂ ᠶᠡᠷᠦᠩᠬᠡᠢ ᠰᠠᠶᠢᠳ ᠯᠢ ᠺᠧ ᠴᠢᠶᠠᠩ ᠤᠨ ᠡᠨᠡ ᠡᠪᠦᠯ ᠢᠷᠡᠬᠦ ᠬᠠᠪᠤᠷ ᠤᠨ ᠴᠠᠬᠢᠯᠭᠠᠨ ᠬᠦᠴᠦᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠ ᠡᠨᠧᠷᠭᠢ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠶᠠᠷᠢᠶ᠎ᠠ ᠪᠣᠯᠤᠨ 2021 ᠣᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠤ ᠨᠡᠶᠢᠲᠡ ᠪᠠᠷ ᠢᠶᠠᠨ ᠰᠢᠨ᠎ᠡ ᠶᠢ ᠡᠭᠦᠳᠬᠦ  ᠠᠵᠢᠯᠯᠠᠭᠠᠨ ᠤ ᠭᠠᠷᠠᠭ ᠤᠨ ᠡᠬᠢᠯᠡᠯᠲᠡ ᠶᠢᠨ ᠶᠣᠰᠣᠯᠠᠯ ᠳᠡᠭᠡᠷᠡᠬᠢ  ᠶᠠᠷᠢᠶ᠎ᠠ᠂  ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ  ︽ᠰᠢᠨ᠎ᠡ ᠴᠠᠭ ᠦᠶ᠎ᠡ ᠶᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠬᠤ ᠲᠤᠬᠠᠶ ᠰᠠᠨᠠᠯ︾ ᠪᠠ  ︽ ᠢᠨᠲ᠋ᠧᠷ ᠰᠦᠯᠵᠢᠶ᠎ᠡ + ᠰᠤᠷᠭᠠᠨ ᠬᠥᠮᠦᠵᠢᠯ﹀ ᠤᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾  ᠂  ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠪᠣᠯᠤᠨ ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠳᠡᠭᠡᠷᠡᠬᠢ  ᠶᠠᠷᠢᠶ᠎ᠠ᠂  ᠱᠢ ᠲᠠᠢ ᠹᠧᠩ᠂ ᠸᠠᠩ ᠯᠢ ᠰᠢᠶᠠ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠯᠥᠪᠵᠢᠭᠦᠯᠭᠡ︾  ᠵᠡᠷᠭᠡ  ᠴᠢᠬᠤᠯᠠ ᠶᠠᠷᠢᠶ᠎ᠠ ᠴᠢᠬᠤᠯᠠ  ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠬᠦᠳ  ᠵᠢᠴᠢ ᠬᠤᠰᠢᠭᠤᠨ  ᠤ ᠳᠥᠷᠪᠡᠨ ᠶᠡᠭᠡ ᠤᠳᠤᠷᠢᠳᠬᠤ ᠪᠠᠭ ᠤᠨ ᠠᠯᠪᠠᠨ ᠬᠡᠷ ᠤᠨ ᠡᠷᠬᠢᠯᠡᠭᠴᠢ᠂  ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠢᠴᠢᠭᠡᠴᠢ ᠨᠡᠷ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号