ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠬᠦᠳ ︵ᠥᠷᠭᠡᠳᠬᠡᠭᠰᠡᠨ︶ ᠤᠨ 21 ᠳ᠋ᠤᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/1/16
1 ᠰᠠᠷ᠎ᠠ ᠶᠢᠨ 15 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ ᠠᠷᠪᠠᠨ ᠲᠠᠪᠤᠳᠤᠭᠠᠷ ᠬᠤᠭᠤᠴᠠᠭᠠᠨ ᠤ  ᠬᠤᠰᠢᠭᠤ ᠨᠠᠮ ᠤᠨ ᠬᠤᠷᠢᠶᠠᠨ ᠤ 21 ᠳ᠋ᠤᠭᠡᠷ ᠤᠳᠠᠭᠠᠨ ᠤ ᠪᠠᠶᠢᠩᠭᠤ ᠶᠢᠨ ᠭᠡᠰᠢᠭᠦᠳ ᠤᠨ ︵ᠥᠷᠭᠡᠳᠬᠡᠭᠰᠡᠨ︶ ᠬᠤᠷᠠᠯ ᠢ ᠡᠷᠭᠢᠯᠡᠨ  ᠬᠤᠷᠠᠯᠳᠤᠭᠤᠯᠵᠠᠢ᠃  ᠵᠣᠣ ᠹᠸᠢ ᠫᠧᠩ ᠬᠤᠷᠠᠯ ᠲᠡᠭᠡᠷ᠎ᠡ᠂ 2021 ᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ 2022 ᠣᠨ ᠤ ︽ᠬᠤᠶᠠᠷ ᠬᠤᠷᠠᠯ︾ ᠬᠦᠷᠲᠡᠯ᠎ᠡ᠂ ᠪᠢᠳᠡ ᠬᠤᠰᠢᠭᠤᠨ ᠤ ︽ᠳᠥᠷᠪᠡᠨ ᠶᠡᠭᠡ ᠤᠳᠤᠷᠢᠳᠬᠤ ᠪᠠᠭ︾ ᠪᠣᠯᠤᠨ ︽ᠨᠢᠭᠡ ᠵᠥᠪᠯᠡᠯ ᠬᠤᠶᠠᠷ  ᠬᠤᠷᠢᠶᠠᠨ︾  ᠤ ᠬᠤᠭᠤᠴᠠᠭ᠎ᠠ ᠰᠣᠯᠢᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠳᠤᠷᠢᠳᠬᠤ ᠪᠠᠭ ᠢ  ᠲᠤᠬᠢᠷᠠᠭᠤᠯᠤᠨ ᠲᠡᠬᠦᠯᠳᠡᠷᠵᠢᠬᠦᠯᠦᠭᠡᠳ᠂ ᠬᠥᠭᠵᠢᠯᠲᠡ ᠶᠢᠨ ᠵᠢᠷᠤᠭ ᠲᠥᠰᠦᠪ ᠢ ᠴᠦ ᠵᠢᠷᠤᠭᠯᠠᠭᠰᠠᠨ ᠪᠠᠶᠢᠨ᠎ᠠ᠃  ᠬᠤᠶᠢᠰᠢᠳᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠥᠭᠵᠢᠯᠲᠡ ᠶᠢᠨ ᠣᠷᠴᠢᠨ ᠨᠦᠬᠦᠴᠡᠯ ᠳᠤ ᠬᠠᠨᠳᠤᠵᠤ᠂ ᠣᠯᠠᠨ ᠢᠶᠠᠷ ᠢᠶᠠᠨ ᠤᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ  ᠴᠡᠭᠡᠵᠢᠯᠡᠵᠦ᠂ ᠳᠠᠭᠤᠷᠢᠶᠠᠯ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ︽ ᠵᠠᠮ ᠳᠠᠭᠠᠭᠤᠯᠤᠭᠴᠢ︾ ᠪᠣᠯᠬᠤ ᠮᠥᠷᠲᠡᠭᠡᠨ ᠪᠠᠰᠠ ︽ᠵᠠᠮ ᠬᠠᠶᠢᠭᠴᠢ︾ ᠪᠣᠯᠵᠣ᠂ ᠨᠠᠮ ᠪᠠ ᠠᠷᠠᠳ ᠲᠦᠮᠡᠨ ᠠᠴᠠ ᠪᠢᠳᠡᠨ ᠳᠤ ᠳᠠᠭᠠᠭᠠᠯᠭᠠᠭᠰᠠᠨ ᠡᠨᠡᠬᠦ ᠬᠦᠨᠳᠦ ᠬᠠᠷᠢᠭᠤᠴᠠᠯᠭ᠎ᠠ ᠶᠢ ᠡᠷᠡᠰ ᠡᠬᠦᠷᠭᠡᠯᠡᠨ᠂  ᠠᠯᠮᠠᠶᠢᠷᠠᠨ ᠬᠤᠶᠢᠷᠭᠤᠰᠢᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠪᠠ  ᠪᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠢ ᠲᠥᠷᠬᠦ ᠪᠠᠷ ᠡᠯ᠎ᠡ ᠲᠦᠷᠦᠯ ᠤᠨ ᠠᠵᠢᠯ ᠢᠶᠠᠨ ᠴᠢᠩᠭ᠎ᠠ ᠠᠳᠬᠤᠵᠤ  ᠪᠣᠳᠠᠲᠠᠶ ᠠᠳᠬᠤᠵᠤ  ᠪᠦᠳᠦᠮᠵᠢᠳᠡᠢ ᠠᠳᠬᠤᠵᠤ᠂ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ  ᠲᠠᠯᠠᠪᠠᠷ ᠨᠠᠩ ᠶᠡᠭᠡ ᠬᠤᠪᠢ ᠨᠡᠮᠡᠷᠢ ᠦᠵᠡᠬᠦᠯᠦᠨ᠂ ᠪᠥᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠨᠢᠭᠡ ᠬᠤᠪᠢ ᠬᠠᠨᠤᠮᠵᠢᠳᠠᠢ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ᠃ ︽ᠳᠥᠷᠪᠡᠨ ᠶᠡᠭᠡ ᠤᠳᠤᠷᠢᠳᠬᠤ ᠪᠠᠭ︾ ᠤᠨ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠪᠠ  ᠣᠷᠣᠨ᠂ ᠠᠶᠢᠮᠠᠭ ᠤᠨ ᠡᠯ᠎ᠡ ᠲᠦᠷᠦᠯ  ᠤᠨ ᠰᠢᠢᠳᠪᠦᠷᠢᠳᠦ  ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠪᠠᠷ ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠤᠯᠤᠰ ᠲᠥᠷᠥ ᠶᠢᠨ ᠴᠢᠭᠯᠡᠯ ᠢᠶᠠᠨ ᠪᠠᠲᠤᠳᠬᠠᠨ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠣᠶᠤᠨ ᠤᠬᠠᠭᠠᠨ ᠪᠠ ᠬᠦᠴᠦᠨ ᠴᠢᠳᠠᠯ  ᠢᠶᠠᠨ  ᠬᠠᠮᠳᠤᠳᠬᠠᠨ᠂ ᠬᠦᠴᠢᠷ ᠢ  ᠲᠠᠪᠠᠨ ᠡᠷᠡᠯᠬᠡᠭᠯᠡᠨ ᠤᠷᠤᠭᠰᠢᠯᠠᠵᠤ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠲᠠᠯ᠎ᠠ ᠪᠠᠷ ᠦᠨᠡᠨᠬᠦ ᠥᠯᠢᠭᠡᠷ ᠳᠠᠭᠤᠷᠢᠶᠠᠯ ᠪᠣᠯᠵᠣ᠂  ᠲᠠᠶᠢᠹᠤᠰᠧ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠬᠡᠵᠢᠬᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃  ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠲᠡᠭᠦᠨ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠬᠤᠶᠠᠷ ︽ᠵᠠᠭᠤᠨ ᠡᠳᠦᠷ ᠤᠨ ᠪᠤᠭᠤᠮᠳᠠ ᠰᠢᠪᠳᠤᠯᠬᠤ  ︾ ᠠᠵᠢᠯᠯᠠᠭ᠎ᠠ ᠶᠢ ᠪᠠᠶᠢᠩᠭᠤᠵᠢᠭᠤᠯᠤᠨ ᠠᠬᠢᠭᠤᠯᠬᠤ ᠴᠢᠬᠤᠯᠠ ᠠᠷᠭ᠎ᠠ  ᠪᠠᠷᠢᠯ ᠪᠤᠯᠭᠠᠨ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠡᠨ ᠬᠦ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠤᠳᠤᠷᠢᠳᠬᠤ ᠪᠠᠭ ᠤᠨ  ᠭᠡᠰᠢᠬᠦᠳ ᠡᠷᠭᠡᠪᠰᠢ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠨ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠤᠨ ᠡᠯ᠎ᠡ  ᠲᠦᠷᠦᠯ ᠤᠨ ᠱᠠᠭᠠᠷᠳᠠᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠡᠯ᠎ᠡ ᠲᠦᠷᠦᠯ ᠤᠨ ᠠᠵᠢᠯ ᠢ ᠰᠠᠶᠢᠨ ᠬᠢᠬᠦ ᠬᠡᠷᠡᠭᠲᠡᠶ ᠬᠡᠵᠦ ᠵᠢᠭᠠᠨ ᠭᠠᠷᠭᠠᠵᠠᠢ᠃ ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠠᠨ ᠷᠦᠢ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤ ᠳᠠᠷᠤᠭ᠎ᠠ ᠴᠧᠨ ᠶᠠᠨ ᠪᠦᠦ᠂   ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢ ᠵᠢᠦ ᠴᠧᠩ   ᠠᠴᠠ ᠲᠤᠰᠪᠤᠷᠢ ᠰᠢᠨ᠎ᠡ ᠨᠢᠭᠡ ᠬᠤᠭᠤᠴᠠᠭᠠᠨ ᠤ  ᠤᠳᠤᠷᠢᠳᠬᠤ ᠪᠠᠭ ᠢᠶᠠᠨ ᠲᠦᠯᠦᠭᠡᠯᠡᠵᠦ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠪᠥᠭᠡᠳ 2022 ᠣᠨ ᠤ ᠡᠯ᠎ᠡ  ᠲᠦᠷᠦᠯ ᠤᠨ ᠠᠵᠢᠯ ᠤᠨ ᠲᠤᠬᠠᠶ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠭᠡᠰᠢᠭᠦᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号