ᠲᠠᠶᠢᠹᠤᠰᠧ ᠬᠤᠰᠢᠭᠤ ᠳᠤᠮᠳᠠ ᠪᠠᠭ᠎ᠠ ᠠᠵᠤ ᠠᠬᠤᠶᠢᠯᠠᠯ ᠳᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ  ᠲᠤᠰᠬᠠᠢ ᠰᠡᠳᠦᠪᠲᠦ ᠤᠬᠠᠭᠤᠯᠭ᠎ᠠ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2022/1/18
 1 ᠰᠠᠷ᠎ᠠ ᠶᠢᠨ 16 ᠤ ᠡᠳᠦᠷ᠂  ᠲᠠᠶᠢᠹᠤᠰᠧ ᠬᠤᠰᠢᠭᠤ ᠳᠤᠮᠳᠠ ᠪᠠᠭ᠎ᠠ ᠠᠵᠤ ᠠᠬᠤᠶᠢᠯᠠᠯ ᠳᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠬᠤᠷᠠᠯ ᠬᠢᠵᠦ᠂  ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ᠂ ᠪᠥᠬᠦ ᠬᠤᠰᠢᠭᠤᠨ ᠤ ᠳᠤᠮᠳᠠ ᠪᠠᠭ᠎ᠠ ᠠᠵᠤ ᠠᠬᠤᠶᠢᠯᠠᠯ ᠤᠨ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠬᠤᠷᠠᠯ ᠳᠡᠭᠡᠷ᠎ᠡ᠂  ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ  ᠠᠴᠠ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠠ ᠲᠡᠤᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾ ᠶᠢᠨ ᠴᠠᠭ ᠦᠶ᠎ᠡ ᠶᠢᠨ ᠠᠬᠤᠶ ᠪᠠᠶᠢᠳᠠᠯ ᠵᠢᠴᠢ ᠠᠴᠢ ᠬᠤᠯᠪᠣᠭᠳᠠᠯ ᠤᠨ ᠲᠣᠭᠤᠷᠢᠨ ᠳᠤ ︽ᠰᠢᠢᠳᠪᠦᠷᠢ  ︾ ᠶᠢᠨ ᠪᠠᠶᠠᠯᠢᠭ ᠠᠭᠤᠯᠤᠭᠳᠠᠬᠤᠨ ᠪᠠ ᠰᠢᠨ᠎ᠡ ᠶᠢ ᠡᠭᠦᠳᠬᠦ ᠴᠡᠭ᠂ ᠰᠢᠨ᠎ᠡ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠵᠡᠷᠭᠡ ᠭᠤᠷᠪᠠᠨ ᠲᠠᠯ᠎ᠠ ᠶᠢ ᠪᠠᠷᠢᠵᠤ᠂ ᠢᠯᠡ ᠲᠣᠳᠣ ᠦᠵᠡᠯᠲᠡ᠂   ᠲᠦᠬᠦᠮ ᠤᠶᠢᠯᠠᠭᠠᠮᠵᠢᠳᠠᠢ ᠦᠭᠡ ᠬᠡᠯᠡᠯᠭᠡ ᠪᠠᠷ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠰᠢᠢᠳᠪᠦᠷᠢ︾ ᠶᠢ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠭᠰᠠᠨ ᠪᠠᠶᠢᠨ᠎ᠠ᠃ ᠬᠤᠷᠠᠯ ᠠᠴᠠ᠂ ᠡᠯ᠎ᠡ ᠳᠤᠮᠳᠠ ᠪᠠᠭ᠎ᠠ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠤᠰ ᠪᠡᠶ᠎ᠡ ᠶᠢᠨ ᠤᠯᠤᠰ ᠲᠦᠷᠦ ᠶᠢᠨ ᠡᠭᠡᠯᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠭᠠᠨ ᠴᠢᠩᠭ᠎ᠠ ᠠᠳᠬᠤᠵᠤ ᠪᠣᠳᠠᠲᠠᠢ ᠠᠳᠬᠤᠵᠤ ᠰᠠᠶᠢᠲᠤᠷ ᠠᠳᠬᠤᠵᠤ᠂ ᠨᠠᠮᠴᠢ ᠴᠢᠨᠠᠷ ᠤᠨ ᠪᠣᠯᠪᠠᠰᠤᠷᠠᠯ ᠪᠣᠯᠤᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠨ᠂ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ ᠬᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠢᠶᠠᠨ ᠭᠠᠳᠠᠭᠰᠢ ᠤᠬᠠᠭᠤᠯᠭ᠎ᠠ ᠶᠢ ᠴᠢᠩᠭᠠᠳᠬᠠᠬᠤ ᠶᠢᠨ ᠬᠠᠮᠳᠤ  ᠂ ᠤᠯᠤᠰ ᠲᠥᠷᠥ ᠶᠢᠨ ᠬᠤᠷᠢᠭ᠎ᠠ ᠱᠤᠭᠤᠮ ᠢ ᠰᠠᠬᠢᠨ᠂ ᠵᠥᠪ ᠲᠠᠯ᠎ᠠ ᠶᠢᠨ ᠤᠬᠠᠭᠤᠯᠭ᠎ᠠ ᠶᠢ ᠰᠠᠶᠢᠨ ᠬᠢᠵᠦ᠂ ᠬᠠᠮᠢᠶ᠎ᠠ ᠪᠥᠬᠦᠶ ᠤᠬᠠᠭᠤᠯᠭ᠎ᠠ ᠮᠡᠳᠡᠭᠡᠯᠡᠯ ᠤᠨ ᠲᠠᠩᠰᠠᠯᠠᠯᠠᠳᠠ ᠶᠢ ᠰᠠᠶᠢᠨ ᠬᠢᠵᠦ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠬᠦ ᠬᠤᠰᠢᠭᠤᠨ ᠤ ᠦᠵᠡᠯ ᠤᠬᠠᠮᠰᠠᠷ ᠤᠨ ᠬᠡᠯᠪᠡᠷᠢ ᠶᠢᠨ ᠶᠠᠷᠢᠶ᠎ᠠ ᠬᠡᠯᠡᠯᠴᠡᠭᠡᠨ ᠤ ᠠᠵᠢᠯ ᠤᠨ ᠲᠣᠭᠲᠠᠭᠤᠨ ᠢ ᠪᠠᠳᠤᠯᠠᠬᠤ ᠬᠡᠷᠡᠭᠲᠡᠶ ᠭᠡᠵᠦ ᠱᠠᠭᠠᠷᠳᠠᠵᠠᠢ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号