ᠵᠤᠤ ᠹᠸᠢ ᠫᠧᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/18
 1 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠵᠣᠣ ᠹᠸᠢ ᠫᠧᠩ  ᠴᠢᠶᠠᠨ ᠶᠢᠨ ᠭᠸᠦ ᠪᠠᠯᠭᠠᠰᠤᠨ ᠳᠤ ᠬᠦᠨᠵᠡᠬᠡᠶᠢᠷᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃  ᠵᠤᠤ ᠹᠸᠢ ᠫᠧᠩ ᠤᠷᠢᠳ ᠬᠤᠵᠢᠳ ᠴᠢᠶᠠᠨ ᠶᠢᠨ ᠭᠸᠤ ᠪᠠᠯᠭᠠᠰᠤᠨ ᠤ ᠰᠢ ᠳ᠋ᠡ ᠵᠢᠩ ᠲᠣᠰᠬᠤᠨ᠂  ᠴᠠᠪᠠᠨᠠᠭᠤᠷ ᠲᠣᠰᠬᠤᠨ ᠳᠤ ᠬᠦᠷᠦᠭᠡᠳ ᠠᠵᠢᠯ ᠤᠨ ᠳᠠᠩᠰᠠ ᠡᠪᠬᠡᠮᠡᠯ ᠢ ᠨᠠᠷᠢᠨ ᠨᠢᠮᠪᠠᠢ ᠪᠠᠶᠢᠴᠠᠭᠠᠨ ᠦᠵᠡᠵᠦ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ  ᠶᠢᠨ ᠠᠵᠢᠯ   ᠤᠨ ᠪᠠᠶᠢᠳᠠᠯ ᠢ ᠤᠶᠢᠯᠠᠭᠠᠨ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ᠂ ᠠᠵᠢᠯᠯᠠᠬᠤ ᠠᠩᠬᠢ  ᠶᠢᠨ ᠬᠡᠰᠢᠬᠦᠳ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠭᠰᠠᠨ ᠪᠠᠶᠢᠨ᠎ᠠ᠃ ᠵᠤᠤ ᠹᠸᠢ ᠫᠧᠩ᠂ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ  ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ  ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂  ᠠᠶᠢᠯ ᠡᠷᠤᠭᠡ ᠪᠠᠷ ᠲᠤᠭᠤᠷᠢᠨ ᠰᠤᠷᠪᠤᠯᠵᠢᠯᠠᠬᠤ ᠡᠷᠴᠢᠮ ᠢᠶᠠᠨ ᠤᠯᠠᠮ ᠴᠢᠩᠭᠠᠷᠠᠭᠤᠯᠤᠨ᠂ ᠬᠢᠨᠠᠨ ᠬᠡᠮᠵᠢᠬᠦ ᠡᠷᠤᠭᠡ ᠶᠢᠨ ᠨᠠᠷᠢᠨ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠡᠩ ᠪᠦᠷᠢᠨ ᠲᠡᠭᠦᠯᠳᠡᠷ ᠬᠠᠪᠰᠤᠷᠤᠨ ᠲᠡᠳᠬᠦᠬᠦ ᠲᠥᠯᠥᠪᠯᠡᠭᠡ ᠶᠢ ᠲᠤᠭᠳᠠᠭᠠᠨ᠂ ︽ᠡᠪᠡᠳᠴᠢᠨ ᠳᠤᠨᠢ ᠲᠠᠭᠠᠷᠠᠭᠤᠯᠵᠤ ᠡᠮ ᠥᠭᠬᠦ︾ ᠶᠢ ᠪᠠᠲᠤᠯᠠᠵᠤ᠂ ᠡᠯ᠎ᠡ ᠲᠦᠷᠦᠯ ᠤᠨ ᠬᠠᠪᠰᠤᠷᠤᠨ ᠲᠡᠳᠬᠦᠬᠦ ᠲᠦᠷᠤ ᠶᠢᠨ ᠪᠤᠳᠤᠯᠭ᠎ᠠ ᠶᠢ ᠭᠦᠢᠴᠡᠳ ᠪᠥᠭᠡᠳ ᠠᠮᠢᠳᠤᠯᠢᠭ ᠢᠶᠠᠷ ᠭᠡᠷᠡᠭᠯᠡᠨ᠂ ᠤᠯᠠᠨ ᠲᠦᠮᠡᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠶᠠᠳᠠᠭᠤᠷᠠᠬᠤ᠂ ᠲᠠᠬᠢᠨ ᠶᠠᠳᠠᠭᠤᠷᠠᠬᠤ ᠲᠦᠭᠰᠢᠭᠦᠷᠢ ᠶᠢ ᠠᠯᠬᠤᠮ ᠠᠯᠬᠤᠮ ᠢᠶᠠᠷ ᠠᠷᠢᠯᠭᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠨᠠᠷᠢᠨ ᠨᠢᠭᠲᠠ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠨ ᠬᠢᠵᠦ᠂ ᠣᠳᠣᠬᠠᠨ ᠤ ᠬᠥᠳᠡᠭᠡ ᠲᠣᠰᠬᠤᠨ ᠤ ᠣᠷᠣᠰᠢᠨ  ᠰᠠᠭᠤᠷᠢᠰᠢᠬᠤ ᠣᠷᠴᠢᠨ ᠲᠣᠭᠤᠷᠢᠨ ᠤ ᠴᠡᠭᠴᠡᠯᠡᠯᠳᠡ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠬᠤᠭ ᠨᠣᠪᠰᠢ ᠶᠢ ᠰᠢᠢᠳᠪᠦᠷᠢᠯᠡᠬᠦ᠂ ᠵᠣᠷᠯᠣᠩ ᠤᠨ ᠦᠬᠡᠷᠡᠴᠢᠯᠡᠯᠳᠡ᠂ ᠬᠥᠮᠦᠨ ᠮᠠᠯ ᠢ ᠰᠠᠯᠭᠠᠬᠤ ᠵᠡᠷᠭᠡ ᠲᠠᠯ᠎ᠠ ᠶᠢᠨ ᠠᠵᠢᠯ ᠢ ᠦᠨᠡᠨᠬᠦ  ᠰᠠᠶᠢᠨ ᠬᠢᠬᠦ ᠶᠢᠨ ᠬᠠᠮᠲᠤ᠂ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂  ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠰᠠᠶᠢᠲᠤᠷ ᠪᠠᠶᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠨᠢᠭᠲᠠ ᠬᠠᠮᠵᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂  ᠲᠦᠭᠰᠢᠭᠦᠷᠢ ᠲᠠᠢ ᠭᠠᠵᠠᠷ ᠣᠷᠣᠨ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠳᠡᠩᠰᠡᠯᠡᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠣᠷᠣᠰᠢᠵᠤ ᠪᠠᠶᠢᠭ᠎ᠠ ᠳᠠᠯᠳᠠ ᠬᠡᠮ ᠪᠠ ᠪᠠᠭᠤᠷᠠᠶ ᠲᠠᠯ᠎ᠠ ᠶᠢ ᠴᠠᠭ ᠲᠤᠬᠠᠶ ᠳᠤᠨᠢ ᠠᠷᠢᠯᠭᠠᠨ᠂  ᠡᠪᠡᠳᠴᠢᠨ ᠬᠢᠵᠢᠭ ᠣᠷᠣᠵᠤ ᠢᠷᠡᠬᠦ ᠶᠢ ᠡᠷᠡᠰ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ  ᠲᠦᠷᠦᠯ ᠤᠨ ᠠᠵᠢᠯ ᠢ ᠥᠴᠦᠬᠡᠨ ᠴᠦ ᠴᠠᠯᠠᠭᠠᠶᠢᠷᠠᠯ ᠥᠬᠡᠶ ᠪᠠᠷ ᠪᠣᠳᠠᠲᠠᠶ ᠠᠳᠬᠤᠨ ᠨᠠᠷᠢᠨ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠪᠠᠲᠤᠯᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠣᠣ ᠬᠠᠶ ᠯᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号