ᠲᠠᠶᠢᠹᠤᠰᠧ ᠬᠤᠰᠢᠭᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠭᠳᠠᠮᠠᠯ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2022/1/18
 1 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠴᠧᠨ ᠶᠠᠨ ᠪᠦᠦ 2022 ᠣᠨ ᠤ ᠪᠥᠬᠦ ᠬᠤᠰᠢᠭᠤᠨ ᠤ ᠠᠶᠤᠯᠭᠦᠶ  ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠪᠠ᠃ ᠴᠧᠨ ᠶᠠᠨ ᠪᠦᠦ ᠬᠤᠷᠠᠯ ᠲᠡᠭᠡᠷ᠎ᠡ ᠵᠢᠭᠠᠵᠤ ᠭᠠᠷᠭᠠᠬᠤ ᠳᠠᠭᠠᠨ᠂  ᠰᠠᠷ᠎ᠠ ᠰᠢᠨ᠎ᠡ ᠶᠢᠨ ᠪᠤᠱᠤᠭᠠᠨ ᠲᠡᠭᠡᠷ᠎ᠡ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠲᠦᠢᠯ ᠤᠨ ᠬᠦᠨᠳᠦ ᠨᠣᠴᠢᠲᠠᠶ ᠪᠠᠶᠢᠭ᠎ᠠ ᠪᠤᠯᠬᠤᠷ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠡᠷᠭᠡᠪᠰᠢ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠶᠡᠭᠡ ᠲᠠᠯ᠎ᠠ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠦᠨᠳᠦᠷᠴᠡ ᠠᠴᠠ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾  ᠠᠶᠤᠯᠬᠦᠢ ᠦᠢᠯᠡᠳᠪᠦᠷᠢᠯᠡᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠢ ᠬᠠᠲᠠᠭᠤ ᠡᠭᠦᠷᠭᠡ ᠪᠤᠯᠭᠠᠨ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠲᠣᠰ ᠬᠠᠷᠢᠶ᠎ᠠ ᠣᠷᠣᠨ᠂ ᠲᠣᠰ ᠠᠵᠢᠯ ᠲᠥᠷᠥᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠨᠢᠭᠡᠴᠡ ᠳᠤ  ᠠᠶᠤᠯᠬᠦᠢ ᠦᠶ᠋ᠯᠡᠳᠪᠦᠷᠢᠯᠡᠯ ᠤᠨ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠬᠦᠭᠵᠢᠯᠳᠡ ᠶᠢᠨ ᠤᠶᠢᠯᠠᠭᠠᠭᠳᠠᠬᠤᠨ ᠢ ᠪᠠᠲᠤ ᠪᠠᠬᠢ ᠪᠣᠶ ᠪᠤᠯᠭᠠᠵᠤ᠂ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢ ᠰᠡᠳᠬᠢᠯ ᠳᠡᠭᠡᠨ ᠡᠭᠦᠷᠭᠡᠯᠡᠵᠦ᠂ ᠪᠡᠶ᠎ᠡ ᠳᠡᠭᠡᠨ ᠡᠭᠦᠷᠭᠡᠯᠡᠵᠦ᠂  ᠠᠵᠢᠯᠯᠠᠭ᠎ᠠ ᠲᠡᠭᠡᠷ᠎ᠡ ᠪᠠᠨ ᠦᠢᠯᠡᠳᠦᠯᠬᠡᠵᠢᠬᠦᠯᠬᠦ ᠬᠡᠷᠡᠭᠲᠡᠶ ᠬᠡᠵᠡᠢ᠃  ᠴᠧᠨ ᠶᠠᠨ ᠪᠦᠦ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠲᠤᠬᠠᠢ  ᠲᠠᠬᠢᠨᠳᠠ ᠪᠠᠶᠢᠷᠢᠯᠠᠭᠤᠯᠤᠯᠲᠠ ᠬᠢᠵᠦ  ᠲᠠᠬᠢᠨᠳᠠ  ᠱᠠᠭᠠᠷᠳᠠᠯᠭ᠎ᠠ ᠲᠠᠯᠪᠢᠭᠰᠠᠨ ᠪᠠᠶᠢᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠦᠴᠢᠷ᠂ ᠰᠤᠮᠤ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ︽ᠲᠠᠶᠢᠹᠤᠰᠧ ᠬᠤᠰᠢᠭᠤᠨ ᠤ ᠤᠬᠠᠭᠤᠯᠭ᠎ᠠ︾ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号