ᠶᠦᠩ ᠹᠧᠩ ᠪᠠᠯᠭᠠᠰᠤ᠄ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ  ᠡᠷᠡᠮᠡᠬᠡᠶᠢᠯᠡᠨ ᠤᠷᠤᠭᠰᠢᠯᠠᠬᠤ ᠬᠦᠴᠦᠨ ᠴᠢᠳᠠᠯ ᠢ ᠨᠢᠭᠲᠠᠷᠠᠭᠤᠯᠤᠨ᠎ᠠ
ᠨᠡᠶᠢᠲᠡᠯᠡᠭᠰᠡᠨ ᠴᠠᠭ᠄
2022/1/18
 ᠤᠢᠢᠷ᠎ᠠ ᠶᠢᠨ ᠡᠳᠦᠷ ᠤᠳ ᠲᠤ᠂ ᠲᠠᠶᠢᠹᠦᠰᠧ ᠬᠤᠰᠢᠭᠤᠨ ᠤ  ᠶᠦᠩ ᠹᠧᠩ ᠪᠠᠯᠭᠠᠰᠤᠨ ᠤ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠤᠶᠢᠯᠠᠭᠠᠵᠤ ᠪᠣᠳᠠᠲᠠᠢ ᠳᠤ  ᠨᠠᠶᠢᠳᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠠᠨ ᠲᠦᠮᠡᠨ ᠤ ᠰᠤᠷᠤᠯᠴᠠᠬᠤ ᠳᠤ ᠬᠢᠯᠪᠡᠷ ᠣᠶᠢᠯᠠᠭᠠᠬᠤ ᠳᠤ ᠲᠦᠭᠦᠮ ᠠᠷᠭ᠎ᠠ ᠪᠠᠷ ᠨᠠᠮ ᠤᠨ ᠲᠠᠭᠤᠨ ᠢ ᠲᠦᠭ ᠲᠦᠮᠡᠨ ᠠᠶᠢᠯ ᠡᠷᠦᠭᠡ ᠳᠤ ᠳᠠᠮᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠵᠤ ᠪᠠᠶᠢᠨ᠎ᠠ᠃ ᠡᠯ᠎ᠡ ᠲᠣᠰᠬᠤᠨ ᠤ ᠨᠠᠮ ᠤᠨ ᠡᠭᠦᠷ ᠨᠢ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠰᠤᠳᠤᠯᠤᠨ ᠶᠠᠷᠢᠯᠴᠠᠬᠤ ᠬᠤᠷᠠᠯ ᠵᠡᠷᠭᠡ ᠶᠢ ᠡᠷᠬᠢᠯᠡᠬᠦ ᠪᠠᠷ ᠲᠠᠮᠵᠢᠨ᠂  ᠰᠤᠷᠤᠯᠴᠠᠯᠭ᠎ᠠ ᠶᠢᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂  ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂  ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠵᠢᠷᠦᠬᠡᠨ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠪᠤᠢ᠃  ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠦᠨ ᠬᠠᠶ ᠹᠧᠩ᠄ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ  ᠲᠡᠦᠭᠡᠨ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠭᠰᠡᠨ ᠪᠦᠬᠡᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠠᠵᠢᠯᠯᠠᠭᠠᠨ ᠤ ᠵᠦᠭᠯᠡᠭᠦᠷ ᠬᠠᠩᠭᠠᠵᠤ᠂ ᠠᠤᠭ᠎ᠠ ᠶᠡᠭᠡ ᠵᠢᠷᠤᠭ ᠲᠥᠯᠥᠪᠯᠡᠭᠡ ᠶᠢ ᠵᠢᠷᠤᠭᠯᠠᠭᠰᠠᠨ ᠪᠠᠶᠢᠨ᠎ᠠ᠃ ᠦᠨᠳᠦᠰᠦᠨ ᠱᠠᠲᠤᠨ ᠤ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ ᠪᠢ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠵᠣᠷᠢᠭ ᠰᠠᠨᠠᠭᠠᠨ ᠤ ᠮᠥᠨ ᠴᠢᠨᠠᠷ ᠢ ᠨᠡᠪᠳᠡᠷᠡᠳᠡᠯ᠎ᠠ  ᠤᠶᠢᠯᠠᠭᠠᠨ᠂ ᠭᠤᠣᠯ ᠴᠢᠬᠤᠯᠠ ᠠᠭᠤᠯᠭ᠎ᠠ ᠶᠢ ᠡᠵᠡᠮᠳᠡᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂  ᠨᠡᠩ ᠡᠷᠡᠰ ᠵᠣᠷᠢᠭ᠂ ᠨᠡᠩ ᠰᠢᠯᠢᠳᠡᠭ ᠰᠤᠷᠲᠠᠯ᠂ ᠨᠡᠩ ᠪᠠᠲᠤᠲᠠᠢ ᠠᠵᠢᠯ ᠢᠶᠠᠷ ᠢᠶᠠᠨ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠰᠢᠨ᠎ᠡ ᠠᠶᠠᠨ ᠳᠠᠭᠠᠨ ᠰᠢᠨ᠎ᠡ ᠪᠠᠶᠢᠳᠠᠯ ᠳᠤ ᠵᠣᠬᠢᠴᠠᠵᠤ᠂ ᠰᠢᠨ᠎ᠡ ᠡᠭᠦᠷᠭᠡᠯᠡᠯ ᠢ ᠪᠤᠳᠠᠳᠠᠶᠢᠵᠢᠭᠤᠯᠤᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠰᠬᠦᠯᠡᠩᠲᠦ ᠲᠠᠩᠰᠤᠭ᠂ ᠪᠠᠶᠠᠨ ᠴᠢᠨᠡᠭᠡᠯᠢᠭ᠂ ᠡᠶ᠎ᠡ ᠵᠣᠬᠢᠴᠠᠩᠭᠤᠢ᠂ ᠪᠣᠯᠪᠠᠰᠤᠨ ᠰᠠᠶᠢᠬᠠᠨ ᠶᠦᠩ ᠹᠧᠩ ᠪᠠᠯᠭᠠᠰᠤ ᠶᠢ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ  ᠡᠷᠬᠦᠨ᠎ᠡ︾  ᠬᠡᠵᠦ  ᠢᠯᠡᠷᠭᠡᠶᠢᠯᠡᠵᠡᠢ᠃ ᠳᠠᠷᠠᠭᠠᠴᠢ ᠶᠢᠨ ᠠᠯᠬᠤᠮ ᠳᠤ᠂ ᠶᠦᠩ ᠹᠧᠩ  ᠪᠠᠯᠭᠠᠰᠤ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂   ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠰᠤᠳᠤᠯᠬᠤ ᠶᠢ ᠦᠷᠭᠦᠯᠵᠢᠯᠡᠨ ᠬᠦᠨᠵᠡᠭᠡᠶᠢᠷᠡᠬᠦᠯᠵᠦ᠂  ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢᠶᠠᠨ ᠬᠦᠳᠦᠯᠦᠨ ᠵᠢᠯᠣᠭᠤᠳᠴᠤ ᠪᠠᠶᠢᠭᠠᠳ ᠪᠦᠬᠦᠳᠡ ᠬᠤᠷᠠᠯ ᠤᠨ ᠭᠤᠣᠯ ᠴᠢᠬᠤᠯᠠ ᠠᠭᠤᠯᠭ᠎ᠠ ᠶᠢ ᠤᠯᠠᠮ ᠴᠢᠨᠠᠭᠰᠢᠳᠠ  ᠡᠵᠡᠮᠰᠢᠬᠦᠯᠦᠨ ᠣᠶᠢᠯᠠᠭᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ   ᠳᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ  ᠦᠢᠯᠡᠳᠦᠯᠬᠡᠵᠢᠬᠦᠯᠦᠨ᠂ ᠡᠯ᠎ᠡ  ᠲᠦᠷᠦᠯ ᠤᠨ ᠠᠵᠢᠯ ᠦᠢᠯᠡᠰ ᠤᠨ ᠰᠢᠨ᠎ᠡ ᠬᠠᠭᠤᠳᠠᠰᠤ ᠶᠢ ᠴᠢᠷᠮᠠᠶᠢᠨ ᠡᠭᠦᠳᠬᠦ   ᠪᠠᠷ ᠪᠠᠶᠢᠨ᠎ᠠ᠃
 
ᠢᠷᠡᠯᠲᠡ᠄ ᠶᠦᠩ ᠹᠧᠩ ᠪᠠᠯᠭᠠᠰᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号