ᠯᠢ ᠱᠤᠤ ᠯᠢᠨ
ᠨᠡᠶᠢᠲᠡᠯᠡᠭᠰᠡᠨ ᠴᠠᠭ᠄
2022/1/19
    ᠯᠢ ᠱᠤᠤ ᠯᠢᠨ᠂ ᠡᠷᠡᠭᠳᠡᠢ᠂ ᠬᠢᠳᠠᠳ ᠦᠨᠳᠦᠰᠦᠳᠡᠨ᠂ 1964 ᠤᠨ ᠤ 8 ᠰᠠᠷ᠎ᠠ ᠳᠤ ᠲᠦᠷᠦᠪᠡ᠂ ᠤᠭ ᠨᠤᠳᠤᠭ ᠦᠪᠦᠷ ᠮᠤᠩᠭᠤᠯ ᠤᠨ ᠲᠠᠶᠢᠹᠤᠰᠧ ᠬᠤᠰᠢᠭᠤ᠂ 1989 ᠤᠨ ᠤ 1 ᠰᠠᠷ᠎ᠠ ᠳᠤ ᠠᠵᠢᠯ ᠳᠤ ᠭᠠᠷᠴᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠬᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃ ᠲᠠᠶᠢᠹᠤᠰᠧ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ  ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠲᠡᠳ᠋ ᠡᠷᠬᠢᠯᠡᠭᠴᠢ ᠶᠢᠨ ᠲᠤᠰᠢᠶᠠᠯ ᠢ ᠡᠬᠦᠷᠭᠡᠯᠡᠵᠦ ᠪᠤᠢ᠃    ᠡᠷᠬᠢᠯᠡᠭᠴᠢ ᠳᠤ ᠬᠠᠪᠰᠤᠷᠤᠨ ᠨᠠᠮ ᠤᠨ ᠠᠵᠢᠯ ᠢ ᠬᠠᠷᠢᠭᠤᠴᠠᠵᠤ᠂ ᠰᠤᠶᠤᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠠᠷᠠᠳ ᠤᠨ ᠶᠠᠪᠤᠳᠠᠯ ᠬᠠᠷᠢᠶᠠᠳᠤ ᠶᠢᠨ ᠠᠵᠢᠯ ᠤᠨ ᠵᠦᠪᠯᠡᠯ᠂ ᠠᠵᠢᠯᠳᠠᠨ ᠤ ᠶᠠᠪᠤᠳᠠᠯ ᠰᠤᠩᠭᠤᠭᠤᠯᠢ ᠶᠢᠨ ᠠᠵᠢᠯ ᠤᠨ ᠵᠦᠪᠯᠡᠯ ᠢ ᠬᠤᠪᠢᠳᠠᠨ ᠬᠠᠮᠢᠶᠠᠷᠤᠨ᠎ᠠ᠃    ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ᠂ ᠰᠤᠷᠭᠠᠨ ᠬᠦᠮᠦᠵᠢᠯ᠂ ᠰᠤᠶᠤᠯ ᠲᠠᠮᠢᠷ ᠷᠠᠳᠢᠤ᠋ ᠲᠧᠯᠸᠢᠰ ᠵᠢᠭᠤᠯᠴᠢᠯᠠᠯ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ᠂ ᠠᠷᠠᠳ  ᠤᠨ ᠠᠭᠠᠷ ᠤᠨ ᠰᠡᠷᠭᠡᠶᠢᠯᠡᠯᠳᠡ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠭᠤᠯᠭ᠎ᠠ ᠶᠢᠨ ᠮᠦᠩᠬᠦ᠂ ᠤᠷᠴᠢᠨ ᠲᠤᠭᠤᠷᠢᠨ ᠤ ᠬᠠᠮᠠᠭᠠᠯᠠᠯᠳᠠ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ᠂ ᠰᠢᠤᠳᠠᠨ᠂ ᠴᠠᠬᠢᠯᠭᠠᠨ ᠬᠦᠴᠦᠨ᠂ ᠡᠷᠡᠬᠦᠯ ᠬᠠᠮᠠᠭᠠᠯᠠᠯ ᠡᠷᠡᠬᠦᠯ ᠮᠡᠨᠳᠦ᠂ ᠡᠮᠴᠢᠯᠡᠭᠡᠨ  ᠤ ᠪᠠᠳᠤᠯᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠬᠡ ᠤᠷᠤᠨᠴᠢ ᠡᠷᠡᠬᠦᠯ ᠬᠠᠮᠠᠭᠠᠯᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠪᠤᠤᠴᠠᠩ ᠪᠠᠯᠭᠠᠰᠤ᠂ ᠬᠤᠩ ᠴᠢ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠵᠢᠭᠠᠨ ᠵᠢᠯᠤᠭᠤᠳᠤᠨ᠎ᠠ᠃    ᠬᠠᠷᠢᠯᠴᠠᠬᠤ ᠨᠢᠭᠡᠴᠡ᠄ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠤᠷᠳᠤᠨ ᠤ ᠠᠯᠪᠠᠨ ᠭᠡᠷ᠂ ᠤᠬᠠᠭᠤᠯᠬᠤ ᠭᠡᠯᠳᠡᠰ᠂ ᠨᠠᠮ ᠤᠨ ᠰᠤᠷᠭᠠᠭᠤᠯᠢ᠂ ᠲᠠᠩᠰᠠ ᠡᠪᠬᠡᠮᠡᠯ ᠲᠡᠦᠬᠡ ᠤᠶᠢᠯᠠᠯᠭ᠎ᠠ ᠶᠢᠨ ᠤᠷᠳᠤᠨ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠦᠪᠯᠡᠯ᠂ ᠤᠯᠠᠭᠠᠨ ᠵᠠᠭᠠᠯᠮᠠᠶᠢᠳᠠᠨ  ᠤ ᠨᠡᠶᠢᠭᠡᠮᠯᠢᠭ᠃
 
ᠢᠷᠡᠯᠲᠡ᠄ ᠲᠠᠶᠢᠹᠤᠰᠧ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号